ᠲᠡᠭᠡᠷ᠎ᠡ ᠬᠠᠭᠠᠰ ᠵᠢᠯ ᠪᠦᠬᠦ ᠠᠶᠢᠮᠠᠭ ᠤᠨ ᠠᠵᠦ ᠦᠢᠯᠡᠳᠪᠦᠷᠢ ᠶᠢᠨ ᠠᠵᠦ ᠠᠬᠤᠢ ᠲᠤᠭᠳᠠᠭᠤᠨ ᠬᠥᠭᠵᠢᠵᠦ ᠨᠡᠮᠡᠭᠳᠡᠯ ᠤᠨ ᠬᠤᠷᠳᠤᠴᠠ ᠨᠢ ᠪᠦᠬᠦ ᠤᠷᠤᠨ ᠤ ᠡᠯ᠎ᠠ ᠠᠶᠢᠮᠠᠭ ᠬᠤᠲᠠ ᠶᠢᠨ ᠡᠮᠦᠨ᠎ᠡ ᠡᠩᠨᠡᠭᠡᠨ ᠳᠤ ᠵᠢᠭᠰᠠᠭᠠᠭᠳᠠᠪᠠ 
ᠨᠡᠶᠢᠲᠡᠯᠡᠭᠰᠡᠨ ᠴᠠᠭ᠄
2021/10/19
    ᠡᠨᠡ ᠵᠢᠯ ᠠᠴᠠ ᠨᠠᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ ᠬᠢᠵᠢᠭ ᠤᠨ ᠪᠠᠶᠢᠳᠠᠯ ᠤᠨ ᠠᠰᠢᠭ ᠦᠬᠡᠢ ᠨᠦᠯᠦᠭᠡ ᠶᠢ ᠠᠷᠭᠠᠴᠠᠭᠠᠨ᠂ ᠠᠵᠦ ᠦᠢᠯᠡᠳᠪᠦᠷᠢ ᠶᠢᠨ ᠠᠵᠦ ᠠᠬᠤᠢ ᠶᠢᠨ ᠡᠷᠬᠢᠯᠲᠡ ᠶᠢ ᠴᠢᠬᠤᠯᠠ ᠪᠠᠶᠢᠷᠢᠨ ᠳᠤ ᠲᠠᠯᠪᠢᠵᠦ᠂ ᠲᠤᠬᠢᠷᠠᠭᠤᠯᠤᠯᠲᠠ ᠪᠠ ᠦᠢᠯᠡᠴᠢᠯᠡᠭᠡ ᠪᠠᠨ ᠡᠷᠴᠢᠮᠵᠢᠬᠦᠯᠵᠦ᠂ ᠠᠵᠢᠯ ᠦᠢᠯᠡᠳᠪᠦᠷᠢᠯᠡᠯ ᠢᠶᠠᠨ ᠰᠡᠷᠬᠦᠬᠡᠬᠦ ᠶᠢ ᠪᠦᠬᠦ ᠬᠦᠴᠦᠨ ᠢᠶᠠᠷ ᠠᠬᠢᠭᠤᠯᠤᠬᠰᠠᠨ ᠢᠶᠠᠷ ᠠᠵᠦ ᠦᠢᠯᠡᠳᠪᠦᠷᠢ ᠶᠢᠨ ᠠᠵᠦ ᠠᠬᠤᠢ ᠲᠤᠭᠳᠠᠭᠤᠨ ᠬᠦᠭᠵᠢᠯᠲᠠ ᠶᠢ ᠪᠡᠶᠡᠯᠡᠬᠦᠯᠵᠦ᠂ ᠨᠡᠮᠡᠭᠳᠡᠯ ᠤᠨ ᠬᠤᠷᠳᠤᠴᠠ ᠨᠢ ᠪᠦᠬᠦ ᠤᠷᠤᠨ ᠤ ᠡᠯ᠎ᠠ ᠠᠶᠢᠮᠠᠭ ᠬᠤᠲᠠ ᠶᠢᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃     ᠵᠢᠯ ᠤᠨ ᠡᠬᠢᠨ ᠠᠴᠠ᠂ ᠮᠠᠨ ᠤ ᠠᠶᠢᠮᠠᠭ ᠤᠨ ᠡᠯ᠎ᠠ ᠱᠠᠲᠤ ᠡᠯ᠎ᠠ ᠰᠠᠯᠠᠭ᠎ᠠ ᠮᠥᠴᠢᠷ ᠤᠯᠤᠰ᠂ ᠥᠪᠡᠷᠲᠡᠭᠡᠨ ᠵᠠᠰᠠᠬᠤ ᠤᠷᠤᠨ ᠤ ᠠᠵᠦ ᠠᠬᠤᠢᠢᠯᠠᠯ ᠤᠨ ᠠᠵᠢᠯ ᠦᠢᠯᠡᠳᠪᠦᠷᠢᠯᠡᠯ ᠢ ᠰᠡᠷᠬᠦᠬᠡᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠦᠷᠦᠯ ᠵᠦᠢᠯ ᠤᠨ ᠲᠤᠬᠢᠷᠠᠭᠤᠯᠤᠯᠳᠠ ᠦᠢᠯᠡᠴᠢᠯᠡᠭᠡ ᠪᠠᠨ ᠡᠷᠴᠢᠮᠵᠢᠬᠦᠯᠵᠦ᠂ ᠠᠵᠦ ᠠᠬᠤᠢᠢᠯᠠᠯ ᠤᠨ ᠨᠡᠬᠦᠷᠡᠰᠦ᠂ ᠴᠠᠬᠢᠯᠭᠠᠨ᠂ ᠲᠤᠰᠤ᠂ ᠬᠡᠢ᠂ ᠵᠦᠬᠡᠬᠡᠪᠦᠷᠢ ᠵᠡᠷᠭᠡ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ ᠬᠠᠩᠭᠠᠯᠭ᠎ᠠ ᠶᠢ ᠪᠠᠲᠤᠯᠠᠵᠦ᠂ ᠠᠵᠦ ᠠᠬᠤᠢᠢᠯᠠᠯ ᠨᠢᠬᠡᠪᠦᠷᠢ ᠶᠢᠨ ᠪᠤᠳᠠᠳᠤ ᠪᠠᠶᠢᠳᠠᠯ ᠢ ᠦᠨᠳᠦᠰᠦᠯᠡᠨ ᠠᠷᠭ᠎ᠠ ᠪᠤᠳᠤᠯᠭ᠎ᠠ ᠲᠤᠭᠳᠠᠭᠠᠨ ᠭᠡᠷᠡᠭᠵᠢᠬᠦᠯᠵᠠᠢ᠃ ᠲᠡᠭᠡᠷ᠎ᠡ ᠬᠠᠭᠠᠰ ᠵᠢᠯ ᠳᠤ᠂ ᠪᠦᠬᠦ ᠠᠶᠢᠮᠠᠭ ᠢᠶᠠᠷ ᠢᠶᠠᠨ ᠬᠠᠮᠢᠶ᠎ᠠ ᠪᠦᠬᠦᠢ ᠵᠢᠬᠡᠯᠡᠯᠭᠡ ᠶᠢ 1.02 ᠳ᠋ᠦᠩᠰᠢᠭᠤᠷ ᠲᠦᠭᠦᠷᠢᠭ ᠲᠠᠷᠬᠠᠭᠠᠵᠦ᠂ ᠵᠢᠬᠡᠯᠡᠯᠭᠡ ᠲᠠᠯᠪᠢᠭᠰᠠᠨ ᠶᠡᠷᠦᠩᠬᠡᠢ ᠬᠡᠮᠵᠢᠶ᠎ᠡ ᠨᠢ ᠪᠦᠬᠦ ᠤᠷᠤᠨ ᠳᠤ ᠬᠤᠶᠠᠳᠤᠭᠠᠷ ᠲᠤ ᠤᠷᠤᠪᠠ᠃     ᠨᠡᠬᠦᠷᠡᠰᠤᠨ ᠠᠭᠤᠷᠬᠠᠢ ᠶᠢᠨ ᠭᠠᠷ ᠬᠦᠢᠴᠡᠳᠭᠡᠯ ᠢ ᠰᠢᠢᠳᠪᠤᠷᠢᠯᠡᠬᠦ ᠶᠢ ᠠᠬᠢᠭᠤᠯᠵᠤ᠂ ᠨᠡᠬᠦᠷᠡᠰᠤᠨ ᠤ ᠪᠤᠷᠤᠯᠠᠭᠤᠯᠭ᠎ᠠ ᠶᠢ ᠡᠳᠦᠷ ᠪᠤᠯᠭᠠᠨ ᠲᠤᠬᠢᠷᠠᠭᠤᠯᠬᠤ ᠲᠤᠭᠳᠠᠴᠠ ᠶᠢ ᠪᠠᠶᠢᠭᠤᠯᠵᠤ᠂ ᠨᠡᠬᠦᠷᠡᠰᠤᠨ ᠤ ᠦᠢᠯᠡᠳᠪᠤᠷᠢᠯᠡᠯ ᠬᠠᠩᠭᠠᠯᠭ᠎ᠠ ᠶᠢ ᠪᠠᠳᠤᠯᠠᠵᠠᠢ᠃ 1 — 5 ᠰᠠᠷ᠎ᠠ ᠳᠤ 4238 ᠲᠦᠮᠡᠨ ᠲᠤᠨ ᠨᠡᠬᠦᠷᠠᠰᠤ ᠭᠠᠷᠭᠠᠵᠤ᠂ 4148 ᠲᠦᠮᠡᠨ ᠲᠤᠨ ᠪᠤᠷᠤᠯᠠᠭᠤᠯᠵᠤ᠂ ᠦᠢᠯᠡᠳᠪᠤᠷᠢᠯᠡᠯ ᠤᠨ ᠦᠷᠲᠡᠭ 70.9 ᠳ᠋ᠦᠩᠰᠢᠭᠤᠷ ᠲᠦᠬᠦᠷᠢᠭ ᠬᠦᠷᠴᠤ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠲᠡᠪᠡ︔ ᠢᠯᠴᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠵᠤ᠂ ᠳ᠋ᠠ ᠲᠠᠩ ᠴᠠᠬᠢᠯᠭᠠᠨ ᠦᠢᠯᠡᠳᠪᠤᠷᠢ᠂ ᠤᠮᠠᠷᠠᠳᠤ ᠶᠢᠨ ᠴᠡᠬᠢᠯᠭᠠᠨ ᠦᠢᠯᠡᠳᠪᠤᠷᠢ ᠶᠢᠨ 1 ᠮᠠᠰᠢᠨ ᠴᠤᠭᠴᠠᠯᠠᠪᠤᠷᠢ ᠠᠰᠢᠭᠯᠠᠯᠳᠠ ᠳᠤ ᠤᠷᠤᠵᠤ᠂ ᠱᠧᠨ ᠬᠤᠸᠠ ᠴᠠᠬᠢᠯᠭᠠᠨ ᠦᠢᠯᠡᠳᠪᠤᠷᠢ᠂ ᠪᠠᠶᠠᠨᠬᠤᠸᠠ ᠴᠠᠬᠢᠯᠭᠠᠨ ᠦᠢᠯᠡᠳᠪᠤᠷᠢ ᠶᠢᠨ ᠭᠤᠤᠯ ᠴᠤᠭᠴᠠ ᠶᠢᠨ ᠪᠠᠷᠢᠯᠭ᠎ᠠ ᠶᠢ ᠪᠠᠶᠢᠭᠤᠯᠤᠨ ᠲᠠᠭᠤᠰᠬᠠᠵᠤ᠂ ᠵᠢᠩ ᠨᠧᠩ ᠴᠠᠭᠠᠨᠨᠠᠭᠤᠷ ᠤᠨ ᠴᠠᠬᠢᠯᠭᠠᠨ ᠦᠢᠯᠡᠳᠪᠤᠷᠢ ᠪᠠᠷᠢᠯᠭ᠎ᠠ ᠪᠠᠨ ᠪᠦᠬᠦ ᠲᠠᠯ᠎ᠠ ᠪᠠᠷ ᠰᠡᠷᠬᠦᠭᠡᠵᠤ ᠂ ᠤᠯᠤᠰ ᠤᠨ ᠴᠠᠬᠢᠯᠭᠠᠨ ᠬᠦᠴᠦᠨ ᠤ ᠪᠠᠯᠡ ᠤᠷᠤᠭᠤᠯᠤᠯᠳᠠ ᠶᠢᠨ ᠪᠦᠯᠦᠭᠯᠡᠯ ᠤᠨ ᠪᠠᠶᠠᠨᠬᠤᠸᠠ ᠠᠭᠤᠷᠬᠠᠢ ᠶᠢᠨ ᠠᠮᠠᠰᠠᠷ ᠤᠨ ᠳᠡᠷᠭᠡᠳᠡᠬᠢ ᠴᠠᠬᠢᠯᠭᠠᠨ ᠦᠢᠯᠡᠳᠪᠤᠷᠢ᠂ ᠤᠮᠠᠷᠠᠳᠤ ᠶᠢᠨ ᠴᠠᠬᠢᠯᠭᠠᠨ ᠤ ᠵᠢᠨᠱᠠᠨ ᠴᠠᠬᠢᠯᠭᠠᠨ ᠦᠢᠯᠡᠳᠪᠤᠷᠢ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠦᠪᠡᠷᠲᠡᠭᠡᠨ ᠵᠠᠰᠠᠬᠤ ᠤᠷᠤᠨ ᠤ ᠡᠨᠧᠷᠬᠢ ᠶᠢᠨ ᠲᠤᠪᠴᠢᠶᠠᠨ ᠤ ᠵᠦᠪᠰᠢᠶᠡᠷᠡᠯ ᠢ ᠤᠯᠵᠤ᠂ ᠪᠦᠬᠦ ᠠᠶᠢᠮᠠᠭ ᠤᠨ ᠰᠢᠨ᠎ᠠ ᠪᠠᠷ ᠨᠡᠮᠡᠭᠲᠡᠭᠰᠡᠨ ᠵᠦᠪᠰᠢᠶᠠᠷᠠᠯ ᠤᠯᠤᠭᠰᠠᠨ ᠮᠠᠰᠢᠨ ᠴᠤᠭᠴᠠᠯᠠᠪᠤᠷᠢ ᠶᠢᠨ ᠭᠡᠮᠵᠢᠶ᠎ᠠ 264 ᠲᠦᠮᠡᠨ ᠺᠢᠯᠤᠸᠠᠲ ᠬᠦᠷᠴᠤ᠂ ᠪᠦᠬᠦ ᠨᠡᠶᠢᠭᠡᠮ ᠤᠨ ᠴᠠᠬᠢᠯᠭᠠᠨ ᠭᠡᠷᠡᠭᠯᠡᠬᠦ ᠭᠡᠮᠵᠢᠶ᠎ᠠ᠂ ᠴᠠᠬᠢᠯᠭᠠᠨ ᠪᠤᠷᠤᠯᠠᠭᠤᠯᠬᠤ ᠭᠡᠮᠵᠢᠶ᠎ᠠ᠂ ᠴᠠᠬᠢᠯᠭᠠᠨ ᠭᠡᠷᠡᠭᠯᠡᠬᠦ ᠲᠠᠭᠠᠭᠠᠴᠠ᠂ ᠢᠯᠴᠢ ᠪᠠᠷ ᠴᠠᠬᠢᠯᠭᠠᠨ ᠭᠠᠷᠭᠠᠬᠤ ᠭᠡᠮᠵᠢᠶ᠎ᠠ ᠵᠡᠷᠭᠡ ᠵᠢᠭᠠᠯᠳᠠ ᠲᠤᠭ᠎ᠠ ᠪᠦᠬᠦᠨ ᠢᠶᠠᠷ ᠢᠶᠠᠨ ᠨᠡᠮᠡᠭᠲᠡᠯ ᠲᠠᠢ ᠪᠤᠯᠵᠠᠢ᠃ ᠲᠡᠭᠡᠷ᠎ᠠ ᠬᠠᠭᠠᠰ ᠵᠢᠯ ᠳᠤ ᠪᠦᠬᠦ ᠠᠶᠢᠮᠠᠭ ᠤᠨ ᠡᠨᠧᠷᠬᠢ ᠶᠢᠨ ᠠᠵᠢᠯ ᠲᠦᠷᠦᠯ ᠤᠨ ᠦᠢᠯᠡᠳᠪᠤᠷᠢᠯᠡᠯ ᠤᠨ ᠦᠷᠲᠡᠭ 167.4 ᠳ᠋ᠦᠩᠰᠢᠭᠤᠷ ᠲᠦᠬᠦᠷᠢᠭ ᠢ ᠪᠠᠶᠡᠯᠡᠬᠦᠯᠵᠤ᠂ ᠰᠢᠨ᠎ᠠ ᠡᠨᠧᠷᠬᠢ ᠶᠢᠨ ᠠᠵᠤ ᠦᠢᠯᠡᠰ 18.1 ᠳ᠋ᠦᠩᠰᠢᠭᠤᠷ ᠲᠦᠬᠦᠷᠢᠭ ᠢ ᠪᠡᠶᠡᠯᠡᠬᠦᠯᠵᠡᠢ᠃     6 ᠰᠠᠷ᠎ᠠ ᠶᠢᠨ ᠰᠡᠬᠦᠯᠴᠢ ᠪᠤᠯᠳᠠᠯ᠎ᠠ᠂ ᠪᠦᠬᠦ ᠠᠶᠢᠮᠠᠭ ᠤᠨ ᠬᠤᠶᠠᠳᠤᠭᠠᠷ ᠠᠵᠤ ᠦᠢᠯᠡᠰ ᠤᠨ ᠨᠡᠮᠡᠭᠲᠡᠯ ᠦᠷᠲᠡᠭ 166.61 ᠳ᠋ᠦᠩᠰᠢᠭᠤᠷ ᠲᠦᠬᠦᠷᠢᠭ ᠬᠦᠷᠴᠤ᠂ ᠠᠳᠠᠯᠢ ᠬᠤᠭᠤᠴᠠᠭᠠᠨ ᠤ ᠬᠢ ᠠᠴᠠ 4.0% ᠢᠶᠠᠷ ᠨᠡᠮᠡᠭᠲᠡᠵᠤ᠂ ᠨᠡᠮᠡᠭᠲᠡᠯ ᠤᠨ ᠬᠤᠷᠳᠤᠴᠠ ᠨᠢ ᠨᠢᠭᠡᠲᠦᠭᠡᠷ ᠤᠯᠠᠷᠢᠯ ᠠᠴᠠ 3.9 ᠵᠠᠭᠤᠨ ᠤ ᠨᠢᠭᠡᠴᠢ ᠪᠠᠷ ᠲᠡᠭᠡᠭᠰᠢᠯᠡᠵᠡᠢ᠃ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠡᠭᠲᠡᠯ ᠥᠷᠳᠡᠭ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠲᠡᠵᠤ᠂ ᠨᠢᠭᠡᠲᠦᠭᠡᠷ ᠤᠯᠠᠷᠢᠯ ᠠᠴᠠ 2.5 ᠵᠠᠭᠤᠨ ᠤ ᠨᠢᠭᠡᠴᠢ ᠪᠠᠷ ᠨᠡᠮᠡᠭᠲᠡᠵᠤ᠂ ᠪᠦᠬᠦ ᠤᠷᠤᠨ ᠳᠤ ᠲᠦᠷᠪᠡᠲᠦᠭᠡᠷ ᠪᠠᠶᠢᠷᠢᠨ ᠳᠤ ᠵᠢᠭᠰᠠᠭᠠᠭᠳᠠᠵᠠᠢ᠃ ᠪᠦᠬᠦ ᠠᠶᠢᠮᠠᠭ ᠤᠨ ᠤᠯᠠᠨ ᠬᠦᠷᠢᠶ᠎ᠠ ᠭᠡᠪᠴᠢᠶᠠᠨ ᠳᠠᠬᠢ ᠪᠡᠯᠡ ᠤᠷᠤᠭᠤᠯᠤᠯᠳᠠ ᠲᠦᠷᠭᠡᠨ ᠢᠶᠠᠷ ᠨᠡᠮᠡᠭᠲᠡᠵᠤ᠂ ᠤᠨᠴᠠᠭᠠᠢᠢᠯᠠᠨ ᠠᠵᠤ ᠦᠢᠯᠡᠳᠪᠤᠷᠢ ᠶᠢᠨ ᠪᠡᠯᠡ ᠤᠷᠤᠭᠤᠯᠤᠯᠳᠠ ᠲᠦᠷᠭᠡᠨ ᠨᠡᠮᠡᠭᠲᠡᠯ ᠢ ᠪᠠᠳᠤᠯᠠᠵᠤ᠂ ᠠᠳᠠᠯᠢ ᠬᠤᠭᠤᠴᠠᠭᠠᠨ ᠤ ᠬᠢ ᠠᠴᠠ 171% ᠪᠠᠷ ᠨᠡᠮᠡᠭᠲᠡᠵᠤ᠂ ᠪᠦᠬᠦ ᠤᠷᠤᠨ ᠤ ᠡᠯ ᠎ᠡ ᠠᠶᠢᠮᠠᠭ ᠬᠤᠳᠠ ᠶᠢᠨ ᠲᠡᠷᠢᠬᠦᠨ ᠪᠠᠶᠢᠷᠢᠨ ᠳᠤ ᠵᠢᠭᠰᠠᠭᠠᠭᠳᠠᠵᠠᠢ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号