ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠰᠤᠭᠠᠢ
ᠨᠡᠶᠢᠲᠡᠯᠡᠭᠰᠡᠨ ᠴᠠᠭ᠄
2021/10/27
    ᠮᠠᠨ ᠤ ᠠᠶᠢᠮᠠᠭ ᠤᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠵᠠᠩᠬᠢᠯᠠᠭ᠎ᠠ ᠪᠤᠯ ᠨᠠᠶᠢᠳᠠᠪᠤᠷᠢᠵᠢᠭᠤᠯᠤᠯᠲᠠ ᠪᠠᠶᠢᠵᠦ᠂ ᠭᠤᠤᠯᠳᠠᠭᠤ ᠪᠤᠳᠠᠳᠦ ᠠᠵᠢᠯᠯᠠᠭ᠎ᠠ ᠳᠤ ᠲᠦᠰᠢᠭᠯᠡᠨ᠎ᠠ᠃ ᠪᠢᠳᠡ ᠵᠦᠪᠬᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠮᠠᠨᠵᠢᠨ ᠰᠠᠶ᠋ᠢ ᠡᠯ᠎ᠠ ᠲᠠᠯ᠎ᠠ ᠶᠢᠨ ᠠᠵᠢᠯ ᠲᠡᠭᠡᠷ᠎ᠡ ᠰᠢᠨ᠎ᠡ ᠰᠢᠪᠲᠤᠯᠤᠯᠲᠠ ᠶᠢ ᠡᠬᠦᠳᠴᠦ᠂ ᠰᠢᠨ᠎ᠡ ᠦᠷ᠎ᠡ ᠪᠦᠲᠦᠮᠵᠢ ᠭᠠᠷᠭᠠᠵᠦ ᠴᠢᠳᠠᠨ᠎ᠠ᠃     ᠨᠠᠶᠢᠳᠠᠪᠤᠷᠢᠵᠢᠭᠤᠯᠤᠯᠲᠠ ᠶᠢ ᠴᠠᠭ ᠲᠤᠬᠠᠢ ᠳᠤ ᠨᠢ ᠰᠠᠶᠢᠲᠤᠷ ᠠᠳᠬᠤᠬᠤ ᠭᠡᠷᠡᠭᠳᠠᠢ᠃ ︽ᠠᠷᠪᠠᠨ ᠲᠦᠷᠪᠡᠳᠦᠭᠡᠷ ᠲᠠᠪᠤᠨ ᠵᠢᠯ︾᠎ ᠤᠨ ᠰᠢᠨ᠎ᠡ ᠭᠠᠷᠤᠭᠠᠨ ᠲᠡᠭᠡᠷ᠎ᠡ᠂ ᠪᠢᠳᠡ ᠡᠷᠭᠡᠪᠰᠢ ᠦᠷᠯᠦᠭᠡ ᠦᠳᠡᠰᠢ ᠶᠢ ᠲᠡᠮᠡᠴᠡᠨ ᠠᠵᠢᠯᠯᠠᠵᠦ᠂ ᠤᠴᠢᠷ ᠶᠠᠪᠤᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ ᠰᠢᠢᠳᠪᠦᠷᠢᠲᠤ ᠪᠤᠳᠤᠯᠭ᠎ᠠ ᠶᠢ ᠲᠠᠷᠤᠢ ᠲᠦᠷᠭᠡᠨ ᠬᠡᠷᠡᠭᠵᠢᠬᠦᠯᠵᠦ᠂ ᠠᠵᠠ ᠲᠤᠬᠢᠶᠠᠯ ᠢ ᠪᠠᠲᠤᠲᠠᠢ ᠡᠵᠡᠮᠳᠡᠵᠦ᠂ ᠲᠦᠷᠦᠯ ᠵᠦᠢᠯ ᠢ ᠪᠦᠲᠦᠮᠵᠢᠲᠠᠢ ᠠᠬᠢᠭᠤᠯᠬᠤ ᠭᠡᠷᠡᠭᠲᠡᠢ᠃     ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠨᠢᠮᠪᠠᠢ ᠠᠵᠢᠯᠯᠠᠬᠤ ᠭᠡᠷᠡᠭᠲᠡᠢ᠃ ᠨᠠᠮ ᠤᠨ ᠲᠦᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠦ᠂ ᠶᠠᠰᠤ ᠴᠢᠨᠠᠷ ᠢ ᠪᠠᠲᠤᠯᠠᠵᠦ᠂ ᠪᠤᠳᠠᠳᠠᠢ ᠠᠷᠭ᠎ᠠ ᠬᠡᠮᠵᠢᠶ᠎ᠡ ᠠᠪᠴᠦ᠂ ᠮᠦᠷᠳᠡᠨ ᠪᠠᠶᠢᠴᠠᠭᠠᠬᠤ ᠪᠠᠨ ᠴᠢᠩᠭᠠᠳᠬᠠᠵᠦ ᠪᠠᠶᠢᠭᠠᠳ ᠠᠵᠢᠯ ᠢᠶᠠᠨ ᠦᠨᠡᠨ ᠬᠦ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ᠃ ᠠᠵᠢᠯ ᠬᠢᠵᠦ ᠦᠢᠯᠡᠰ ᠪᠦᠲᠦᠭᠡᠬᠦ ᠳᠤ ᠠᠰᠠᠭᠤᠳᠠᠯ ᠢ ᠬᠦᠢᠴᠡᠳ ᠪᠤᠳᠤᠯᠬᠢᠯᠠᠨ᠂ ᠨᠠᠷᠢᠨ ᠵᠦᠢᠯᠡᠰ ᠢ ᠢᠯᠡᠬᠦᠦ ᠠᠩᠬᠠᠷᠴᠦ᠂ ᠠᠰᠠᠭᠤᠳᠠᠯ ᠭᠠᠷᠴᠦ ᠮᠡᠳᠡᠬᠦ ᠭᠤᠭᠴᠤᠭ᠎ᠠ ᠶᠢ ᠨᠢᠭᠳᠠ ᠠᠩᠬᠠᠷᠤᠨ᠂ ᠡᠬᠦᠷᠭᠡ ᠬᠠᠷᠠᠯᠳᠠ ᠪᠠᠨ ᠠᠮᠵᠢᠯᠳᠠᠳᠠᠢ ᠪᠡᠶᠡᠯᠡᠬᠦᠯᠬᠦ ᠭᠡᠷᠡᠭᠲᠡᠢ᠃     ᠰᠢᠨ᠎ᠠ ᠶᠢ ᠰᠡᠳᠬᠢᠵᠦ ᠨᠠᠶᠢᠳᠠᠪᠤᠷᠢᠵᠢᠭᠤᠯᠤᠯᠳᠠ ᠶᠢ ᠠᠳᠬᠤᠬᠤ ᠭᠡᠷᠡᠭᠲᠡᠢ᠃ ᠤᠯᠤᠰ ᠤᠨ ᠲᠤᠳᠤᠭᠠᠳᠤ ᠭᠠᠳᠠᠭᠠᠳᠤ ᠶᠢᠨ ᠤᠷᠴᠢᠨ ᠤ ᠬᠦᠨ ᠬᠦᠨᠵᠡᠭᠡᠢ ᠬᠤᠪᠢᠷᠠᠯᠳᠠ ᠠᠴᠠ ᠪᠤᠯᠤᠭᠰᠠᠨ ᠰᠢᠨ᠎ᠠ ᠠᠵᠠ ᠲᠤᠬᠢᠶᠠᠯ ᠰᠢᠨ᠎ᠠ ᠦᠷᠢᠰᠦᠯᠳᠦᠭᠡᠨ ᠳᠤ ᠬᠠᠨᠳᠤᠨ᠂ ᠵᠤᠷᠢᠭᠳᠠᠢ ᠪᠠᠷ ᠦᠭᠡᠷᠡᠴᠢᠯᠡᠯᠲᠡ ᠶᠢ ᠠᠬᠢᠭᠤᠯᠵᠤ᠂ ᠰᠢᠨ᠎ᠠ ᠶᠢ ᠡᠬᠦᠳᠬᠦ ᠭᠡᠷᠡᠭᠲᠡᠢ᠃ ᠪᠢᠳᠠᠨ ᠳᠤ ᠦᠩᠭᠡᠷᠡᠭᠰᠡᠨ ᠤ ᠠᠯᠢ ᠦᠶ᠎ᠠ ᠠᠴᠠ ᠴᠦ ᠢᠯᠡᠬᠦᠤ ᠰᠢᠨ᠎ᠠ ᠶᠢ ᠡᠬᠦᠳᠬᠦ ᠡᠨᠡ ᠬᠦ ᠬᠦᠳᠡᠯᠭᠡᠬᠦ ᠬᠦᠴᠦᠨ  ᠲᠣᠯᠭᠠᠮ᠎ᠠ ᠱᠠᠭᠠᠷᠳᠠᠭᠳᠠᠵᠤ᠂ ᠬᠠᠤᠯᠢᠵᠢᠯ ᠤᠨ ᠰᠡᠳᠬᠢᠬᠦᠢ᠂ ᠦᠭᠡᠷᠡᠴᠢᠯᠡᠯᠲᠡ ᠶᠢᠨ ᠠᠷᠭ᠎ᠠ᠂ ᠵᠠᠬ᠎ᠠ ᠲᠡᠯᠭᠡᠬᠦᠷ ᠤᠨ ᠠᠷᠭ᠎ᠠ ᠪᠠᠷ ᠬᠦᠭᠵᠢᠯᠲᠡ ᠶᠢ ᠲᠦᠯᠦᠪᠯᠡᠵᠤ᠂ ᠠᠵᠢᠯ ᠢᠶᠠᠨ ᠠᠬᠢᠭᠤᠯᠬᠤ ᠭᠡᠷᠡᠭᠲᠡᠢ᠃ ᠠᠰᠠᠭᠤᠳᠠᠯ ᠵᠦᠷᠢᠴᠡᠯ ᠬᠠᠮᠢᠭ᠎ᠠ ᠪᠠᠶᠢᠪᠠᠯ ᠦᠭᠡᠷᠡᠴᠢᠯᠡᠯᠲᠡ ᠰᠢᠨᠡᠴᠢᠯᠡᠯᠲᠡ ᠲᠡᠨᠳᠠ ᠴᠢᠭᠯᠡᠵᠤ᠂ ᠦᠭᠡᠷᠡᠴᠢᠯᠡᠯᠲᠡ ᠰᠢᠨᠡᠴᠢᠯᠡᠯᠲᠡ ᠪᠠᠷ ᠲᠠᠮᠵᠢᠨ ᠨᠠᠶᠢᠳᠠᠪᠤᠷᠢᠵᠢᠭᠤᠯᠤᠯᠳᠠ ᠶᠢ ᠠᠳᠬᠤᠬᠤ ᠬᠦᠴᠦᠷᠭᠡᠭ ᠬᠦᠳᠡᠯᠭᠡᠬᠦ ᠬᠦᠴᠦᠨ ᠢ ᠨᠢᠭᠳᠠᠷᠠᠭᠤᠯᠬᠤ ᠭᠡᠷᠡᠭᠲᠡᠢ᠃     ᠲᠦᠷᠦᠯ ᠵᠦᠢᠯ ᠳᠤ ᠠᠩᠬᠠᠷᠤᠯ ᠢᠶᠠᠨ ᠲᠦᠪᠯᠡᠷᠡᠬᠦᠯᠵᠤ ᠨᠠᠶᠢᠳᠠᠪᠤᠷᠢᠵᠢᠭᠤᠯᠤᠯᠳᠠ ᠶᠢ ᠠᠳᠬᠤᠬᠤ ᠭᠡᠷᠡᠭᠲᠡᠢ᠃ ᠲᠦᠷᠦᠯ ᠵᠦᠢᠯ ᠪᠤᠯ ᠬᠦᠭᠵᠢᠯᠲᠡ ᠶᠢ ᠲᠤᠯᠭᠠᠭᠤᠷᠢᠯᠠᠬᠤ ᠦᠯᠢᠬᠦᠷ᠂ ᠢᠷᠡᠭᠡᠲᠦᠢ ᠶᠢ ᠲᠤᠭᠳᠠᠭᠠᠬᠤ ᠠᠮᠢᠨ ᠰᠤᠳᠠᠰᠤ᠂ ᠺᠠᠳ᠋ᠷ ᠢ ᠰᠢᠯᠭᠠᠬᠤ ᠰᠢᠯᠭᠠᠭᠤᠷ ᠪᠤᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠠᠵᠢᠯ ᠢᠶᠠᠨ ᠪᠤᠳᠠᠳᠠᠢ ᠲᠦᠷᠦᠯ ᠵᠦᠢᠯ ᠲᠡᠭᠡᠷ᠎ᠠ ᠨᠠᠶᠢᠳᠠᠪᠤᠷᠢᠵᠢᠭᠤᠯᠵᠤ᠂ ᠢᠳᠡᠪᠬᠢᠳᠠᠢ ᠡᠬᠦᠷᠭᠡᠯᠡᠵᠤ᠂ ᠡᠬᠦᠷᠭᠡ ᠪᠠᠨ ᠪᠤᠳᠠᠳᠠᠢ ᠠᠷᠠᠯᠵᠢᠶᠠᠴᠢᠨ ᠤᠷᠢᠬᠤ ᠲᠦᠷᠦᠯ ᠵᠦᠢᠯ᠂ ᠠᠵᠤ ᠦᠢᠯᠡᠰ ᠤᠨ ᠲᠦᠷᠦᠯ ᠵᠦᠢᠯ᠂ ᠠᠷᠠᠳ ᠤᠨ ᠠᠮᠢᠳᠤᠷᠠᠯ ᠤᠨ ᠲᠦᠷᠦᠯ ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠠᠴᠢᠯᠡᠯᠲᠡ ᠶᠢᠨ ᠲᠦᠷᠦᠯ ᠵᠦᠢᠯ ᠵᠡᠷᠭᠡ ᠪᠤᠯᠭᠠᠨ ᠬᠤᠪᠢᠷᠠᠭᠤᠯᠵᠤ᠂ ᠭᠡᠷᠡᠭᠵᠢᠬᠦᠯᠬᠦ ᠲᠦᠰᠦᠯ ᠲᠤᠭᠳᠠᠭᠠᠬᠤ ᠭᠡᠷᠡᠭᠲᠡᠢ᠃ ᠪᠤᠳᠠᠳᠠᠢ ᠲᠦᠷᠦᠯ ᠵᠦᠢᠯ ᠢᠶᠠᠷ ᠲᠠᠮᠵᠢᠨ ᠪᠠᠶᠠᠨ ᠴᠢᠨᠡᠭᠡᠯᠢᠭ ᠪᠤᠯᠪᠠᠰᠤᠨ ᠦᠵᠡᠰᠬᠦᠯᠡᠩᠳᠤ ᠰᠠᠶᠢᠬᠠᠨ ᠵᠤᠯ ᠵᠢᠷᠭᠠᠯᠳᠤ ᠰᠢᠯᠢ ᠶᠢᠨ ᠭᠤᠤᠯ ᠢ ᠪᠦᠲᠦᠭᠡᠨ ᠪᠠᠶᠢᠭᠤᠯᠬᠤ ᠬᠠᠷᠠᠯᠳᠠ ᠶᠢ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠴᠢᠨᠠᠷ ᠰᠠᠶᠢᠳᠠᠢ ᠬᠦᠭᠵᠢᠯᠲᠡ ᠶᠢᠨ ᠲᠤᠮᠤ ᠠᠰᠠᠷ ᠢ ᠲᠤᠯᠭᠠᠭᠤᠷᠢᠯᠠᠬᠤ ᠭᠡᠷᠡᠭᠲᠡᠢ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号