ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ  ᠭᠤᠣᠯ ᠳᠤᠭᠤᠶᠢᠯᠠᠩ 2021 ᠣᠨ ᠤ 21 ᠳ᠋ᠣᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2021/11/16
     11 ᠳ᠋ᠣᠭᠡᠷ ᠰᠠᠷ᠎ᠠ ᠎ ᠶᠢᠨ 14᠎ ᠎ ᠤ ᠡᠳᠦᠷ᠂ ᠠᠶᠢᠮᠠᠭ ᠤᠨ ᠵᠠᠬᠢᠷᠭ᠎ᠠ  ᠎ ᠶᠢᠨ  ᠨᠠᠮ  ᠤᠨ  ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ 21 ᠳ᠋ᠣᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠎ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠶᠢᠨ ᠬᠠᠮᠲᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠦᠸᠧ ᠴᠢᠩ ᠬᠠᠮᠲᠤ ᠶᠢᠨ ᠰᠤᠷᠤᠯᠴᠠᠯᠭ᠎ᠠ ᠶᠢ  ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠤᠸᠠᠩ ᠴᠢᠩ ᠰᠢᠨ᠂ ᠼᠤᠤ ᠸᠧᠨ ᠴᠢᠩ᠂ ᠶᠠᠩ ᠯᠢ᠂ ᠯᠢ ᠶᠦᠩ ᠱᠧᠩ᠂ ᠡᡁᠸᠥ ᡁᠢ ᠮᠢᠨ᠂ ᠸᠠᠩ ᠷᠦᠢ᠂ ᠪᠤᠶᠠᠨᠲᠤ ᠨᠠᠷ ᠶᠠᠷᠢᠶ᠎ᠠ ᠲᠠᠯᠪᠢᠵᠤ᠂ ᠪᠤᠰᠤᠳ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠪᠢᠴᠢᠭ ᠤᠨ ᠬᠡᠯᠪᠡᠷᠢ ᠪᠠᠷ ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠪᠡ᠃ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ᠲᠠᠨᠢᠯᠲᠠ᠂ ᠲᠦᠷᠦᠭᠳᠡᠯ ᠢᠶᠠᠨ ᠶᠠᠷᠢᠬᠤ ᠶᠢᠨ ᠬᠠᠮᠲᠤ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠣᠭᠤᠰᠢᠯᠠᠭᠤᠯᠣᠨ ᠨᠠᠶᠢᠳᠠᠪᠤᠷᠢᠵᠢᠭᠤᠯᠬᠤ ᠰᠡᠳᠬᠢᠴᠡ ᠪᠠ ᠰᠠᠨᠠᠭᠤᠯᠭ᠎ᠠ ᠪᠠᠨ ᠳᠤᠷᠠᠳᠴᠤ᠂ ᠦᠵᠡᠯ ᠰᠠᠨᠠᠭ᠎ᠠ ᠪᠠᠨ ᠰᠣᠯᠢᠯᠴᠠᠬᠤ᠂ ᠬᠠᠷᠢᠯᠴᠠᠨ ᠰᠡᠩᠬᠡᠷᠡᠭᠦᠯᠬᠦ᠂ ᠲᠠᠨᠢᠯᠲᠠ ᠪᠠᠨ ᠭᠦᠨᠵᠡᠭᠡᠶᠢᠷᠡᠭᠦᠯᠬᠦ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ ᠵᠣᠷᠢᠯᠭ᠎ᠠ ᠳᠠᠭᠠᠨ ᠭᠦᠷᠪᠡ᠃      ᠬᠤᠷᠠᠯ ᠠᠴᠠ ᠵᠢᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠶᠠᠮᠠᠷ ᠲᠤᠭ ᠢ ᠮᠠᠨᠳᠣᠭᠤᠯᠬᠤ᠂ ᠶᠠᠮᠠᠷ ᠵᠠᠮ ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠦᠭᠴᠣ᠂ ᠡᠨᠡ ᠨᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠤᠨ᠎ᠠ᠃ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠰᠠᠶᠢᠳᠣᠷ ᠰᠤᠷᠤᠯᠴᠠᠨ ᠣᠶᠢᠯᠠᠭᠠᠵᠤ ᠳᠣᠭᠤᠰᠢᠲᠠᠢ ᠮᠡᠳᠡᠵᠣ ᠪᠣᠳᠠᠳᠠᠢ ᠬᠢᠵᠣ᠂ ᠪᠦᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠲᠠᠨᠢᠯᠲᠠ ᠪᠠ ᠦᠢᠯᠡ ᠠᠵᠢᠯᠯᠠᠭ᠎ᠠ ᠠᠯᠬᠤᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠭᠡᠨ᠂ ᠡᠨᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠢ ᠭᠦᠢᠴᠡᠳ ᠠᠰᠢᠭᠯᠠᠨ ᠦᠨᠳᠦᠰᠦᠲᠡᠨ ᠤ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠡᠶ᠎ᠡ ᠵᠣᠬᠢᠴᠠᠩᠭᠤᠢ ᠦᠨᠳᠦᠰᠦᠲᠡᠨ ᠤ ᠬᠠᠷᠢᠴᠠᠭ᠎ᠠ ᠶᠢ ᠪᠠᠶᠢᠭᠤᠯᠣᠨ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠠᠷ ᠢᠶᠠᠨ      ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠵᠦ᠂  ᠬᠠᠷᠢᠴᠠᠯᠠᠰᠢᠬᠦᠢ ᠦᠨᠡᠨᠴᠢ ᠰᠢᠳᠤᠷᠭᠤ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠪᠠ ᠥᠷᠭᠡᠨ ᠤᠯᠠᠨ ᠨᠠᠮ ᠤᠨ ᠭᠡᠰᠢᠭᠦᠨ   ᠺᠠᠳ᠋ᠷᠴᠣᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠡᠦᠬᠡ ᠶᠢᠨ ᠵᠠᠶᠢᠯᠠᠰᠢ ᠦᠭᠡᠢ ᠴᠢᠨᠠᠷ᠂ ᠲᠦᠢᠯ ᠤᠨ ᠴᠢᠬᠤᠯᠠ ᠴᠢᠨᠠᠷ᠂  ᠠᠬᠤᠶᠢᠴᠢ ᠬᠠᠨᠳᠤᠯᠭᠠᠲᠤ ᠴᠢᠨᠠᠷ ᠪᠣᠯᠤᠨ ᠣᠨᠴᠠᠭᠠᠢ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠣᠨᠣᠪᠴᠢᠲᠠᠢ ᠡᠵᠡᠮᠳᠡᠵᠦ᠂ ᠡᠨᠡᠬᠦ ᠭᠤᠣᠯ ᠰᠢᠵᠢᠮ ᠎ ᠢ ᠨᠠᠮ  ᠤᠨ ᠦᠨᠳᠦᠰᠦᠲᠡᠨ  ᠤ ᠠᠵᠢᠯ  ᠤᠨ ᠪᠦᠬᠦ ᠶᠠᠪᠤᠴᠠ  ᠳᠤ ᠦᠨᠡᠨᠬᠦ ᠳᠣᠭᠤᠰᠢᠯᠠᠭᠤᠯᠣᠨ᠂  ᠣᠴᠢᠷ ᠶᠠᠪᠤᠳᠠᠯ ᠪᠣᠯᠭᠠᠨ ᠳᠤ᠂ ᠡᠯ᠎ᠡ ᠲᠠᠯ᠎ᠠ ᠶᠢᠨ ᠠᠵᠢᠯ ᠪᠦᠬᠦᠨ ᠳᠤ ᠴᠦᠮ ᠢᠯᠡᠷᠡᠭᠦᠯᠬᠦ ᠬᠡᠷᠡᠭᠲᠡᠢ᠃ ︽ᠲᠦᠷᠪᠡᠨ ᠬᠠᠷᠢᠴᠠᠭ᠎ᠠ︾᠎ ᠶᠢ ᠵᠥᠪ ᠡᠵᠡᠮᠰᠢᠬᠦ ᠪᠠ  ᠰᠢᠢᠳᠪᠦᠷᠢᠯᠡᠬᠦ ᠶᠢ ᠦᠨᠳᠦᠰᠦᠲᠡᠨ ᠤ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠵᠠᠷᠴᠢᠮ ᠪᠣᠯᠭᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤ ᠠᠯᠳᠠᠭ᠎ᠠ ᠭᠠᠷᠭᠠᠬᠤ ᠦᠭᠡᠢ᠂ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠳᠤ ᠬᠡᠪ ᠢᠶᠠᠨ ᠠᠯᠳᠠᠬᠤ ᠦᠭᠡᠢ᠂ ᠦᠨᠳᠦᠰᠦᠲᠡᠨ  ᠤ ᠠᠵᠢᠯ ᠎ ᠢ ᠲᠦᠯᠬᠢᠨ ᠠᠬᠢᠭᠤᠯᠬᠤ ᠳᠤ ᠬᠡᠪ ᠢᠶᠠᠨ ᠠᠯᠳᠠᠬᠤ ᠦᠭᠡᠢ ᠪᠠᠶᠢᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ  ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠳᠠᠭᠠᠵᠣ ᠦᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠨᠠᠶᠢᠳᠠᠪᠤᠷᠢᠵᠢᠭᠤᠯᠬᠤ ᠲᠠᠢ ᠨᠢᠭᠡᠳᠬᠡᠵᠦ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠬᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠢᠯᠢ ᠬᠢᠵᠠᠭᠠᠷ ᠤᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠠᠵᠢᠯ ᠎ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ ᠠᠬᠤᠢ ᠶᠢ ᠣᠷᠢᠳ ᠎ ᠢᠶᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ  ᠬᠦᠷᠳᠡᠭᠡᠮᠵᠢᠳᠣ ᠲᠦᠷᠦᠭᠳᠡᠯ᠂  ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ  ᠨᠡᠮᠡᠭᠳᠡᠬᠦᠯᠬᠦ ᠬᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号