ᠮᠠᠨ ᠤ ᠠᠶᠢᠮᠠᠭ ᠤᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠵᠠᠩᠬᠢᠯᠠᠭ᠎ᠠ ᠪᠤᠯ ᠨᠠᠶᠢᠳᠠᠪᠤᠷᠢᠵᠢᠭᠤᠯᠤᠯᠲᠠ | ᠪᠠᠶᠢᠵᠦ᠂ ᠭᠤᠤᠯᠳᠠᠭᠤ ᠪᠤᠳᠠᠳᠦ ᠠᠵᠢᠯᠯᠠᠭ᠎ᠠ ᠳᠤ ᠲᠦᠰᠢᠭᠯᠡᠨ᠎ᠠ᠃ ᠪᠢᠳᠡ ᠵᠦᠪᠬᠡᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠮᠠᠨᠵᠢᠨ ᠰᠠᠶ᠋ᠢ ᠡᠯ᠎ᠠ ᠲᠠᠯ᠎ᠠ ᠶᠢᠨ ᠠᠵᠢᠯ ᠲᠡᠭᠡᠷ᠎ᠡ ᠰᠢᠨ᠎ᠡ ᠰᠢᠪᠲᠤᠯᠤᠯᠲᠠ ᠶᠢ ᠡᠬᠦᠳᠴᠦ᠂ ᠰᠢᠨ᠎ᠡ | ᠦᠷ᠎ᠡ ᠪᠦᠲᠦᠮᠵᠢ ᠭᠠᠷᠭᠠᠵᠦ ᠴᠢᠳᠠᠨ᠎ᠠ᠃ | ᠨᠠᠶᠢᠳᠠᠪᠤᠷᠢᠵᠢᠭᠤᠯᠤᠯᠲᠠ ᠶᠢ ᠴᠠᠭ ᠲᠤᠬᠠᠢ ᠳᠤ ᠨᠢ ᠰᠠᠶᠢᠲᠤᠷ ᠠᠳᠬᠤᠬᠤ ᠭᠡᠷᠡᠭᠳᠠᠢ᠃ ︽ᠠᠷᠪᠠᠨ | ᠲᠦᠷᠪᠡᠳᠦᠭᠡᠷ ᠲᠠᠪᠤᠨ ᠵᠢᠯ︾ ᠤᠨ ᠰᠢᠨ᠎ᠡ ᠭᠠᠷᠤᠭᠠᠨ ᠲᠡᠭᠡᠷ᠎ᠡ᠂ ᠪᠢᠳᠡ ᠡᠷᠭᠡᠪᠰᠢ ᠦᠷᠯᠦᠭᠡ ᠦᠳᠡᠰᠢ ᠶᠢ ᠲᠡᠮᠡᠴᠡᠨ | ᠠᠵᠢᠯᠯᠠᠵᠦ᠂ ᠤᠴᠢᠷ ᠶᠠᠪᠤᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ ᠰᠢᠢᠳᠪᠦᠷᠢᠲᠤ ᠪᠤᠳᠤᠯᠭ᠎ᠠ ᠶᠢ ᠲᠠᠷᠤᠢ | ᠲᠦᠷᠭᠡᠨ ᠬᠡᠷᠡᠭᠵᠢᠬᠦᠯᠵᠦ᠂ ᠠᠵᠠ ᠲᠤᠬᠢᠶᠠᠯ ᠢ ᠪᠠᠲᠤᠲᠠᠢ ᠡᠵᠡᠮᠳᠡᠵᠦ᠂ ᠲᠦᠷᠦᠯ ᠵᠦᠢᠯ ᠢ ᠪᠦᠲᠦᠮᠵᠢᠲᠠᠢ ᠠᠬᠢᠭᠤᠯᠬᠤ | ᠭᠡᠷᠡᠭᠲᠡᠢ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠨᠢᠮᠪᠠᠢ ᠠᠵᠢᠯᠯᠠᠬᠤ ᠭᠡᠷᠡᠭᠲᠡᠢ᠃ ᠨᠠᠮ ᠤᠨ ᠲᠦᠪ ᠬᠤᠷᠢᠶ᠎ᠠ᠂ | ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠦ᠂ ᠶᠠᠰᠤ ᠴᠢᠨᠠᠷ ᠢ ᠪᠠᠲᠤᠯᠠᠵᠦ᠂ | ᠪᠤᠳᠠᠳᠠᠢ ᠠᠷᠭ᠎ᠠ ᠬᠡᠮᠵᠢᠶ᠎ᠡ ᠠᠪᠴᠦ᠂ ᠮᠦᠷᠳᠡᠨ ᠪᠠᠶᠢᠴᠠᠭᠠᠬᠤ ᠪᠠᠨ ᠴᠢᠩᠭᠠᠳᠬᠠᠵᠦ ᠪᠠᠶᠢᠭᠠᠳ ᠠᠵᠢᠯ ᠢᠶᠠᠨ ᠦᠨᠡᠨ | ᠬᠦ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠲᠡᠢ᠃ ᠠᠵᠢᠯ ᠬᠢᠵᠦ ᠦᠢᠯᠡᠰ ᠪᠦᠲᠦᠭᠡᠬᠦ ᠳᠤ ᠠᠰᠠᠭᠤᠳᠠᠯ ᠢ ᠬᠦᠢᠴᠡᠳ | ᠪᠤᠳᠤᠯᠬᠢᠯᠠᠨ᠂ ᠨᠠᠷᠢᠨ ᠵᠦᠢᠯᠡᠰ ᠢ ᠢᠯᠡᠬᠦᠦ ᠠᠩᠬᠠᠷᠴᠦ᠂ ᠠᠰᠠᠭᠤᠳᠠᠯ ᠭᠠᠷᠴᠦ ᠮᠡᠳᠡᠬᠦ ᠭᠤᠭᠴᠤᠭ᠎ᠠ ᠶᠢ ᠨᠢᠭᠳᠠ | ᠠᠩᠬᠠᠷᠤᠨ᠂ ᠡᠬᠦᠷᠭᠡ ᠬᠠᠷᠠᠯᠳᠠ ᠪᠠᠨ ᠠᠮᠵᠢᠯᠳᠠᠳᠠᠢ ᠪᠡᠶᠡᠯᠡᠬᠦᠯᠬᠦ ᠭᠡᠷᠡᠭᠲᠡᠢ᠃ | ᠰᠢᠨ᠎ᠠ ᠶᠢ ᠰᠡᠳᠬᠢᠵᠦ ᠨᠠᠶᠢᠳᠠᠪᠤᠷᠢᠵᠢᠭᠤᠯᠤᠯᠳᠠ ᠶᠢ ᠠᠳᠬᠤᠬᠤ ᠭᠡᠷᠡᠭᠲᠡᠢ᠃ ᠤᠯᠤᠰ ᠤᠨ ᠲᠤᠳᠤᠭᠠᠳᠤ | ᠭᠠᠳᠠᠭᠠᠳᠤ ᠶᠢᠨ ᠤᠷᠴᠢᠨ ᠤ ᠬᠦᠨ ᠬᠦᠨᠵᠡᠭᠡᠢ ᠬᠤᠪᠢᠷᠠᠯᠳᠠ ᠠᠴᠠ ᠪᠤᠯᠤᠭᠰᠠᠨ ᠰᠢᠨ᠎ᠠ ᠠᠵᠠ ᠲᠤᠬᠢᠶᠠᠯ ᠰᠢᠨ᠎ᠠ | ᠦᠷᠢᠰᠦᠯᠳᠦᠭᠡᠨ ᠳᠤ ᠬᠠᠨᠳᠤᠨ᠂ ᠵᠤᠷᠢᠭᠳᠠᠢ ᠪᠠᠷ ᠦᠭᠡᠷᠡᠴᠢᠯᠡᠯᠲᠡ ᠶᠢ ᠠᠬᠢᠭᠤᠯᠵᠤ᠂ ᠰᠢᠨ᠎ᠠ ᠶᠢ ᠡᠬᠦᠳᠬᠦ ᠭᠡᠷᠡᠭᠲᠡᠢ᠃ | ᠪᠢᠳᠠᠨ ᠳᠤ ᠦᠩᠭᠡᠷᠡᠭᠰᠡᠨ ᠤ ᠠᠯᠢ ᠦᠶ᠎ᠠ ᠠᠴᠠ ᠴᠦ ᠢᠯᠡᠬᠦᠤ ᠰᠢᠨ᠎ᠠ ᠶᠢ ᠡᠬᠦᠳᠬᠦ ᠡᠨᠡ ᠬᠦ ᠬᠦᠳᠡᠯᠭᠡᠬᠦ ᠬᠦᠴᠦᠨ | ᠲᠣᠯᠭᠠᠮ᠎ᠠ ᠱᠠᠭᠠᠷᠳᠠᠭᠳᠠᠵᠤ᠂ ᠬᠠᠤᠯᠢᠵᠢᠯ ᠤᠨ ᠰᠡᠳᠬᠢᠬᠦᠢ᠂ ᠦᠭᠡᠷᠡᠴᠢᠯᠡᠯᠲᠡ ᠶᠢᠨ ᠠᠷᠭ᠎ᠠ᠂ ᠵᠠᠬ᠎ᠠ ᠲᠡᠯᠭᠡᠬᠦᠷ ᠤᠨ | ᠠᠷᠭ᠎ᠠ ᠪᠠᠷ ᠬᠦᠭᠵᠢᠯᠲᠡ ᠶᠢ ᠲᠦᠯᠦᠪᠯᠡᠵᠤ᠂ ᠠᠵᠢᠯ ᠢᠶᠠᠨ ᠠᠬᠢᠭᠤᠯᠬᠤ ᠭᠡᠷᠡᠭᠲᠡᠢ᠃ ᠠᠰᠠᠭᠤᠳᠠᠯ ᠵᠦᠷᠢᠴᠡᠯ ᠬᠠᠮᠢᠭ᠎ᠠ | ᠪᠠᠶᠢᠪᠠᠯ ᠦᠭᠡᠷᠡᠴᠢᠯᠡᠯᠲᠡ ᠰᠢᠨᠡᠴᠢᠯᠡᠯᠲᠡ ᠲᠡᠨᠳᠠ ᠴᠢᠭᠯᠡᠵᠤ᠂ ᠦᠭᠡᠷᠡᠴᠢᠯᠡᠯᠲᠡ ᠰᠢᠨᠡᠴᠢᠯᠡᠯᠲᠡ ᠪᠠᠷ ᠲᠠᠮᠵᠢᠨ | ᠨᠠᠶᠢᠳᠠᠪᠤᠷᠢᠵᠢᠭᠤᠯᠤᠯᠳᠠ ᠶᠢ ᠠᠳᠬᠤᠬᠤ ᠬᠦᠴᠦᠷᠭᠡᠭ ᠬᠦᠳᠡᠯᠭᠡᠬᠦ ᠬᠦᠴᠦᠨ ᠢ ᠨᠢᠭᠳᠠᠷᠠᠭᠤᠯᠬᠤ ᠭᠡᠷᠡᠭᠲᠡᠢ᠃ | ᠲᠦᠷᠦᠯ ᠵᠦᠢᠯ ᠳᠤ ᠠᠩᠬᠠᠷᠤᠯ ᠢᠶᠠᠨ ᠲᠦᠪᠯᠡᠷᠡᠬᠦᠯᠵᠤ ᠨᠠᠶᠢᠳᠠᠪᠤᠷᠢᠵᠢᠭᠤᠯᠤᠯᠳᠠ ᠶᠢ ᠠᠳᠬᠤᠬᠤ ᠭᠡᠷᠡᠭᠲᠡᠢ᠃ | ᠲᠦᠷᠦᠯ ᠵᠦᠢᠯ ᠪᠤᠯ ᠬᠦᠭᠵᠢᠯᠲᠡ ᠶᠢ ᠲᠤᠯᠭᠠᠭᠤᠷᠢᠯᠠᠬᠤ ᠦᠯᠢᠬᠦᠷ᠂ ᠢᠷᠡᠭᠡᠲᠦᠢ ᠶᠢ ᠲᠤᠭᠳᠠᠭᠠᠬᠤ ᠠᠮᠢᠨ ᠰᠤᠳᠠᠰᠤ᠂ | ᠺᠠᠳ᠋ᠷ ᠢ ᠰᠢᠯᠭᠠᠬᠤ ᠰᠢᠯᠭᠠᠭᠤᠷ ᠪᠤᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠠᠵᠢᠯ ᠢᠶᠠᠨ ᠪᠤᠳᠠᠳᠠᠢ ᠲᠦᠷᠦᠯ | ᠵᠦᠢᠯ ᠲᠡᠭᠡᠷ᠎ᠠ ᠨᠠᠶᠢᠳᠠᠪᠤᠷᠢᠵᠢᠭᠤᠯᠵᠤ᠂ ᠢᠳᠡᠪᠬᠢᠳᠠᠢ ᠡᠬᠦᠷᠭᠡᠯᠡᠵᠤ᠂ ᠡᠬᠦᠷᠭᠡ ᠪᠠᠨ ᠪᠤᠳᠠᠳᠠᠢ ᠠᠷᠠᠯᠵᠢᠶᠠᠴᠢᠨ ᠤᠷᠢᠬᠤ | ᠲᠦᠷᠦᠯ ᠵᠦᠢᠯ᠂ ᠠᠵᠤ ᠦᠢᠯᠡᠰ ᠤᠨ ᠲᠦᠷᠦᠯ ᠵᠦᠢᠯ᠂ ᠠᠷᠠᠳ ᠤᠨ ᠠᠮᠢᠳᠤᠷᠠᠯ ᠤᠨ ᠲᠦᠷᠦᠯ ᠵᠦᠢᠯ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨᠠᠴᠢᠯᠡᠯᠲᠡ ᠶᠢᠨ ᠲᠦᠷᠦᠯ ᠵᠦᠢᠯ ᠵᠡᠷᠭᠡ ᠪᠤᠯᠭᠠᠨ ᠬᠤᠪᠢᠷᠠᠭᠤᠯᠵᠤ᠂ ᠭᠡᠷᠡᠭᠵᠢᠬᠦᠯᠬᠦ | ᠲᠦᠰᠦᠯ ᠲᠤᠭᠳᠠᠭᠠᠬᠤ ᠭᠡᠷᠡᠭᠲᠡᠢ᠃ ᠪᠤᠳᠠᠳᠠᠢ ᠲᠦᠷᠦᠯ ᠵᠦᠢᠯ ᠢᠶᠠᠷ ᠲᠠᠮᠵᠢᠨ ᠪᠠᠶᠠᠨ ᠴᠢᠨᠡᠭᠡᠯᠢᠭ ᠪᠤᠯᠪᠠᠰᠤᠨ | ᠦᠵᠡᠰᠬᠦᠯᠡᠩᠳᠤ ᠰᠠᠶᠢᠬᠠᠨ ᠵᠤᠯ ᠵᠢᠷᠭᠠᠯᠳᠤ ᠰᠢᠯᠢ ᠶᠢᠨ ᠭᠤᠤᠯ ᠢ ᠪᠦᠲᠦᠭᠡᠨ ᠪᠠᠶᠢᠭᠤᠯᠬᠤ ᠬᠠᠷᠠᠯᠳᠠ ᠶᠢ | ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠴᠢᠨᠠᠷ ᠰᠠᠶᠢᠳᠠᠢ ᠬᠦᠭᠵᠢᠯᠲᠡ ᠶᠢᠨ ᠲᠤᠮᠤ ᠠᠰᠠᠷ ᠢ ᠲᠤᠯᠭᠠᠭᠤᠷᠢᠯᠠᠬᠤ | ᠭᠡᠷᠡᠭᠲᠡᠢ᠃ | |