11 ᠰᠠᠷ ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ | ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠪᠡ᠃ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠳᠤ 61 | ᠪᠦᠷᠢᠯᠳᠦᠬᠦᠨ ᠲᠠᠢ᠂ 52 ᠬᠦᠮᠦᠨ ᠲᠤᠰ ᠤᠳᠠᠭᠠᠨ ᠤ ᠬᠤᠷᠠᠯ ᠳᠤ ᠤᠷᠤᠯᠴᠠᠵᠤ᠂ ᠬᠠᠤᠯᠢ ᠳᠤ ᠲᠤᠬᠳᠠᠭᠠᠬᠰᠠᠨ | ᠬᠦᠮᠦᠨ ᠤ ᠲᠤᠭ᠎ᠠ ᠳᠤ ᠨᠡᠶᠢᠴᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ ᠬᠤᠷᠠᠯ ᠢ ᠡᠷᠬᠢᠯᠡᠵᠡᠢ᠃ | ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠸᠠᠩ ᠪᠥᠸᠧ᠂ ᠯᠢ ᠷᠦᠡᠭ ᠰᠢ᠂ ᠯᠢᠶᠠᠨ ᠰᠤ᠋᠂ ᠵᠠᠩ ᠶᠤᠸᠠᠨ ᠵᠥᠩ᠂ ᠾᠧ ᠶᠠᠨ | ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠬᠡᠰᠢᠬᠦᠳ | ᠬᠤᠷᠠᠯ ᠳᠤ ᠣᠷᠣᠯᠴᠠᠵᠠᠶ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠴᠢ᠊ ᠪᠠᠳᠤ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶᠠᠨ ᠤ ᠳᠠᠷᠤᠭ᠎ᠠ ᠶᠠᠩ ᠽᠦᠡᠭ ᠷᠧᠨ | ᠬᠤᠷᠠᠯ ᠳᠤ ᠰᠤᠯᠠ ᠤᠷᠤᠯᠴᠠᠵᠠᠢ᠃ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠤᠴᠢᠨ ᠨᠢᠭᠡᠳᠦᠭᠡᠷ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠪᠠᠳᠤᠯᠠᠪᠠ᠃ ᠬᠤᠷᠠᠯ ᠠᠴᠠ ᠴᠢ᠊ | ᠪᠠᠳᠤ ᠶᠢᠨ ᠬᠢᠭᠰᠡᠨ ᠭᠤᠣᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢ ᠠᠬᠢᠭᠤᠯᠵᠤ᠂ ᠰᠠᠭᠤᠭᠠᠯᠢ ᠠᠷᠠᠳ ᠤᠨ | ᠣᠷᠤᠯᠭ᠎ᠠ ᠶᠢ ᠨᠡᠮᠡᠭᠳᠡᠬᠦᠯᠦᠭᠰᠡᠨ ᠪᠠᠶᠢᠳᠠᠯ ᠤᠨ ᠲᠤᠬᠠᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠤᠷᠳᠤᠨ ᠤ ᠮᠡᠳᠡᠬᠦᠯᠦᠯᠳᠠ ᠶᠢ ᠰᠤᠨᠤᠰᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠦᠮᠦᠵᠢᠯ ᠤᠨ ᠲᠢᠩᠬᠢᠮ ᠤᠨ ᠳᠠᠷᠤᠭ᠎ᠠ ᠬᠤᠸᠠᠩ ᠶᠠ ᠯᠢ ᠶᠢᠨ ᠬᠢᠭᠰᠡᠨ ᠤᠯᠤᠰ ᠤᠨ ᠨᠢᠭᠡᠳᠦᠯᠳᠡᠢ ᠨᠠᠶᠢᠷᠠᠭᠤᠯᠤᠬᠰᠠᠨ | ᠵᠢᠭᠠᠬᠤ ᠮᠡᠲ᠋ᠧᠷᠢᠶᠠᠯ ᠢ ᠲᠡᠯᠭᠡᠷᠡᠬᠦᠯᠦᠨ ᠬᠡᠷᠡᠭᠯᠡᠭᠰᠡᠨ ᠠᠵᠢᠯ ᠤᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠤᠷᠳᠤᠨ ᠤ ᠮᠡᠳᠡᠬᠦᠯᠦᠯᠳᠠ᠂ ᠥᠪᠡᠷᠲᠡᠭᠡᠨ ᠵᠠᠰᠠᠬᠤ ᠣᠷᠣᠨ ᠤ ᠲᠤᠳᠤᠭᠠᠳᠤ ᠶᠢ | ᠬᠠᠮᠠᠭᠠᠯᠠᠬᠤ ᠲᠢᠩᠭᠢᠮ ᠤᠨ ᠲᠡᠳ᠋ ᠳᠠᠷᠤᠭ᠎ᠠ ᠵᠠᠩ ᠽᠢ ᠵᠢᠶᠦ᠋ᠨ ᠤ ᠬᠢᠭᠰᠡᠨ ᠬᠤᠤᠷ ᠴᠠᠭᠠᠵᠠᠯᠠᠬᠤ ᠠᠵᠢᠯ ᠤᠨ | ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠮᠡᠳᠡᠬᠦᠯᠦᠯᠳᠠ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠭ᠎ᠠ ᠵᠠᠩ ᠯᠸᠢ ᠶᠢᠨ ᠬᠢᠭᠰᠡᠨ 2020 | ᠤᠨ ᠠᠴᠠ ᠨᠠᠭᠠᠰᠢᠬᠢ ᠰᠢᠨ᠎ᠡ ᠪᠠᠷ ᠨᠡᠮᠡᠭᠳᠡᠭᠰᠡᠨ ᠲᠤᠰᠬᠠᠢ ᠵᠢᠭᠡᠯᠡᠯᠭᠡ ᠶᠢᠨ ᠲᠡᠮᠳᠡᠭᠳᠤ ᠶᠢᠨ ᠪᠡᠯᠡ ᠮᠦᠩᠬᠦ ᠶᠢ | ᠲᠠᠷᠬᠠᠭᠠᠵᠦ ᠬᠡᠷᠡᠭᠯᠡᠭᠰᠡᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠤᠷᠳᠤᠨ ᠤ ᠮᠡᠳᠡᠬᠦᠯᠦᠯᠳᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ | ᠳᠠᠷᠤᠭ᠎ᠠ ᠵᠤᠤ ᠳ᠋ᠠ ᠶᠦᠡᠭ ᠤᠨ ᠬᠢᠭᠰᠡᠨ 2020 ᠤᠨ ᠤ ᠤᠯᠤᠰ ᠤᠨ ᠦᠮᠴᠢᠯᠡᠯ ᠤᠨ ᠪᠠᠶᠢᠭᠠᠯᠢ ᠶᠢᠨ ᠡᠬᠢ | ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ | ᠤᠨ ᠵᠠᠰᠠᠭ ᠤᠨ ᠤᠷᠳᠤᠨ ᠤ ᠲᠤᠰᠬᠠᠢ ᠮᠡᠳᠡᠭᠦᠯᠦᠯᠲᠡ ᠶᠢ ᠰᠤᠨᠤᠰᠪᠠ᠃ ᠬᠤᠷᠠᠯ ᠠᠴᠠ ᠪᠠᠰᠠ ᠦᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠸᠡᠭ ᠳ᠋ᠦᠡᠭ ᠪᠦᠸᠧ ᠶᠢᠨ ᠬᠢᠭᠰᠡᠨ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠷᠪᠡᠳᠦᠭᠡᠷ ᠬᠤᠷᠠᠯ ᠤᠨ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠢ | ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠠᠯᠪᠠᠨ ᠲᠢᠩᠬᠢᠮ ᠤᠨ ᠮᠡᠳᠡᠬᠦᠯᠦᠯᠳᠡ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠳᠠᠨ ᠤ ᠶᠠᠪᠤᠳᠠᠯ ᠲᠦᠯᠦᠭᠡᠯᠡᠭᠴᠢ ᠰᠤᠩᠭᠤᠭᠤᠯᠢ ᠶᠢᠨ ᠠᠵᠢᠯ ᠤᠨ | ᠵᠦᠪᠯᠡᠯ ᠤᠨ ᠡᠷᠬᠢᠯᠡᠭᠴᠢ ᠰᠦᠨ ᠸᠧᠢ ᠳ᠋ᠦᠡᠭ ᠤᠨ ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠠᠷᠠᠳ ᠤᠨ | ᠲᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠳᠠᠨ ᠤ | ᠶᠠᠪᠤᠳᠠᠯ ᠲᠦᠯᠦᠭᠡᠯᠡᠭᠴᠢ ᠰᠤᠩᠭᠤᠭᠤᠯᠢ ᠶᠢᠨ ᠠᠵᠢᠯ ᠤᠨ ᠮᠡᠳᠡᠬᠦᠯᠦᠯᠳᠡ ᠶᠢ ᠰᠤᠨᠤᠰᠪᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ | ᠭᠡᠰᠢᠭᠦᠨ᠂ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠡᠰᠡᠭ ᠲᠦᠯᠦᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ᠂ ᠬᠡᠰᠡᠭ ᠠᠶᠢᠮᠠᠭ ᠤᠨ ᠠᠵᠢᠯ ᠤᠨ ᠬᠤᠷᠢᠶᠠᠨ ᠤ | ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠬᠰᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠵᠠᠢ᠃ ᠬᠤᠷᠠᠯ ᠤᠨ ᠲᠠᠷᠠᠭ᠎ᠠ᠂ ᠪᠦᠬᠦᠳᠡ ᠬᠤᠷᠠᠯ ᠤᠨ ᠡᠯ᠎ᠡ ᠵᠦᠢᠯ ᠤᠨ ᠮᠡᠳᠡᠬᠦᠯᠤᠯᠳᠠ ᠶᠢ ᠳᠤᠭᠤᠶᠢᠯᠠᠩ | ᠬᠤᠪᠢᠶᠠᠵᠦ ᠬᠢᠨᠠᠨ ᠵᠦᠪᠯᠡᠪᠡ︔ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠳᠦᠷᠢᠮ ︵ | ᠲᠥᠰᠦᠯ︶᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠲᠦᠷᠢᠮ ︵ᠲᠥᠰᠦᠯ︶᠂ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠢᠷᠭᠤᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ︵ᠲᠥᠰᠦᠯ︶᠂ 2020 | ᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠦᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠶᠡᠷᠦᠩᠭᠡᠶᠢᠯᠡᠭᠰᠡᠨ ᠮᠡᠳᠡᠬᠦᠯᠦᠯᠳᠡ᠂ 2021 ᠣᠨ ᠤ | ᠡᠨᠧᠷᠭᠢ ᠠᠷᠪᠢᠯᠠᠬᠤ ᠠᠵᠢᠯ ᠤᠨ ᠪᠠᠶᠢᠳᠠᠯ᠂ 2021 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ᠲᠥᠰᠦᠯ︶ ᠤᠨ ᠲᠤᠬᠠᠢ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠮᠡᠳᠡᠭᠦᠯᠦᠯᠲᠡ᠂ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ | ᠬᠢᠷᠢ ᠬᠡᠮ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ | ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ᠵᠢᠴᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ | ᠲᠤᠰᠢᠶᠠᠯ ᠠᠴᠠ ᠨᠢ ᠪᠠᠭᠤᠯᠭᠠᠬᠤ ᠵᠦᠶ᠋ᠯᠡᠰ ᠢ ᠳᠤᠭᠤᠶᠢᠯᠠᠩ ᠬᠤᠪᠢᠶᠠᠵᠦ ᠬᠢᠨᠠᠨ ᠵᠦᠪᠯᠡᠵᠦ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠵᠢᠱᠢᠭᠳᠡᠭᠰᠡᠳ ᠤᠨ ᠨᠡᠷᠡᠰ ᠢ ᠵᠦᠪᠳᠡᠨ | ᠶᠠᠷᠢᠯᠴᠠᠪᠠ᠃ |