ᠡᠮᠴᠢᠯᠡᠬᠡᠨ ᠤ ᠠᠵᠢᠯ ᠤᠨ ᠪᠠᠶᠢᠷᠢᠨ ᠳᠡᠬᠡᠷᠡᠬᠢ ᠪᠠᠷᠢᠮᠳᠠᠯᠠᠯ ᠵᠢᠤᠡᠬᠦᠯ
ᠨᠡᠶᠢᠲᠡᠯᠡᠭᠰᠡᠨ ᠴᠠᠭ᠄
2021/11/15
    ᠠᠮᠠᠷᠠᠯᠳᠠ ᠶᠢᠨ ᠡᠳᠦᠷ᠂ ᠪᠠᠶᠠᠷ ᠳᠤᠷᠠᠰᠬᠠᠯ ᠤᠨ ᠡᠳᠦᠷ ᠢᠶᠠᠷ ᠬᠦᠮᠦᠰ ᠠᠮᠠᠷᠠᠵᠤ ᠪᠠᠶᠢᠬᠤ ᠳᠤ ᠡᠮᠴᠢ ᠰᠤᠪᠢᠯᠠᠭᠴᠢᠤᠨ ᠬᠠᠷᠢᠨ ᠡᠪᠡᠤᠡᠴᠢᠨ ᠡᠮᠬᠡᠭ ᠢ ᠡᠮᠴᠢᠯᠡᠨ ᠵᠠᠰᠠᠬᠤ ᠪᠤᠶᠠᠨᠰᠠᠭ ᠦᠢᠯᠡᠰ ᠲᠤ ᠴᠠᠭ ᠬᠦᠴᠦ ᠪᠠᠨ ᠬᠠᠷᠠᠮ ᠦᠬᠡᠢ ᠵᠤᠷᠢᠭᠤᠯᠵᠤ᠂ ᠶᠠᠭᠠᠷᠠᠯᠳᠠᠢ ᠠᠵᠢᠯᠯᠠᠵᠤ ᠪᠠᠶᠢᠳᠠᠭ᠃  ᠰᠢᠯᠢ ᠶᠢᠨ ᠭᠤᠤᠯ ᠠᠶᠢᠮᠠᠭ ᠤᠨ ᠮᠤᠩᠭᠤᠯ ᠡᠮᠨᠡᠯᠬᠡ  ᠶᠢᠨ ᠬᠤᠷᠢᠶᠠᠨ ᠤ ᠠᠬᠠᠮᠠᠤᠨ ᠨᠡᠷᠡᠳᠦ ᠮᠤᠩᠭᠤᠯ ᠡᠮᠴᠢ ᠶᠢᠨ ᠡᠬᠦᠳᠡᠨ ᠡᠮᠨᠡᠯᠬᠡ ᠶᠢᠨ ᠭᠠᠵᠠᠷ ᠤᠨ ᠡᠷᠬᠢᠯᠡᠭᠴᠢ ᠡᠮᠴᠢ ᠪᠠᠢ ᠭᠦᠢ ᠵᠧᠨ ᠪᠤᠯ ᠳᠠᠷᠤᠢ ᠡᠳᠡᠬᠡᠷ ᠦᠢ ᠤᠯᠠᠨ ᠡᠮᠴᠢ ᠰᠤᠪᠢᠯᠠᠭᠴᠢ ᠶᠢᠨ ᠳᠤᠮᠳᠠᠬᠢ ᠨᠢᠬᠡ ᠬᠡᠰᠢᠬᠦᠨ ᠪᠤᠯᠤᠨ᠎ᠠ᠃     ᠰᠤᠷᠪᠤᠯᠵᠢᠯᠠᠭᠴᠢ ᠪᠠᠢ ᠭᠦᠢ ᠵᠧᠨ ᠡᠮᠴᠢ ᠲᠠᠢ ᠠᠭᠤᠯᠵᠠᠬᠤ ᠳᠤ᠂ ᠳᠠᠷᠠ ᠶᠠᠭ ᠠᠬᠠᠮᠠᠤᠨ ᠨᠡᠷᠡᠳᠦ ᠮᠤᠩᠭᠤᠯ ᠡᠮᠴᠢ ᠶᠢᠨ ᠡᠬᠦᠳᠡᠨ ᠡᠮᠨᠡᠯᠬᠡ ᠳᠤ ᠡᠪᠡᠤᠡᠴᠢᠳᠡᠨ ᠳᠤ ᠰᠤᠳᠠᠯ ᠪᠠᠷᠢᠵᠤ ᠡᠪᠡᠤᠡᠴᠢᠨ ᠢ ᠨᠢ ᠤᠨᠤᠰᠢᠯᠠᠨ ᠶᠠᠭᠠᠷᠠᠵᠤ ᠪᠠᠶᠢᠯ᠎ᠠ᠃ ᠳᠠᠯᠠ ᠶᠢᠨ ᠳᠠᠪᠠᠭ᠎ᠠ ᠶᠢ ᠲᠦᠬᠦᠵᠦ ᠪᠠᠶᠢᠭ᠎ᠠ ᠳᠠᠷᠠ ᠡᠬᠦᠳᠡᠨ ᠡᠮᠨᠡᠯᠬᠡ ᠳᠤ ᠡᠳᠦᠷ ᠪᠦᠷᠢ ᠤᠯᠠᠨ ᠭᠠᠵᠠᠷ  ᠠᠴᠠ ᠬᠦᠷᠦᠯᠴᠡᠨ ᠢᠷᠡᠭᠰᠡᠨ ᠡᠪᠡᠤᠡᠴᠢᠳᠡᠨ ᠢ ᠬᠦᠯᠢᠶᠡᠨ ᠠᠪᠴᠤ ᠡᠮᠴᠢᠯᠡᠳᠡᠭ ᠪᠠᠶᠢᠨ᠎ᠠ᠃     ᠪᠠᠢ ᠭᠦᠢ ᠵᠧᠨ ᠡᠮᠴᠢ 1969 ᠤᠨ ᠳᠤ  ᠬᠦᠳᠡᠭᠡ ᠶᠢᠨ ᠡᠮᠴᠢ   ᠶᠢᠨ ᠪᠤᠯᠪᠠᠰᠤᠷᠠᠯ ᠤᠨ ᠠᠩᠬᠢ ᠳᠤ ᠰᠤᠷᠤᠯᠴᠠᠨ᠂ ᠡᠮᠴᠢ ᠶᠢᠨ ᠠᠵᠢᠯ ᠢ ᠠᠩᠬ᠎ᠠ ᠡᠷᠬᠢᠯᠡᠵᠦ᠂ 1972 ᠤᠨ ᠳᠤ ᠦᠪᠦᠷ ᠮᠤᠩᠭᠤᠯ ᠤᠨ ᠠᠨᠠᠭᠠᠬᠤ ᠤᠬᠠᠭᠠᠨ ᠤ ᠳᠡᠬᠡᠳᠦ ᠰᠤᠷᠭᠠᠭᠤᠯᠢ ᠳᠤ ᠬᠦᠷᠴᠦ ᠰᠤᠷᠤᠯᠴᠠᠨ᠂ 1975 ᠤᠨ ᠠᠴᠠ ᠰᠢᠯᠢ ᠶᠢᠨ ᠭᠤᠤᠯ ᠠᠶᠢᠮᠠᠭ  ᠤᠨ ᠮᠤᠩᠭᠤᠯ ᠡᠮᠨᠡᠯᠬᠡ ᠶᠢ ᠰᠤᠳᠤᠯᠬᠤ ᠭᠠᠵᠠᠷ ᠲᠤ ᠠᠵᠢᠯᠯᠠᠵᠤ᠂ ᠡᠬᠦᠳᠡᠨ ᠡᠮᠨᠡᠯᠬᠡ ᠶᠢᠨ ᠡᠷᠬᠢᠯᠡᠭᠴᠢ᠂ ᠲᠦᠷᠬᠡᠨ ᠠᠪᠤᠷᠠᠯᠳᠠ ᠶᠢᠨ ᠰᠠᠯᠠᠭᠠᠨ ᠤ ᠡᠷᠬᠢᠯᠡᠭᠴᠢ ᠵᠡᠷᠬᠡ  ᠳᠤᠰᠢᠶᠠᠯ ᠢ ᠬᠦᠯᠢᠶᠡᠵᠦ᠂ ᠲᠦᠷᠬᠡᠨ ᠴᠢᠨᠠᠷᠳᠠᠢ ᠡᠪᠡᠤᠡᠴᠢᠨ ᠳᠤ ᠨᠡᠷᠪᠡᠭᠳᠡᠵᠦ᠂ ᠠᠮᠢ ᠨᠠᠰᠤᠨ ᠤ ᠠᠶᠤᠯ ᠳᠤ ᠳᠤᠯᠭᠠᠷᠠᠭᠰᠠᠨ ᠤᠯᠠᠨ ᠠᠷᠪᠢᠨ ᠡᠪᠡᠤᠡᠴᠢᠳᠡᠨ ᠳᠤ ᠪᠠᠴᠢᠮ ᠠᠪᠤᠷᠠᠯᠳᠠ ᠬᠢᠵᠦ ᠦᠩᠬᠡᠷᠡᠵᠡᠢ᠃ ᠡᠮᠨᠡᠯᠬᠡ ᠶᠢᠨ ᠦᠢᠯᠡᠰ ᠲᠤ ᠤᠶᠤᠨ ᠤᠬᠠᠭᠠᠨ ᠢᠶᠠᠨ ᠰᠢᠪᠬᠠᠨ ᠴᠦᠬᠦᠷᠡᠰᠢ ᠦᠬᠡᠢ ᠴᠢᠷᠮᠠᠶᠢᠭᠰᠠᠨ ᠪᠠᠢ ᠭᠦᠢ ᠵᠧᠨ ᠡᠮᠴᠢ ᠡᠯᠢᠬᠡᠨ ᠬᠠᠯᠠᠭᠤᠨ᠂ ᠬᠤᠳᠤᠭᠤᠳᠦ ᠬᠡᠳᠡᠰᠦᠨ ᠤ ᠠᠷᠬᠠᠭ᠂ ᠠᠭᠤᠰᠬᠢᠨ   ᠤ ᠦᠷᠪᠢᠰᠦᠯ᠂ ᠵᠢᠷᠦᠬᠡᠨ ᠡᠪᠡᠤᠡᠴᠢᠨ᠂ ᠲᠦᠷᠦᠬᠦᠦ ᠪᠤᠯᠴᠢᠷᠬᠠᠢ ᠶᠢᠨ ᠦᠷᠪᠢᠰᠦᠯ ᠵᠡᠷᠬᠡ ᠶᠢ ᠡᠮᠴᠢᠯᠡᠬᠦ ᠳᠡᠭᠡᠨ ᠮᠡᠷᠬᠡᠰᠢᠵᠦ᠂ 2009 ᠤᠨ ᠳᠤ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠳᠠᠬᠢᠨ ᠰᠢᠯᠢ ᠶᠢᠨ ᠭᠤᠤᠯ ᠠᠶᠢᠮᠠᠭ  ᠤᠨ ᠮᠤᠩᠭᠤᠯ ᠡᠮᠨᠡᠯᠬᠡ ᠶᠢᠨ ᠬᠤᠷᠢᠶᠠᠨ ᠤ ᠠᠬᠠᠮᠠᠤᠨ ᠨᠡᠷᠡᠳᠦ ᠮᠤᠩᠭᠤᠯ ᠡᠮᠴᠢ ᠶᠢᠨ ᠡᠬᠦᠳᠡᠨ ᠡᠮᠨᠡᠯᠬᠡ ᠶᠢᠨ ᠭᠠᠵᠠᠷ ᠠᠵᠢᠯᠯᠠᠵᠤ᠂ ᠡᠮ ᠡᠮᠨᠡᠯᠬᠡ ᠶᠢᠨ ᠦᠢᠯᠡᠰ ᠲᠤ ᠴᠦᠬᠦᠷᠡᠰᠢ ᠦᠬᠡᠢ ᠴᠢᠷᠮᠠᠶᠢᠨ ᠵᠢᠤᠡᠬᠦᠭᠰᠡᠬᠡᠷ ᠪᠠᠶᠢᠨ᠎ᠠ᠃     ᠡᠮᠴᠢᠯᠡᠬᠡᠨ ᠤ ᠠᠵᠢᠯ ᠢᠶᠠᠨ ᠲᠦᠴᠢ ᠭᠠᠷᠤᠢ ᠵᠢᠯ ᠪᠠᠷᠢᠮᠳᠠᠯᠠᠭᠰᠠᠨ ᠪᠠᠢ ᠬᠦᠢ ᠵᠧᠨ ᠡᠮᠴᠢ ᠳᠤᠬᠠᠶᠢᠯᠠᠭᠰᠠᠨ ᠠᠵᠢᠯ ᠢᠶᠠᠨ ᠰᠠᠶᠢᠳᠤᠷ ᠬᠦᠢᠴᠡᠤᠡᠬᠡᠬᠦ ᠶᠢᠨ ᠳᠠᠭᠠᠤ ᠦᠨᠳᠦᠰᠦᠳᠡᠨ ᠤ ᠡᠮ ᠡᠮᠨᠡᠯᠬᠡ ᠶᠢᠨ ᠦᠢᠯᠡᠰ ᠢ ᠤᠯᠠᠮᠵᠢᠯᠠᠨ ᠬᠦᠭᠵᠢᠬᠦᠯᠬᠦ ᠶᠢ ᠵᠤᠷᠢᠵᠤ᠂ 1984 ᠤᠨ ᠳᠤ ᠰᠢᠨᠵᠢᠶᠠᠩ ᠤᠨ  ᠪᠠᠶᠠᠠᠭᠤᠤᠯ ᠵᠧᠦ ᠳᠤ ᠬᠦᠷᠴᠦ ᠬᠤᠶᠠᠷ ᠵᠢᠯ ᠤᠨ ᠬᠤᠭᠤᠴᠠᠭᠠᠨ ᠳᠤ 42 ᠨᠡᠷᠡᠰ ᠡᠮᠴᠢ ᠶᠢ ᠬᠦᠮᠦᠵᠢᠬᠦᠯᠵᠦ᠂ ᠠᠵᠢᠯ ᠤᠨ ᠠᠮᠠᠷᠠᠯᠳᠠ ᠪᠠᠨ ᠠᠪᠤᠭᠰᠠᠨ ᠤ ᠳᠠᠷᠠᠭ᠎ᠠ ᠪᠠᠰᠠ ᠠᠬᠠᠮᠠᠤᠨ ᠮᠤᠩᠭᠤᠯ ᠡᠮᠴᠢ ᠶᠢᠨ ᠦᠪ ᠤᠯᠠᠮᠵᠢᠯᠠᠬᠤ ᠠᠵᠢᠯ ᠤᠨ ᠵᠢᠯᠤᠭᠤᠳᠤᠭᠴᠢ ᠪᠠᠭᠰᠢ ᠶᠢᠨ ᠡᠬᠦᠷᠬᠡ ᠶᠢ ᠡᠬᠦᠷᠬᠡᠯᠡᠵᠦ᠂ ᠱᠠᠪᠢ ᠳᠠᠭᠠᠭᠤᠯᠤᠨ ᠰᠤᠷᠭᠠᠵᠤ᠂ ᠮᠡᠳᠡᠯᠬᠡ ᠮᠡᠷᠬᠡᠵᠢᠯ᠂ ᠳᠤᠷᠰᠢᠯᠭ᠎ᠠ ᠰᠤᠷᠭᠠᠮᠵᠢ ᠪᠠᠨ ᠤᠯᠠᠮᠵᠢᠯᠠᠵᠤ ᠪᠠᠶᠢᠨ᠎ᠠ᠃     ᠪᠠᠢ ᠭᠦᠢ ᠵᠧᠨ ᠡᠮᠴᠢ ᠦᠩᠬᠡᠷᠡᠭᠰᠡᠨ ᠳᠤ ᠦᠪᠦᠷ ᠮᠤᠩᠭᠤᠯ ᠤᠨ ᠮᠤᠩᠭᠤᠯ ᠡᠮᠨᠡᠯᠬᠡ ᠶᠢᠨ ᠳᠡᠬᠡᠳᠦ ᠰᠤᠷᠭᠠᠭᠤᠯᠢ ᠳᠤ ᠯᠧᠺᠲ᠋ᠤᠷ ᠢᠶᠠᠷ ᠤᠷᠢᠭᠳᠠᠨ ᠠᠵᠢᠯᠯᠠᠵᠤ᠂ ᠤᠯᠠᠨ ᠤᠳᠠᠭ᠎ᠠ ᠪᠡᠬᠡᠵᠢᠩ᠂ ᠱᠠᠩᠬᠠᠢ ᠵᠡᠷᠬᠡ ᠭᠠᠵᠠᠷ ᠤᠷᠤᠨ ᠢᠶᠠᠷ ᠡᠷᠳᠡᠮ ᠰᠢᠨᠵᠢᠯᠡᠬᠡᠨ ᠤ ᠬᠤᠷᠠᠯ ᠳᠤ ᠤᠷᠤᠯᠴᠠᠵᠤ᠂ ᠪᠠᠰᠠ ︽ᠮᠤᠩᠭᠤᠯ ᠠᠨᠠᠭᠠᠬᠤ ᠤᠬᠠᠭᠠᠨ ᠢᠶᠠᠷ ᠬᠦᠬᠡᠭᠴᠢᠨ ᠬᠡᠯᠪᠡᠷᠢ ᠶᠢᠨ ᠡᠯᠢᠬᠡᠨ ᠦᠷᠪᠢᠰᠦᠯ ᠢ ᠪᠠᠶᠢᠴᠠᠭᠠᠨ ᠠᠵᠢᠭᠯᠠᠬᠤ︾᠂ ︽ᠤᠷᠢᠳᠤ ᠪᠤᠯᠴᠢᠷᠬᠠᠢ ᠶᠢᠨ ᠡᠪᠡᠤᠡᠴᠢᠨ ᠤ ᠵᠠᠰᠠᠯᠳᠠ ᠠᠵᠢᠭᠯᠠᠯᠳᠠ︾ ᠵᠡᠷᠬᠡ ᠰᠤᠳᠤᠯᠭᠠᠨ ᠰᠢᠨᠵᠢᠯᠡᠭᠡ ᠦᠷᠨᠢᠬᠦᠯᠵᠠᠢ᠃ ᠤᠷᠢᠤᠨ ᠬᠤᠵᠢᠤᠨ ᠪᠦᠬᠦ ᠠᠶᠢᠮᠠᠭ ᠤᠨ ᠰᠢᠯᠢᠳᠡᠭ ᠡᠪ ᠬᠠᠮᠳᠤ ᠨᠠᠮ ᠤᠨ ᠬᠡᠰᠢᠬᠦᠨ᠂ ᠪᠦᠬᠦ ᠠᠶᠢᠮᠠᠭ ᠤᠨ ᠡᠷᠡᠬᠦᠯ ᠬᠠᠮᠠᠭᠠᠯᠠᠯ ᠤᠨ ᠰᠢᠰᠲ᠋ᠧᠮ ᠤᠨ ᠳᠡᠷᠢᠬᠦᠨ ᠤ ᠠᠵᠢᠯᠳᠠᠨ᠂ ᠰᠢᠯᠢ ᠶᠢᠨ ᠭᠤᠤᠯ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶᠠᠨ ᠤ ᠰᠢᠯᠢᠳᠡᠭ ᠨᠠᠮ ᠤᠨ ᠬᠡᠰᠢᠬᠦᠨ ᠵᠡᠷᠬᠡ ᠢᠷᠡᠭᠤ ᠠᠯᠳᠠᠷ ᠢᠶᠠᠷ ᠡᠩᠬᠡᠷ ᠢᠶᠠᠨ ᠮᠢᠯᠢᠶᠠᠯᠭᠠᠭᠰᠠᠨ ᠪᠠᠶᠢᠨ᠎ᠠ᠃    
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号