ᠤᠶᠠᠩᠭᠠᠳᠤ ᠲᠠᠭᠤᠤ ᠤᠷᠠᠨ ᠪᠦᠵᠢᠭ ᠢᠶᠠᠷ ᠢᠶᠠᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ᠎ᠠ
ᠨᠡᠶᠢᠲᠡᠯᠡᠭᠰᠡᠨ ᠴᠠᠭ᠄
2021/10/19
    ᠪᠠᠶᠠᠨ ᠨᠠᠮᠤᠷ ᠤᠨ ᠲᠠᠮᠤᠴᠢ ᠶᠢᠨ ᠲᠠᠯ᠎ᠠ ᠳᠤ ᠡᠯᠪᠡᠭ ᠬᠤᠷᠢᠶᠠᠯᠳᠠ ᠶᠢᠨ ᠡᠭᠡᠰᠢᠭ ᠴᠣᠣᠷᠢᠶᠠᠳᠣᠵᠣ᠂ ᠲᠦᠷᠦ ᠶᠢᠨ ᠪᠤᠳᠤᠯᠭ᠎ᠠ ᠶᠢᠨ ᠬᠠᠯᠠᠮᠵᠢ ᠬᠠᠶᠢᠷ᠎ᠠ ᠲᠦᠮᠡᠨ ᠠᠷᠠᠳ ᠤᠨ ᠰᠡᠳᠬᠢᠯ ᠳᠤ ᠰᠤᠨᠤᠷᠳᠠᠨ᠎ᠠ᠃ ᠪᠦᠬᠦ ᠤᠯᠤᠰ ᠤᠨ ᠤᠤᠭᠠᠨ ᠤᠯᠠᠭᠠᠠᠮᠦ᠋ᠴᠢᠷ ᠪᠤᠯᠬᠤ ᠰᠦᠨᠢᠳ ᠪᠠᠷᠠᠭᠤᠨ ᠬᠤᠰᠢᠭᠤᠨ ᠤ ᠤᠯᠠᠭᠠᠠᠮᠦ᠋ᠴᠢᠷ ᠤᠨ ᠠᠯᠪᠠᠨ ᠠᠰᠠᠷ ᠲᠤ ᠬᠡᠰᠡᠭ ᠨᠠᠮ ᠤᠨ ᠬᠡᠰᠢᠬᠦᠳ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠲᠠᠭᠠᠤ᠂ ᠬᠤᠶᠢᠰᠢᠳᠠ ᠶᠢᠨ ᠬᠡᠰᠡᠭ ᠬᠤᠭᠤᠴᠠᠭᠠᠨ ᠳᠤ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠡᠷᠬᠢᠨ ᠤᠯᠠᠨ ᠲᠦᠮᠡᠨ ᠳᠤ ᠪᠠᠨ ᠤᠬᠠᠭᠤᠯᠤᠨ ᠰᠤᠷᠳᠠᠯᠴᠢᠯᠠᠬᠤ ᠲᠤᠬᠠᠢ ᠠᠵᠢᠯ ᠢᠶᠠᠨ  ᠪᠠᠶᠢᠷᠢᠯᠠᠭᠤᠯᠣᠨ᠎ᠠ᠃    ᠰᠤᠷᠤᠯᠴᠠᠯᠭ᠎ᠠ ᠶᠢ ᠡᠷᠬᠢᠮᠯᠡᠬᠦ ᠪᠤᠯ ᠲᠠᠨᠢᠯᠳᠠ ᠪᠠᠨ ᠲᠡᠭᠡᠭᠰᠢᠯᠡᠬᠦᠯᠬᠦ ᠶᠢᠨ ᠲᠡᠷᠢᠬᠦᠨ ᠴᠢᠬᠤᠯᠠ ᠶᠠᠪᠤᠴᠠ ᠪᠤᠯᠤᠨ᠎ᠠ᠃ ᠤᠯᠠᠭᠠᠠᠮᠦ᠋ᠴᠢᠷ ᠨᠢ ᠲᠠᠯ᠎ᠠ ᠨᠤᠳᠤᠬ ᠤᠨ ᠬᠤᠪᠢᠰᠬᠠᠯᠳᠤ ᠤᠳᠬ᠎ᠠ ᠤᠷᠠᠯᠢᠬ ᠤᠨ ᠬᠦᠩᠬᠡᠨ ᠮᠤᠷᠢᠳᠤ ᠴᠡᠷᠢᠭ ᠪᠤᠯᠤᠬᠰᠠᠨ ᠤ ᠬᠤᠪᠢ ᠳᠤ ᠨᠠᠮ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠦᠨᠳᠦᠰᠦᠨ ᠱᠠᠳᠤᠨ ᠤ ᠤᠯᠠᠨ ᠲᠦᠮᠡᠨ ᠳᠤ ᠤᠬᠠᠭᠤᠯᠤᠨ ᠰᠤᠷᠳᠠᠯᠴᠢᠯᠠᠬᠤ ᠲᠠᠷᠬᠠᠨ ᠡᠬᠦᠷᠬᠡ ᠬᠠᠷᠢᠭᠤᠴᠠᠯᠭ᠎ᠠ ᠲᠠᠢ ᠪᠠᠶᠢᠳᠠᠬ ᠠᠴᠠ ᠤᠯᠠᠭᠠᠠᠮᠦ᠋ᠴᠢᠷ ᠤᠨ ᠲᠤᠬᠯᠠᠬᠴᠢᠳ ᠤᠯᠠᠨ ᠠᠴᠠ ᠬᠤᠰᠢᠭᠤᠴᠢᠯᠠᠨ ᠰᠤᠷᠤᠯᠴᠠᠬᠤ ᠶᠤᠰᠤᠳᠠᠢ ᠬᠡᠳᠡᠭ ᠢ ᠲᠡᠳᠡᠨ ᠤ ᠰᠤᠷᠤᠯᠴᠠᠯᠭ᠎ᠠ ᠳᠤ ᠬᠠᠨᠳᠤᠬᠤ ᠤᠪᠤᠷ᠂ ᠰᠤᠷᠤᠯᠴᠠᠯᠭ᠎ᠠ ᠶᠢᠨ ᠢᠳᠡᠪᠬᠢᠵᠢᠯ᠂ ᠰᠤᠷᠤᠯᠴᠠᠬᠰᠠᠨ ᠤᠯᠤᠯᠳᠠ ᠲᠦᠷᠦᠭᠳᠡᠯ ᠠᠴᠠ ᠤᠯᠵᠤ ᠬᠠᠷᠠᠨ᠎ᠠ᠃ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠰᠠᠶᠢᠳᠤᠷ ᠰᠤᠷᠤᠯᠴᠠᠬᠤ ᠶᠢᠨ ᠲᠤᠰᠠᠳᠠ᠂ ᠰᠦᠨᠢᠳ ᠪᠠᠷᠠᠭᠤᠨ ᠬᠤᠰᠢᠭᠤᠨ ᠤ ᠤᠯᠠᠭᠠᠠᠮᠦ᠋ᠴᠢᠷ ᠤᠨ ᠬᠢᠨ ᠬᠠᠮᠳᠤ ᠶᠢᠨ ᠰᠤᠷᠤᠯᠴᠠᠯᠭ᠎ᠠ᠂ ᠬᠤᠪᠢ ᠶᠢᠨ ᠰᠤᠷᠤᠯᠴᠠᠯᠭ᠎ᠠ᠂ ᠤᠷᠤᠢ ᠶᠢᠨ ᠰᠤᠷᠤᠯᠴᠠᠯᠭ᠎ᠠ᠂ ᠨᠠᠮ ᠤᠨ ᠬᠡᠰᠢᠬᠦᠳ ᠤᠷᠢᠳᠴᠢᠯᠠᠨ ᠰᠤᠷᠤᠯᠴᠠᠵᠤ ᠳᠠᠭᠠᠭᠤᠯᠤᠨ ᠰᠤᠷᠤᠯᠴᠠᠬᠤ᠂ ᠪᠦᠬᠦ ᠭᠡᠰᠢᠭᠦᠳ ᠢᠶᠠᠨ ᠵᠤᠬᠢᠶᠠᠨ ᠪᠠᠶᠢᠭᠤᠯᠵᠤ ᠰᠤᠷᠤᠯᠴᠠᠬᠤ᠂ ᠰᠤᠷᠤᠯᠴᠠᠬᠰᠠᠨ ᠤᠯᠤᠯᠳᠠ ᠲᠦᠷᠦᠭᠳᠡᠯ ᠢᠶᠠᠨ ᠬᠤᠪᠢᠶᠠᠯᠴᠠᠬᠤ ᠬᠡᠬᠦ ᠮᠡᠳᠦ ᠪᠠᠷ ᠦᠷ᠎ᠡ ᠪᠦᠳᠦᠮᠵᠢᠳᠡᠢ ᠰᠤᠷᠤᠯᠴᠠᠯᠭ᠎ᠠ ᠶᠢ ᠦᠷᠨᠢᠭᠦᠯᠦᠭᠰᠡᠨ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠤᠯᠠᠭᠠᠠᠮᠦ᠋ᠴᠢᠷ ᠤᠨ ᠬᠡᠰᠢᠭᠦᠳ ᠤᠨ ᠳᠤᠮᠳᠠ ᠴᠢᠩᠭ᠎ᠠ ᠳᠤᠰᠬᠠᠯ ᠭᠠᠷᠤᠬᠰᠠᠨ ᠪᠠᠶᠢᠨ᠎ᠠ᠃     ᠨᠠᠮ ᠤᠨ ᠡᠯ᠎ᠡ ᠵᠦᠢᠯ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠶᠢ ᠲᠠᠭᠤᠤ ᠤᠷᠠᠯᠢᠬ᠂ ᠪᠦᠵᠢᠭ ᠵᠦᠴᠦᠬᠡ ᠶᠢᠨ ᠬᠡᠯᠪᠡᠷᠢ ᠪᠠᠷ ᠦᠷᠭᠡᠨ ᠤᠯᠠᠨ ᠮᠠᠯᠴᠢᠨ ᠲᠠᠷᠢᠶᠠᠴᠢᠳ ᠲᠤ ᠪᠠᠨ ᠤᠬᠠᠭᠤᠯᠤᠨ ᠰᠤᠷᠳᠠᠯᠴᠢᠯᠠᠳᠠᠬ ᠨᠢ ᠤᠯᠠᠭᠠᠠᠮᠦ᠋ᠴᠢᠷ ᠤᠨ ᠠᠵᠢᠯ ᠤᠨ ᠲᠠᠪᠠᠭᠤᠯᠢᠬ ᠮᠦᠷᠳᠡᠭᠡᠨ ᠤᠨᠴᠠᠯᠢᠬ ᠪᠤᠯᠤᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号