ᠮᠠᠨ ᠤ ᠠᠶᠢᠮᠠᠭ ᠵᠠᠳᠠᠭᠠᠢ ᠠᠭᠤᠷᠬᠠᠢ ᠶᠢᠨ ᠤᠷᠴᠢᠨ ᠲᠤᠭᠤᠷᠢᠨ ᠤ ᠵᠠᠰᠠᠯᠳᠠ ᠶᠢᠨ ᠠᠵᠢᠯ ᠢ ᠬᠦᠴᠦᠯᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2021/10/19
    ᠡᠨᠡ ᠵᠢᠯ ᠠᠴᠠ ᠨᠠᠰᠢ᠂ ᠮᠠᠨ ᠤ ᠠᠶᠢᠮᠠᠭ ᠵᠠᠳᠠᠭᠠᠢ ᠠᠭᠤᠷᠬᠠᠢ ᠶᠢᠨ ᠤᠷᠴᠢᠨ ᠲᠤᠭᠤᠷᠢᠨ ᠤ ᠵᠠᠰᠠᠯᠳᠠ ᠶᠢᠨ ᠠᠵᠢᠯ ᠢ ᠦᠷᠬᠦᠯᠵᠢᠯᠠᠨ ᠠᠳᠬᠤᠵᠤ᠂ ᠵᠠᠰᠠᠯᠳᠠ ᠶᠢᠨ ᠠᠵᠢᠯ ᠢᠯᠡᠷᠭᠡᠢ ᠦᠷ᠎ᠠ ᠪᠦᠲᠦᠮᠵᠢ ᠤᠯᠵᠠᠢ᠃ ᠤᠳᠤᠬᠠᠨ ᠪᠤᠯᠳᠠᠯ᠎ᠠ᠂ ᠪᠦᠬᠦ ᠠᠶᠢᠮᠠᠭ ᠤᠨ ᠵᠠᠳᠠᠭᠠᠢ ᠠᠭᠤᠷᠬᠠᠢ ᠶᠢᠨ ᠵᠠᠰᠠᠯᠳᠠ ᠳᠤ ᠨᠢᠭᠡᠨᠲᠡ 4.66 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠰᠡᠷᠬᠦᠭᠡᠨ ᠵᠠᠰᠠᠭᠰᠠᠨ ᠲᠠᠯᠠᠪᠠᠢ 37.64 ᠬᠠᠪᠳᠠᠭᠠᠢ ᠳᠦᠷᠪᠡᠯᠵᠢᠨ ᠺᠢᠯᠤᠮᠧᠲᠷ ᠬᠦᠷᠴᠤ᠂ ᠵᠠᠰᠠᠯᠳᠠ ᠶᠢᠨ ᠪᠡᠯᠡ ᠤᠷᠤᠭᠤᠯᠤᠯᠳᠠ ᠪᠠ ᠵᠠᠰᠠᠯᠳᠠ ᠶᠢᠨ ᠲᠠᠯᠠᠪᠠᠢ ᠴᠦᠮ ᠨᠢᠳᠤᠨᠤᠨ ᠤ ᠪᠦᠬᠦ ᠵᠢᠯ ᠤᠨ ᠭᠡᠮᠵᠢᠶ᠎ᠠ ᠠᠴᠠ ᠲᠠᠪᠠᠵᠤ᠂ ᠦᠪᠡᠷᠲᠡᠭᠡᠨ ᠵᠠᠰᠠᠬᠤ ᠤᠷᠤᠨ ᠤ ᠨᠢᠭᠡᠲᠦᠭᠡᠷ ᠪᠠᠶᠢᠷᠢᠨ ᠳᠤ ᠵᠢᠭᠰᠠᠭᠠᠭᠳᠠᠪᠠ᠃     ᠤᠳᠤᠬᠠᠨ ᠳᠤ ᠪᠦᠬᠦ ᠠᠶᠢᠮᠠᠭ ᠲᠤ 366 ᠠᠭᠤᠷᠬᠠᠢ ᠪᠠᠶᠢᠵᠤ᠂ ᠡᠬᠦᠨ ᠳᠤ ᠵᠠᠳᠠᠭᠠᠢ ᠠᠭᠤᠷᠬᠠᠢ 220 ᠪᠠᠶᠢᠵᠤ᠂ ᠪᠦᠬᠦ ᠠᠭᠤᠷᠬᠠᠢ ᠶᠢᠨ 60%᠎ ᠶᠢ ᠡᠵᠡᠯᠡᠵᠤ᠂ ᠵᠠᠳᠠᠭᠠᠢ ᠠᠭᠤᠷᠬᠠᠢ ᠨᠢ ᠠᠮᠢ ᠠᠬᠤᠢ ᠤᠷᠴᠢᠨ ᠲᠤᠭᠤᠷᠢᠨ ᠳᠤ ᠡᠪᠳᠡᠯᠡᠭᠡ ᠶᠡᠭᠡ ᠪᠠᠶᠢᠳᠠᠯ ᠳᠤ ᠴᠢᠭᠯᠡᠭᠦᠯᠵᠦ᠂ ᠮᠠᠨ ᠤ ᠠᠶᠢᠮᠠᠭ ︽2020 ᠤᠨ ᠤ ᠰᠡᠬᠦᠯᠴᠢ ᠪᠤᠯᠳᠠᠯ᠎ᠠ ᠪᠤᠢ ᠪᠦᠬᠦᠢ ᠵᠠᠳᠠᠭᠠᠢ ᠨᠡᠬᠦᠷᠡᠰᠤᠨ ᠠᠭᠤᠷᠬᠠᠢ ᠶᠢ ᠤᠯᠤᠰ ᠤᠨ ᠲᠠᠰ ᠤᠨ ᠪᠤᠬᠢᠷᠲᠦᠯ ᠦᠭᠡᠢ ᠠᠭᠤᠷᠬᠠᠢ ᠶᠢᠨ ᠤᠷᠤᠨ ᠤ ᠨᠠᠷᠠᠰ ᠲᠤ ᠡᠷᠡᠮᠡᠯᠵᠡᠬᠦ ᠨᠦᠬᠦᠴᠡᠯ ᠳᠤ ᠬᠦᠷᠭᠡᠵᠤ᠂ ᠪᠤᠰᠤᠳ ᠨᠡᠬᠦᠷᠡᠰᠤᠨ ᠤ ᠪᠤᠰᠤ ᠵᠠᠳᠠᠭᠠᠢ ᠠᠭᠤᠷᠬᠠᠢ ᠶᠢ ᠦᠪᠡᠷᠲᠡᠭᠡᠨ ᠵᠠᠰᠠᠬᠤ ᠤᠷᠤᠨ ᠤ ᠲᠠᠰ ᠤᠨ ᠪᠤᠬᠢᠷᠲᠦᠯ ᠦᠭᠡᠢ ᠠᠭᠤᠷᠬᠠᠢ ᠶᠢᠨ ᠤᠷᠤᠨ ᠤ ᠨᠠᠷᠠᠰ ᠲᠤ ᠡᠷᠡᠮᠡᠯᠵᠡᠬᠦ ᠨᠦᠬᠦᠴᠡᠯ ᠳᠤ ᠬᠦᠷᠭᠡᠬᠦ︾ ᠬᠠᠷᠠᠯᠳᠠ ᠡᠬᠦᠷᠭᠡ ᠶᠢ ᠲᠤᠭᠳᠠᠭᠠᠵᠠᠢ︔ 2023 ᠤᠨ ᠪᠤᠯᠳᠠᠯ᠎ᠠ᠂ ᠪᠤᠢ ᠪᠦᠬᠦᠢ ᠠᠭᠤᠷᠬᠠᠢ ᠶᠢᠨ ᠦᠢᠯᠡᠰ ᠤᠨ ᠡᠷᠭᠡ ᠶᠢᠨ ᠬᠤᠭᠤᠴᠠᠭ᠎ᠠ ᠳᠤ ᠪᠠᠶᠢᠭ᠎ᠠ ᠠᠭᠤᠷᠬᠠᠢ ᠶᠢᠨ ᠤᠷᠤᠨ ᠢ ᠪᠦᠬᠦᠨ ᠢ ᠤᠯᠤᠰ ᠤᠨ ᠲᠠᠰ ᠤᠨ ᠪᠤᠬᠢᠷᠲᠦᠯ ᠦᠭᠡᠢ ᠠᠭᠤᠷᠬᠠᠢ ᠶᠢᠨ ᠤᠷᠤᠨ ᠪᠤᠯᠭᠠᠨ ᠪᠦᠳᠦᠭᠡᠨ ᠪᠠᠶᠢᠭᠤᠯᠵᠤ᠂ ᠦᠪᠡᠷᠲᠡᠭᠡᠨ ᠵᠠᠰᠠᠬᠤ ᠤᠷᠤᠨ ᠤ ᠬᠠᠷᠠᠯᠳᠠ ᠠᠴᠠ ᠤᠷᠢᠳᠴᠢᠯᠠᠨ ᠬᠤᠶᠠᠷ ᠵᠢᠯ ᠤᠨ ᠡᠮᠦᠨ᠎ᠡ  ᠪᠡᠶᠡᠯᠡᠭᠦᠯᠦᠨ᠎ᠡ᠃ ᠡᠬᠦᠨ ᠤ ᠬᠠᠮᠳᠤ ᠪᠦᠬᠦ ᠠᠶᠢᠮᠠᠭ ᠤᠨ 220 ᠵᠠᠳᠠᠭᠠᠢ ᠠᠭᠤᠷᠬᠠᠢ ᠶᠢ ᠤᠯᠤᠰ ᠤᠨ ᠲᠠᠰ ᠤᠨ ᠪᠤᠬᠢᠷᠲᠦᠯ ᠦᠭᠡᠢ ᠠᠭᠤᠷᠬᠠᠢ ᠶᠢᠨ ᠤᠷᠤᠨ ᠤ ᠪᠦᠲᠦᠭᠡᠨ ᠪᠠᠶᠢᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ︽ᠠᠭᠤᠷᠬᠠᠢ ᠶᠢᠨ ᠤᠷᠤᠨ ᠤ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠤ ᠬᠠᠮᠠᠭᠠᠯᠠᠯᠳᠠ ᠪᠠ ᠭᠠᠵᠠᠷ ᠰᠢᠷᠦᠢ ᠶᠢ ᠰᠡᠷᠭᠦᠭᠡᠨ ᠵᠠᠰᠠᠬᠤ ᠲᠦᠰᠦᠯ︾᠎ ᠢ ᠰᠢᠨ᠎ᠠ ᠪᠠᠷ ᠨᠠᠶᠢᠷᠠᠭᠤᠯᠤᠨ ᠲᠤᠭᠳᠠᠭᠠᠬᠤ ᠶᠢ ᠱᠠᠯᠠᠪᠳᠠᠭᠤᠯᠵᠤ᠂ ᠵᠠᠰᠠᠯᠳᠠ ᠶᠢᠨ ᠪᠠᠷᠢᠮᠵᠢᠶ᠎ᠠ ᠶᠢ ᠤᠯᠠᠮ ᠲᠡᠭᠡᠭᠰᠢᠯᠡᠬᠦᠯᠵᠡᠢ᠃     ᠵᠠᠳᠠᠭᠠᠶ ᠠᠭᠤᠷᠬᠠᠢ ᠶᠢᠨ ᠣᠷᠴᠢᠨ ᠲᠣᠭᠤᠷᠢᠨ ᠢ  ᠵᠠᠰᠠᠬᠤ ᠠᠵᠢᠯ ᠢ ᠲᠦᠯᠬᠢᠨ ᠠᠬᠢᠭᠤᠯᠬᠤ ᠳᠤᠮᠳᠠ᠂ ᠮᠠᠨ ᠎ ᠤ ᠠᠶᠢᠮᠠᠭ ᠢᠳᠡᠪᠬᠢᠲᠠᠢ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠠᠵᠢᠯ ᠤᠨ ᠠᠭᠤᠷ ᠠᠮᠢᠰᠬᠤᠯ ᠢ ᠪᠤᠢ ᠪᠣᠯᠭᠠᠵᠠᠢ᠃  ᠡᠷᠢᠶᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠲᠤᠰᠬᠠᠢ ᠠᠵᠢᠯᠯᠠᠬᠤ ᠲᠤᠭᠤᠢᠢᠯᠠᠩ ᠪᠠᠶᠢᠭᠤᠯᠵᠦ᠂ ᠠᠭᠤᠷᠬᠠᠢ ᠶᠢᠨ ᠤᠷᠤᠨ ᠳᠤ ᠬᠦᠨᠵᠡᠬᠡᠶᠢᠷᠡᠨ ᠵᠠᠰᠠᠯᠳᠠ ᠶᠢᠨ ᠠᠵᠢᠯ ᠢ ᠱᠠᠯᠠᠪᠳᠠᠭᠤᠯᠤᠨ᠂ ᠠᠭᠤᠷᠬᠠᠢ ᠶᠢᠨ ᠤᠷᠤᠨ ᠤ ᠵᠠᠰᠠᠯᠳᠠ ᠶᠢᠨ ᠠᠵᠢᠯ ᠢ ᠡᠳᠤᠷ ᠪᠦᠷᠢ ᠳᠤᠬᠢᠷᠠᠭᠤᠯᠤᠨ ᠵᠤᠬᠢᠴᠠᠭᠤᠯᠵᠦ ᠪᠤᠢ᠂ ᠰᠢᠯᠤᠭᠤᠨ ᠬᠦᠬᠡ ᠬᠤᠰᠢᠭᠤ ᠨᠢ ᠠᠵᠦ ᠠᠬᠤᠢᠢᠯᠠᠯ ᠤᠨ ᠵᠠᠰᠠᠯᠳᠠ ᠶᠢᠨ ᠠᠵᠢᠯ ᠢ ᠡᠳᠦᠷ ᠲᠤ ᠨᠢᠭᠡ ᠬᠠᠷᠢᠭᠤ ᠮᠡᠳᠡᠬᠦᠯᠵᠦ᠂ ᠬᠢᠨᠠᠯᠳᠠ ᠲᠠᠯᠪᠢᠬᠤ ᠨᠢᠭᠡᠴᠡ ᠭᠤᠷᠪᠠᠨ ᠡᠳᠦᠷ ᠲᠤ ᠨᠢᠭᠡ ᠲᠤᠭᠤᠷᠢᠨ ᠪᠠᠶᠢᠴᠠᠭᠠᠵᠦ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠲᠤᠯᠤᠭᠠᠨ ᠡᠳᠦᠷ ᠲᠤ ᠨᠢᠭᠡ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ ᠢ ᠪᠠᠶᠢᠭᠤᠯᠤᠨ ᠬᠡᠷᠡᠭᠵᠢᠬᠦᠯᠵᠦ ᠪᠠᠶᠢᠨ᠎ᠠ᠃ ᠶᠡᠷᠤᠩᠬᠡᠢ ᠳᠤᠨᠢ ᠠᠪᠴᠦ ᠬᠡᠯᠡᠪᠡᠯ᠂ ᠪᠦᠬᠦ ᠠᠶᠢᠮᠠᠭ ᠤᠨ ᠡᠯ᠎ᠠ ᠬᠤᠰᠢᠭᠤ ᠰᠢᠶᠠᠨ ᠬᠤᠲᠠ ︵ᠤᠷᠤᠨ︶᠎ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠪᠠᠶᠢᠷᠢᠯᠠᠭᠤᠯᠤᠨ ᠠᠬᠢᠭᠤᠯᠵᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠱᠠᠯᠠᠪᠳᠠᠭᠤᠯᠤᠨ ᠬᠦᠢᠴᠡᠳᠭᠡᠵᠦ᠂ ᠡᠬᠢ ᠪᠠᠶᠠᠯᠢᠭ ᠤᠨ ᠰᠠᠯᠠᠭ᠎ᠠ ᠮᠥᠴᠢᠷ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠦ᠂ ᠠᠭᠤᠷᠬᠠᠢ ᠶᠢᠨ ᠠᠵᠦ ᠠᠬᠤᠢᠢᠯᠠᠯ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠵᠠᠳᠠᠭᠠᠢ ᠠᠭᠤᠷᠬᠠᠢ ᠶᠢᠨ ᠤᠷᠤᠨ ᠤ ᠤᠷᠴᠢᠨ ᠳᠤᠭᠤᠷᠢᠨ ᠤ ᠵᠠᠰᠠᠯᠳᠠ ᠶᠢᠨ ᠤᠬᠢ ᠰᠠᠶᠢᠨ ᠪᠠᠶᠢᠳᠠᠯ ᠢ ᠪᠤᠢ ᠪᠤᠯᠭᠠᠵᠠᠢ᠃ ᠤᠳᠤᠬᠠᠨ ᠳᠤ᠂ 220 ᠠᠭᠤᠷᠬᠠᠢ ᠶᠢᠨ ᠠᠵᠦ ᠠᠬᠤᠢᠢᠯᠠᠯ ᠨᠡᠶᠢᠳᠡ 12.15 ᠳ᠋ᠦᠩᠰᠢᠭᠤᠷ ᠲᠦᠭᠦᠷᠢᠭ ᠤᠨ ᠵᠠᠰᠠᠯᠳᠠ ᠶᠢᠨ ᠰᠠᠭᠤᠷᠢ ᠮᠦᠩᠬᠦ ᠪᠠᠨ ᠲᠤᠰᠢᠶᠠᠵᠦ᠂ ᠪᠦᠬᠦ ᠠᠶᠢᠮᠠᠭ ᠤᠨ ᠵᠠᠳᠠᠭᠠᠢ ᠠᠭᠤᠷᠬᠠᠢ ᠶᠢᠨ ᠤᠷᠤᠨ ᠤ ᠵᠠᠰᠠᠯᠳᠠ ᠳᠤ ᠨᠢᠭᠡᠨᠳᠡ 4.66 ᠳ᠋ᠦᠩᠰᠢᠭᠤᠷ ᠲᠦᠭᠦᠷᠢᠭ ᠵᠠᠷᠤᠴᠠᠭᠤᠯᠵᠦ᠂ ᠵᠠᠰᠠᠨ ᠰᠡᠷᠭᠦᠭᠡᠭᠰᠡᠨ ᠲᠠᠯᠠᠪᠠᠢ ᠨᠢ 37.64 ᠬᠠᠪᠳᠠᠭᠠᠢ ᠲᠦᠷᠪᠡᠯᠵᠢᠨ ᠺᠢᠯᠤᠮᠧᠲᠷ ᠬᠦᠷᠴᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号