ᠡᠨᠡ ᠵᠢᠯ ᠠᠴᠠ ᠨᠠᠰᠢ᠂ ᠮᠠᠨ ᠤ ᠠᠶᠢᠮᠠᠭ ᠵᠠᠳᠠᠭᠠᠢ ᠠᠭᠤᠷᠬᠠᠢ ᠶᠢᠨ ᠤᠷᠴᠢᠨ ᠲᠤᠭᠤᠷᠢᠨ ᠤ ᠵᠠᠰᠠᠯᠳᠠ ᠶᠢᠨ | ᠠᠵᠢᠯ ᠢ ᠦᠷᠬᠦᠯᠵᠢᠯᠠᠨ ᠠᠳᠬᠤᠵᠤ᠂ ᠵᠠᠰᠠᠯᠳᠠ ᠶᠢᠨ ᠠᠵᠢᠯ ᠢᠯᠡᠷᠭᠡᠢ ᠦᠷ᠎ᠠ ᠪᠦᠲᠦᠮᠵᠢ ᠤᠯᠵᠠᠢ᠃ ᠤᠳᠤᠬᠠᠨ | ᠪᠤᠯᠳᠠᠯ᠎ᠠ᠂ ᠪᠦᠬᠦ ᠠᠶᠢᠮᠠᠭ ᠤᠨ ᠵᠠᠳᠠᠭᠠᠢ ᠠᠭᠤᠷᠬᠠᠢ ᠶᠢᠨ ᠵᠠᠰᠠᠯᠳᠠ ᠳᠤ ᠨᠢᠭᠡᠨᠲᠡ 4.66 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠵᠤ᠂ ᠰᠡᠷᠬᠦᠭᠡᠨ ᠵᠠᠰᠠᠭᠰᠠᠨ ᠲᠠᠯᠠᠪᠠᠢ 37.64 ᠬᠠᠪᠳᠠᠭᠠᠢ ᠳᠦᠷᠪᠡᠯᠵᠢᠨ | ᠺᠢᠯᠤᠮᠧᠲᠷ ᠬᠦᠷᠴᠤ᠂ ᠵᠠᠰᠠᠯᠳᠠ ᠶᠢᠨ ᠪᠡᠯᠡ ᠤᠷᠤᠭᠤᠯᠤᠯᠳᠠ ᠪᠠ ᠵᠠᠰᠠᠯᠳᠠ ᠶᠢᠨ ᠲᠠᠯᠠᠪᠠᠢ ᠴᠦᠮ ᠨᠢᠳᠤᠨᠤᠨ ᠤ ᠪᠦᠬᠦ | ᠵᠢᠯ ᠤᠨ ᠭᠡᠮᠵᠢᠶ᠎ᠠ ᠠᠴᠠ ᠲᠠᠪᠠᠵᠤ᠂ ᠦᠪᠡᠷᠲᠡᠭᠡᠨ ᠵᠠᠰᠠᠬᠤ ᠤᠷᠤᠨ ᠤ ᠨᠢᠭᠡᠲᠦᠭᠡᠷ ᠪᠠᠶᠢᠷᠢᠨ ᠳᠤ ᠵᠢᠭᠰᠠᠭᠠᠭᠳᠠᠪᠠ᠃ | ᠤᠳᠤᠬᠠᠨ ᠳᠤ ᠪᠦᠬᠦ ᠠᠶᠢᠮᠠᠭ ᠲᠤ 366 ᠠᠭᠤᠷᠬᠠᠢ ᠪᠠᠶᠢᠵᠤ᠂ ᠡᠬᠦᠨ ᠳᠤ ᠵᠠᠳᠠᠭᠠᠢ ᠠᠭᠤᠷᠬᠠᠢ 220 | ᠪᠠᠶᠢᠵᠤ᠂ ᠪᠦᠬᠦ ᠠᠭᠤᠷᠬᠠᠢ ᠶᠢᠨ 60% ᠶᠢ ᠡᠵᠡᠯᠡᠵᠤ᠂ ᠵᠠᠳᠠᠭᠠᠢ ᠠᠭᠤᠷᠬᠠᠢ ᠨᠢ ᠠᠮᠢ ᠠᠬᠤᠢ ᠤᠷᠴᠢᠨ | ᠲᠤᠭᠤᠷᠢᠨ ᠳᠤ ᠡᠪᠳᠡᠯᠡᠭᠡ ᠶᠡᠭᠡ ᠪᠠᠶᠢᠳᠠᠯ ᠳᠤ ᠴᠢᠭᠯᠡᠭᠦᠯᠵᠦ᠂ ᠮᠠᠨ ᠤ ᠠᠶᠢᠮᠠᠭ ︽2020 ᠤᠨ ᠤ ᠰᠡᠬᠦᠯᠴᠢ | ᠪᠤᠯᠳᠠᠯ᠎ᠠ ᠪᠤᠢ ᠪᠦᠬᠦᠢ ᠵᠠᠳᠠᠭᠠᠢ ᠨᠡᠬᠦᠷᠡᠰᠤᠨ ᠠᠭᠤᠷᠬᠠᠢ ᠶᠢ ᠤᠯᠤᠰ ᠤᠨ ᠲᠠᠰ ᠤᠨ ᠪᠤᠬᠢᠷᠲᠦᠯ ᠦᠭᠡᠢ | ᠠᠭᠤᠷᠬᠠᠢ ᠶᠢᠨ ᠤᠷᠤᠨ ᠤ ᠨᠠᠷᠠᠰ ᠲᠤ ᠡᠷᠡᠮᠡᠯᠵᠡᠬᠦ ᠨᠦᠬᠦᠴᠡᠯ ᠳᠤ ᠬᠦᠷᠭᠡᠵᠤ᠂ ᠪᠤᠰᠤᠳ ᠨᠡᠬᠦᠷᠡᠰᠤᠨ ᠤ ᠪᠤᠰᠤ | ᠵᠠᠳᠠᠭᠠᠢ ᠠᠭᠤᠷᠬᠠᠢ ᠶᠢ ᠦᠪᠡᠷᠲᠡᠭᠡᠨ ᠵᠠᠰᠠᠬᠤ ᠤᠷᠤᠨ ᠤ ᠲᠠᠰ ᠤᠨ ᠪᠤᠬᠢᠷᠲᠦᠯ ᠦᠭᠡᠢ ᠠᠭᠤᠷᠬᠠᠢ ᠶᠢᠨ ᠤᠷᠤᠨ ᠤ | ᠨᠠᠷᠠᠰ ᠲᠤ ᠡᠷᠡᠮᠡᠯᠵᠡᠬᠦ ᠨᠦᠬᠦᠴᠡᠯ ᠳᠤ ᠬᠦᠷᠭᠡᠬᠦ︾ ᠬᠠᠷᠠᠯᠳᠠ ᠡᠬᠦᠷᠭᠡ ᠶᠢ ᠲᠤᠭᠳᠠᠭᠠᠵᠠᠢ︔ 2023 ᠤᠨ | ᠪᠤᠯᠳᠠᠯ᠎ᠠ᠂ ᠪᠤᠢ ᠪᠦᠬᠦᠢ ᠠᠭᠤᠷᠬᠠᠢ ᠶᠢᠨ ᠦᠢᠯᠡᠰ ᠤᠨ ᠡᠷᠭᠡ ᠶᠢᠨ ᠬᠤᠭᠤᠴᠠᠭ᠎ᠠ ᠳᠤ ᠪᠠᠶᠢᠭ᠎ᠠ ᠠᠭᠤᠷᠬᠠᠢ ᠶᠢᠨ | ᠤᠷᠤᠨ ᠢ ᠪᠦᠬᠦᠨ ᠢ ᠤᠯᠤᠰ ᠤᠨ ᠲᠠᠰ ᠤᠨ ᠪᠤᠬᠢᠷᠲᠦᠯ ᠦᠭᠡᠢ ᠠᠭᠤᠷᠬᠠᠢ ᠶᠢᠨ ᠤᠷᠤᠨ ᠪᠤᠯᠭᠠᠨ ᠪᠦᠳᠦᠭᠡᠨ | ᠪᠠᠶᠢᠭᠤᠯᠵᠤ᠂ ᠦᠪᠡᠷᠲᠡᠭᠡᠨ ᠵᠠᠰᠠᠬᠤ ᠤᠷᠤᠨ ᠤ ᠬᠠᠷᠠᠯᠳᠠ ᠠᠴᠠ ᠤᠷᠢᠳᠴᠢᠯᠠᠨ ᠬᠤᠶᠠᠷ ᠵᠢᠯ ᠤᠨ ᠡᠮᠦᠨ᠎ᠡ | ᠪᠡᠶᠡᠯᠡᠭᠦᠯᠦᠨ᠎ᠡ᠃ ᠡᠬᠦᠨ ᠤ ᠬᠠᠮᠳᠤ ᠪᠦᠬᠦ ᠠᠶᠢᠮᠠᠭ ᠤᠨ 220 ᠵᠠᠳᠠᠭᠠᠢ ᠠᠭᠤᠷᠬᠠᠢ ᠶᠢ ᠤᠯᠤᠰ ᠤᠨ ᠲᠠᠰ ᠤᠨ | ᠪᠤᠬᠢᠷᠲᠦᠯ ᠦᠭᠡᠢ ᠠᠭᠤᠷᠬᠠᠢ ᠶᠢᠨ ᠤᠷᠤᠨ ᠤ ᠪᠦᠲᠦᠭᠡᠨ ᠪᠠᠶᠢᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ︽ | ᠠᠭᠤᠷᠬᠠᠢ ᠶᠢᠨ ᠤᠷᠤᠨ ᠤ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠤ ᠬᠠᠮᠠᠭᠠᠯᠠᠯᠳᠠ ᠪᠠ ᠭᠠᠵᠠᠷ ᠰᠢᠷᠦᠢ ᠶᠢ | ᠰᠡᠷᠭᠦᠭᠡᠨ ᠵᠠᠰᠠᠬᠤ ᠲᠦᠰᠦᠯ︾ ᠢ ᠰᠢᠨ᠎ᠠ ᠪᠠᠷ ᠨᠠᠶᠢᠷᠠᠭᠤᠯᠤᠨ ᠲᠤᠭᠳᠠᠭᠠᠬᠤ ᠶᠢ ᠱᠠᠯᠠᠪᠳᠠᠭᠤᠯᠵᠤ᠂ ᠵᠠᠰᠠᠯᠳᠠ ᠶᠢᠨ | ᠪᠠᠷᠢᠮᠵᠢᠶ᠎ᠠ ᠶᠢ ᠤᠯᠠᠮ ᠲᠡᠭᠡᠭᠰᠢᠯᠡᠬᠦᠯᠵᠡᠢ᠃ | ᠵᠠᠳᠠᠭᠠᠶ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠲᠦᠯᠬᠢᠨ ᠠᠬᠢᠭᠤᠯᠬᠤ ᠳᠤᠮᠳᠠ᠂ ᠮᠠᠨ | ᠤ ᠠᠶᠢᠮᠠᠭ ᠢᠳᠡᠪᠬᠢᠲᠠᠢ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠠᠵᠢᠯ ᠤᠨ ᠠᠭᠤᠷ ᠠᠮᠢᠰᠬᠤᠯ ᠢ ᠪᠤᠢ | ᠪᠣᠯᠭᠠᠵᠠᠢ᠃ ᠡᠷᠢᠶᠠᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠲᠤᠰᠬᠠᠢ ᠠᠵᠢᠯᠯᠠᠬᠤ | ᠲᠤᠭᠤᠢᠢᠯᠠᠩ ᠪᠠᠶᠢᠭᠤᠯᠵᠦ᠂ ᠠᠭᠤᠷᠬᠠᠢ ᠶᠢᠨ ᠤᠷᠤᠨ ᠳᠤ ᠬᠦᠨᠵᠡᠬᠡᠶᠢᠷᠡᠨ ᠵᠠᠰᠠᠯᠳᠠ ᠶᠢᠨ ᠠᠵᠢᠯ ᠢ ᠱᠠᠯᠠᠪᠳᠠᠭᠤᠯᠤᠨ᠂ | ᠠᠭᠤᠷᠬᠠᠢ ᠶᠢᠨ ᠤᠷᠤᠨ ᠤ ᠵᠠᠰᠠᠯᠳᠠ ᠶᠢᠨ ᠠᠵᠢᠯ ᠢ ᠡᠳᠤᠷ ᠪᠦᠷᠢ ᠳᠤᠬᠢᠷᠠᠭᠤᠯᠤᠨ ᠵᠤᠬᠢᠴᠠᠭᠤᠯᠵᠦ ᠪᠤᠢ᠂ ᠰᠢᠯᠤᠭᠤᠨ | ᠬᠦᠬᠡ ᠬᠤᠰᠢᠭᠤ ᠨᠢ ᠠᠵᠦ ᠠᠬᠤᠢᠢᠯᠠᠯ ᠤᠨ ᠵᠠᠰᠠᠯᠳᠠ ᠶᠢᠨ ᠠᠵᠢᠯ ᠢ ᠡᠳᠦᠷ ᠲᠤ ᠨᠢᠭᠡ ᠬᠠᠷᠢᠭᠤ ᠮᠡᠳᠡᠬᠦᠯᠵᠦ᠂ | ᠬᠢᠨᠠᠯᠳᠠ ᠲᠠᠯᠪᠢᠬᠤ ᠨᠢᠭᠡᠴᠡ ᠭᠤᠷᠪᠠᠨ ᠡᠳᠦᠷ ᠲᠤ ᠨᠢᠭᠡ ᠲᠤᠭᠤᠷᠢᠨ ᠪᠠᠶᠢᠴᠠᠭᠠᠵᠦ᠂ ᠵᠠᠰᠠᠭ ᠤᠨ ᠤᠷᠳᠤᠨ ᠤ ᠭᠤᠤᠯ | ᠤᠳᠤᠷᠢᠳᠤᠯᠭ᠎ᠠ ᠲᠤᠯᠤᠭᠠᠨ ᠡᠳᠦᠷ ᠲᠤ ᠨᠢᠭᠡ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ ᠢ ᠪᠠᠶᠢᠭᠤᠯᠤᠨ | ᠬᠡᠷᠡᠭᠵᠢᠬᠦᠯᠵᠦ ᠪᠠᠶᠢᠨ᠎ᠠ᠃ ᠶᠡᠷᠤᠩᠬᠡᠢ ᠳᠤᠨᠢ ᠠᠪᠴᠦ ᠬᠡᠯᠡᠪᠡᠯ᠂ ᠪᠦᠬᠦ ᠠᠶᠢᠮᠠᠭ ᠤᠨ ᠡᠯ᠎ᠠ ᠬᠤᠰᠢᠭᠤ ᠰᠢᠶᠠᠨ ᠬᠤᠲᠠ | ︵ᠤᠷᠤᠨ︶ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠪᠠᠶᠢᠷᠢᠯᠠᠭᠤᠯᠤᠨ | ᠠᠬᠢᠭᠤᠯᠵᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠱᠠᠯᠠᠪᠳᠠᠭᠤᠯᠤᠨ ᠬᠦᠢᠴᠡᠳᠭᠡᠵᠦ᠂ ᠡᠬᠢ ᠪᠠᠶᠠᠯᠢᠭ ᠤᠨ | ᠰᠠᠯᠠᠭ᠎ᠠ ᠮᠥᠴᠢᠷ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠦ᠂ ᠠᠭᠤᠷᠬᠠᠢ ᠶᠢᠨ ᠠᠵᠦ ᠠᠬᠤᠢᠢᠯᠠᠯ ᠡᠬᠦᠷᠭᠡ | ᠬᠠᠷᠢᠭᠤᠴᠠᠯᠭ᠎ᠠ ᠪᠠᠨ ᠬᠦᠢᠴᠡᠳᠭᠡᠨ᠂ ᠵᠠᠳᠠᠭᠠᠢ ᠠᠭᠤᠷᠬᠠᠢ ᠶᠢᠨ ᠤᠷᠤᠨ ᠤ ᠤᠷᠴᠢᠨ ᠳᠤᠭᠤᠷᠢᠨ ᠤ ᠵᠠᠰᠠᠯᠳᠠ ᠶᠢᠨ | ᠤᠬᠢ ᠰᠠᠶᠢᠨ ᠪᠠᠶᠢᠳᠠᠯ ᠢ ᠪᠤᠢ ᠪᠤᠯᠭᠠᠵᠠᠢ᠃ ᠤᠳᠤᠬᠠᠨ ᠳᠤ᠂ 220 ᠠᠭᠤᠷᠬᠠᠢ ᠶᠢᠨ ᠠᠵᠦ ᠠᠬᠤᠢᠢᠯᠠᠯ ᠨᠡᠶᠢᠳᠡ | 12.15 ᠳ᠋ᠦᠩᠰᠢᠭᠤᠷ ᠲᠦᠭᠦᠷᠢᠭ ᠤᠨ ᠵᠠᠰᠠᠯᠳᠠ ᠶᠢᠨ ᠰᠠᠭᠤᠷᠢ ᠮᠦᠩᠬᠦ ᠪᠠᠨ ᠲᠤᠰᠢᠶᠠᠵᠦ᠂ ᠪᠦᠬᠦ ᠠᠶᠢᠮᠠᠭ ᠤᠨ | ᠵᠠᠳᠠᠭᠠᠢ ᠠᠭᠤᠷᠬᠠᠢ ᠶᠢᠨ ᠤᠷᠤᠨ ᠤ ᠵᠠᠰᠠᠯᠳᠠ ᠳᠤ ᠨᠢᠭᠡᠨᠳᠡ 4.66 ᠳ᠋ᠦᠩᠰᠢᠭᠤᠷ ᠲᠦᠭᠦᠷᠢᠭ ᠵᠠᠷᠤᠴᠠᠭᠤᠯᠵᠦ᠂ | ᠵᠠᠰᠠᠨ ᠰᠡᠷᠭᠦᠭᠡᠭᠰᠡᠨ ᠲᠠᠯᠠᠪᠠᠢ ᠨᠢ 37.64 ᠬᠠᠪᠳᠠᠭᠠᠢ ᠲᠦᠷᠪᠡᠯᠵᠢᠨ ᠺᠢᠯᠤᠮᠧᠲᠷ ᠬᠦᠷᠴᠦ ᠪᠠᠶᠢᠨ᠎ᠠ᠃ |