ᠲᠤᠤᠷ ᠰᠦᠯᠵᠢᠶ᠎ᠠ ᠨᠡᠪᠳᠡᠷᠡᠵᠤ ᠲᠠᠯ᠎ᠡ ᠶᠢᠨ ᠮᠠᠯᠴᠢᠳ ᠪᠠᠶᠠᠷᠯᠠᠨ᠎ᠡ
ᠨᠡᠶᠢᠲᠡᠯᠡᠭᠰᠡᠨ ᠴᠠᠭ᠄
2021/10/9
    ᠵᠡᠬᠦᠨ ᠦᠵᠤᠮᠤᠴᠢᠨ ᠬᠤᠰᠢᠭᠤᠨ ᠤ ᠨᠤᠳᠤᠬ ᠪᠡᠯᠴᠢᠬᠡᠷ ᠦᠷᠭᠡᠨ ᠠᠭᠤᠳᠠᠮ᠂ ᠬᠦᠮᠦᠨ ᠠᠮᠠ ᠳᠠᠷᠠᠬᠠᠢ ᠰᠠᠭᠤᠷᠢᠰᠢᠳᠠᠬ ᠪᠤᠯᠬᠤᠷ ᠵᠠᠷᠢᠮ ᠬᠢᠯᠢ ᠳᠠᠭᠠᠤ ᠮᠠᠯᠵᠢᠬᠤ ᠡᠷᠤᠬᠡ ᠶᠢᠨ ᠰᠦᠯᠵᠢᠶᠡᠨ ᠤ ᠳᠤᠬᠢᠶ᠎ᠠ ᠨᠢ ᠳᠤᠬᠳᠠᠪᠦᠷᠢ ᠦᠬᠡᠢ᠂ ᠷᠠᠳᠢᠤ᠋ ᠲᠧᠯᠸᠢᠰ ᠤᠨ ᠨᠡᠪᠳᠡᠷᠡᠭᠦᠯᠬᠡ ᠶᠢ ᠬᠡᠪ ᠤᠨ ᠪᠠᠶᠢᠳᠠᠯ ᠢᠶᠠᠷ ᠬᠦᠯᠢᠶᠡᠨ ᠠᠪᠴᠤ ᠦᠵᠡᠵᠤ ᠰᠤᠨᠤᠰᠴᠤ ᠳᠡᠶᠢᠯᠬᠦ ᠦᠬᠡᠢ ᠪᠠᠶᠢᠳᠠᠬ᠃     ᠤᠢᠢᠷ᠎ᠠ ᠶᠢᠨ ᠡᠳᠤᠷ᠂ ᠳᠤᠰ ᠬᠤᠰᠢᠭᠤᠨ ᠤ ᠴᠠᠬᠢᠯᠭᠠᠨ ᠬᠤᠯᠪᠤᠭ᠎ᠠ ᠺᠤᠮᠫᠠᠨᠢ ᠶᠢᠨ ᠠᠵᠢᠯᠳᠠᠨ ᠰᠠᠮᠠᠢ ᠰᠤᠮᠤᠨ ᠤ ᠪᠠᠶᠠᠬᠤᠪᠤᠭ᠎ᠠ ᠭᠠᠴᠠᠭᠠᠨ ᠤ ᠮᠠᠯᠴᠢᠳ ᠲᠤ ᠤᠳᠠᠰᠤ ᠦᠬᠡᠢ ᠰᠦᠯᠵᠢᠶ᠎ᠠ ᠤᠬᠰᠠᠷᠠᠨ ᠦᠭᠴᠤ᠂ ᠮᠠᠯᠴᠢᠳ ᠲᠤ ᠬᠤᠶᠢᠮᠤᠷ ᠲᠤ ᠪᠠᠨ ᠰᠠᠭᠠᠳᠠᠵᠤ ᠬᠤᠷᠸ᠎ᠠ ᠶᠢᠷᠳᠢᠨᠴᠤ ᠶᠢᠨ ᠰᠤᠨᠢᠨ ᠢ ᠴᠠᠬ ᠳᠤᠬᠠᠢ ᠳᠤ ᠨᠢ ᠬᠦᠯᠢᠶᠠᠨ ᠠᠪᠴᠤ ᠦᠵᠡᠵᠤ ᠰᠤᠨᠤᠰᠴᠤ ᠳᠡᠶᠢᠯᠬᠦ ᠪᠤᠯᠤᠮᠵᠢ ᠶᠢ ᠤᠯᠭᠤᠬᠰᠠᠨ ᠪᠠᠶᠢᠨ᠎ᠠ᠃     ᠰᠠᠮᠠᠢ ᠰᠤᠮᠤᠨ ᠤ ᠪᠠᠶᠠᠬᠤᠪᠤᠭ᠎ᠠ ᠭᠠᠴᠠᠭ᠎ᠠ ᠪᠤᠯᠤᠨ ᠳᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠵᠡᠬᠦᠨ ᠦᠵᠤᠮᠤᠴᠢᠨ ᠬᠤᠰᠢᠭᠤᠨ ᠳᠠᠬᠢ ᠬᠤᠪᠢᠶᠠᠷᠢ ᠺᠤᠮᠫᠠᠨᠢ ᠶᠢᠨ ᠵᠤᠬᠢᠴᠠᠭᠤᠯᠭ᠎ᠠ ᠪᠠᠷ ᠳᠠᠮᠵᠢᠨ᠂ ᠡᠨᠡ ᠵᠢᠯ ᠤᠨ ᠡᠬᠢ ᠪᠠᠷ ᠮᠠᠯᠵᠢᠬᠤ ᠡᠷᠤᠬᠡ ᠳᠤ ᠤᠳᠠᠰᠤ ᠦᠬᠡᠢ ᠰᠦᠯᠵᠢᠶ᠎ᠠ ᠤᠬᠰᠠᠷᠠᠬᠤ ᠢᠨᠵᠧᠨᠧᠷᠢᠩ ᠢ ᠡᠮᠬᠢ ᠵᠢᠷᠤᠮ ᠲᠠᠢ ᠦᠷᠨᠢᠬᠦᠯᠵᠤ ᠡᠬᠢᠯᠡᠪᠡ᠃ ᠨᠢᠬᠡ ᠰᠠᠭᠤᠷᠢ ᠳᠤᠬᠢᠶᠠᠨ ᠤ ᠰᠤᠪᠤᠷᠭ᠎ᠠ ᠶᠢ ᠪᠠᠶᠢᠭᠤᠯᠬᠤ ᠳᠤ ᠬᠤᠶᠠᠷ ᠲᠦᠮᠡᠨ ᠲᠦᠭᠦᠷᠢᠭ ᠤᠨ ᠵᠠᠷᠤᠳᠠᠯ ᠵᠠᠷᠤᠴᠠᠭᠤᠯᠬᠤ ᠪᠤᠯᠬᠤᠷ ᠪᠠᠶᠠᠬᠤᠪᠤᠭ᠎ᠠ ᠭᠠᠴᠠᠭ᠎ᠠ ᠪᠤᠯᠤᠨ ᠴᠠᠬᠢᠯᠭᠠᠨ ᠬᠤᠯᠪᠤᠭ᠎ᠠ ᠺᠤᠮᠫᠠᠨᠢ ᠳᠤᠰ ᠳᠤᠰ ᠬᠠᠭᠠᠰ ᠢ ᠨᠢ ᠡᠭᠦᠷᠬᠡᠯᠡᠵᠤ᠂ ᠬᠤᠶᠠᠷ ᠳᠤᠬᠢᠶᠠᠨ ᠤ ᠰᠤᠪᠤᠷᠭ᠎ᠠ ᠪᠠᠶᠢᠭᠤᠯᠵᠡᠢ᠂ ᠢᠡᠭᠭᠢᠭᠰᠡᠨ ᠠᠴᠠ ᠪᠠᠶᠠᠬᠤᠪᠤᠭ᠎ᠠ ᠭᠠᠴᠠᠭᠠᠨ ᠤ ᠡᠷᠤᠬᠡ ᠪᠦᠷᠢ ᠴᠦᠮ ᠰᠦᠯᠵᠢᠶᠡᠨ ᠤ ᠳᠤᠬᠢᠶ᠎ᠠ ᠶᠢ ᠬᠦᠯᠢᠶᠡᠨ ᠠᠪᠴᠤ ᠴᠢᠳᠠᠬᠤ ᠪᠤᠯᠵᠠᠢ᠃     ᠴᠠᠬᠢᠯᠭᠠᠨ ᠬᠤᠯᠪᠤᠭ᠎ᠠ ᠺᠤᠮᠫᠠᠨᠢ ᠶᠢᠨ ᠠᠵᠢᠯᠳᠠᠨ ᠡᠷᠤᠬᠡ ᠳᠠᠷᠠᠭᠠᠯᠠᠨ ᠮᠠᠯᠴᠢᠳ ᠲᠤ ᠤᠳᠠᠰᠤ ᠦᠬᠡᠢ ᠰᠦᠯᠵᠢᠶ᠎ᠠ ᠤᠬᠰᠠᠷᠠᠨ᠂ ᠮᠠᠯᠴᠢᠳ ᠤᠨ ᠰᠦᠯᠵᠢᠶ᠎ᠠ ᠬᠡᠷᠡᠭᠯᠡᠬᠦ ᠬᠡᠷᠡᠭᠴᠡᠭᠡ ᠶᠢ ᠬᠠᠨᠭ᠍ᠭᠠᠵᠤ᠂ ᠲᠧᠯᠸᠢᠰ ᠷᠠᠳᠢᠤ᠋ ᠦᠵᠡᠵᠤ ᠰᠤᠨᠤᠰᠬᠤ᠂ ᠮᠠᠯ ᠤᠨᠤᠭ᠎ᠠ ᠪᠠᠨ ᠬᠤᠳᠠᠯᠳᠤᠵᠤ ᠪᠤᠷᠤᠯᠠᠭᠤᠯᠬᠤ᠂ ᠵᠠᠬ᠎ᠠ ᠳᠡᠯᠬᠡᠬᠦᠷ ᠤᠨ ᠦᠨ᠎ᠠ ᠬᠠᠨᠭ᠍ᠰᠢ ᠶᠢ ᠤᠢᠢᠯᠠᠭᠠᠬᠤ᠂ ᠰᠦᠯᠵᠢᠶ᠎ᠠ ᠪᠠᠷ ᠪᠠᠷᠠᠭ᠎ᠠ ᠬᠤᠳᠠᠯᠳᠤᠨ ᠠᠪᠬᠤ ᠵᠡᠷᠭᠡ ᠳᠤ ᠳᠤᠩ ᠶᠡᠭᠡ ᠲᠦᠬᠦᠮ ᠦᠵᠡᠬᠦᠯᠦᠭᠰᠡᠨ ᠢᠶᠠᠷ ᠪᠠᠷᠠᠬᠤ ᠦᠬᠡᠢ᠂ ᠬᠡᠷ ᠲᠤ ᠪᠠᠨ ᠰᠠᠭᠤᠵᠤ ᠪᠠᠶᠢᠭᠠᠳ ᠰᠦᠯᠵᠢᠶ᠎ᠠ ᠶᠢ ᠠᠰᠢᠬᠯᠠᠨ᠂ ᠬᠢᠨᠠᠨ ᠡᠵᠡᠮᠳᠡᠬᠦᠷ ᠢᠶᠠᠷ ᠮᠠᠯ ᠰᠦᠷᠦᠭ ᠢᠶᠠᠨ ᠠᠵᠢᠬᠯᠠᠨ᠂ ᠪᠡᠯᠴᠢᠬᠡᠷ ᠤᠰᠤ ᠪᠠᠨ ᠦᠵᠡᠵᠤ ᠴᠢᠳᠠᠬᠤ ᠪᠤᠯᠤᠬᠰᠠᠨ ᠪᠠᠶᠢᠨ᠎ᠠ᠃ ᠦᠨᠤᠳᠤᠷ ᠪᠤᠯᠬᠤ ᠳᠤ᠂ ᠨᠤᠳᠤᠬ ᠪᠡᠯᠴᠢᠬᠡᠷ ᠤᠨ ᠠᠮᠢ ᠠᠬᠤᠢ ᠶᠢᠨ ᠤᠷᠴᠢᠨ ᠳᠤᠭᠤᠷᠢᠨ ᠦᠷᠬᠦᠯᠵᠢᠯᠡᠨ ᠰᠠᠶᠢᠵᠢᠷᠠᠵᠤ᠂ ᠮᠠᠯᠵᠢᠬᠤ ᠤᠷᠤᠨ ᠤ ᠰᠠᠭᠤᠷᠢ ᠲᠦᠬᠦᠬᠡᠷᠤᠮᠵᠢ᠂ ᠤᠯᠠᠨ ᠨᠡᠶᠢᠳᠡ ᠶᠢᠨ ᠦᠢᠯᠡᠴᠢᠯᠡᠭᠡ ᠳᠠᠰᠤᠷᠠᠯᠳᠠ ᠦᠬᠡᠢ ᠪᠦᠷᠢᠨᠰᠢᠵᠤ᠂ ᠮᠠᠯᠴᠢᠳ ᠤᠨ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠦᠷᠭᠡᠳᠴᠤ᠂ ᠮᠠᠯᠵᠢᠬᠤ ᠤᠷᠤᠨ ᠤ ᠵᠠᠮ ᠬᠠᠷᠢᠯᠴᠠᠭ᠎ᠠ ᠲᠦᠬᠦᠮ ᠪᠤᠯᠵᠤ᠂ ᠰᠤᠷᠠᠬ ᠵᠠᠩᠭᠢ ᠶᠢᠨ ᠦᠢᠯᠡᠴᠢᠯᠡᠭᠡ ᠤᠯᠠᠮ ᠰᠠᠶᠢᠵᠢᠷᠠᠵᠤ᠂ ᠨᠡᠩ ᠤᠯᠠᠨ ᠬᠦᠮᠦᠨ ᠪᠠᠶᠠᠬᠤᠪᠤᠭ᠎ᠠ ᠭᠠᠴᠠᠭᠠᠨ ᠤ ᠮᠠᠯᠴᠢᠳ ᠲᠠᠢ ᠠᠳᠠᠯᠢ ᠪᠠᠷ ᠰᠢᠨ᠎ᠠ ᠴᠠᠬ ᠦᠶ᠎ᠠ ᠶᠢᠨ ᠡᠯ᠎ᠠ ᠵᠦᠢᠯ ᠤᠨ ᠠᠷᠠᠳ ᠲᠤ ᠠᠰᠢᠬ ᠬᠦᠷᠳᠡᠬᠡᠬᠦ ᠲᠦᠷᠦ ᠶᠢᠨ ᠪᠤᠳᠤᠯᠭ᠎ᠠ ᠶᠢᠨ ᠠᠰᠢᠬ ᠳᠤᠰᠠ ᠶᠢ ᠬᠦᠷᠳᠡᠨ᠂ ᠠᠮᠢᠳᠤᠷᠠᠯ ᠨᠢ ᠤᠯᠠᠮ ᠠᠴᠠ ᠤᠯᠠᠮ ᠴᠢᠨᠡᠭᠡᠯᠢᠭᠵᠢᠨ᠂ ᠮᠠᠯᠴᠢᠨ ᠲᠦᠮᠡᠨ ᠤ ᠬᠦᠷᠳᠡᠮᠵᠢ ᠶᠢᠨ ᠲᠦᠷᠦᠭᠳᠡᠯ ᠪᠠ ᠵᠤᠯ ᠵᠢᠷᠭᠠᠯᠳᠤ ᠲᠦᠷᠦᠭᠳᠡᠯ ᠦᠨᠡᠨᠬᠦ ᠳᠡᠭᠡᠭᠰᠢᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号