ᠥᠪᠥᠷ ᠮᠣᠩᠭᠤᠯ ᠴᠠᠯᠢᠩ ᠤᠨ ᠳᠣᠣᠷᠠᠳᠤ ᠪᠠᠷᠢᠮᠵᠢᠶ᠎ᠠ ᠶᠢ ᠥᠰᠬᠡᠪᠡ
ᠨᠡᠶᠢᠲᠡᠯᠡᠭᠰᠡᠨ ᠴᠠᠭ᠄
2021/11/16
    ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠪᠤᠯᠤᠨ ᠪᠦᠬᠦᠯᠢ ᠡᠳᠦᠷ ᠤᠨ ᠪᠤᠰᠤ ᠳᠦᠷᠢᠮᠲᠦ ᠠᠵᠢᠯ ᠤᠨ ᠴᠠᠭ ᠤᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠬᠤ ᠲᠤᠬᠠᠶ ᠮᠡᠳᠡᠭᠳᠡᠯ ᠢ ᠨᠡᠶᠢᠳᠡᠯᠡᠯ᠎ᠡ᠄     ᠨᠢᠭᠡ᠂ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠳᠥᠷᠪᠡᠨ ᠲᠥᠷᠥᠯ ᠤᠨ ᠭᠠᠵᠠᠷ ᠣᠷᠣᠨ ᠠᠴᠠ ᠭᠤᠷᠪᠠᠨ ᠲᠥᠷᠥᠯ ᠤᠨ ᠭᠠᠵᠠᠷ ᠣᠷᠣᠨ ᠪᠣᠯᠭᠠᠨ ᠳᠣᠭᠢᠷᠠᠭᠤᠯᠤᠨ᠎ᠠ᠃ ᠪᠥᠬᠦ ᠣᠷᠣᠨ ᠤ ᠡᠯ᠎ᠡ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ᠂ ᠬᠤᠲᠠ ᠪᠠᠯᠭᠠᠰᠤ ᠶᠢᠨ ᠨᠢᠭᠡᠴᠡ ᠶᠢᠨ ᠠᠵᠢᠯᠲᠠᠨ ᠠᠵᠢᠯᠴᠢᠨ ᠪᠦᠷᠢ ᠳᠤ ᠲᠡᠭᠰᠢᠳᠬᠡᠭᠰᠡᠨ ᠴᠠᠯᠢᠩ ᠪᠣᠯᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠦᠨ ᠪᠦᠷᠢ ᠳᠤ ᠲᠡᠭᠰᠢᠳᠬᠡᠭᠰᠡᠨ ᠡᠵᠡᠮᠳᠡᠵᠦ ᠪᠣᠯᠬᠤ ᠣᠷᠣᠯᠭ᠎ᠠ ᠵᠡᠷᠭᠡ ᠪᠠᠶᠢᠳᠠᠯ ᠢ ᠦᠨᠳᠦᠰᠦᠯᠡᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶᠠᠨ ᠤ ᠭᠠᠵᠠᠷ ᠣᠷᠣᠨ ᠤ ᠲᠥᠷᠥᠯ ᠢᠯᠭᠠᠯ ᠢ ᠳᠠᠬᠢᠨ ᠲᠣᠬᠢᠷᠠᠭᠤᠯᠵᠤ᠂ ᠬᠤᠪᠢᠶᠠᠷᠢᠯᠠᠨ᠎ᠠ᠃ ᠭᠠᠵᠠᠷ ᠣᠷᠣᠨ ᠤ ᠲᠥᠷᠥᠯ ᠢᠯᠭᠠᠯ ᠪᠠ ᠬᠡᠷᠡᠭᠯᠡᠬᠦ ᠪᠠᠷᠢᠮᠵᠢᠶ᠎ᠠ ᠶᠢ ᠨᠢ ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠶ᠃     ᠬᠤᠶᠠᠷ᠂ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠪᠦᠬᠦᠯᠢ ᠡᠳᠦᠷ ᠤᠨ ᠳᠦᠷᠢᠮᠲᠦ ᠬᠥᠳᠡᠯᠮᠦᠷᠢᠴᠢᠨ ᠤ ᠰᠠᠷ᠎ᠠ ᠶᠢᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠨᠢᠭᠡᠳᠦᠭᠡᠷ ᠲᠥᠷᠥᠯ ᠤᠨ ᠭᠠᠵᠠᠷ ᠣᠷᠣᠨ 1980 ᠲᠥᠭᠦᠷᠢᠭ᠂ ᠬᠤᠶᠠᠳᠤᠭᠠᠷ ᠲᠥᠷᠥᠯ ᠤᠨ ᠭᠠᠵᠠᠷ ᠣᠷᠣᠨ 1910 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ 1850 ᠲᠥᠭᠦᠷᠢᠭ︔ ᠪᠦᠬᠦᠯᠢ ᠡᠳᠦᠷ ᠤᠨ ᠪᠤᠰᠤ ᠳᠦᠷᠢᠮᠲᠤ ᠠᠵᠢᠯ ᠤᠨ ᠴᠠᠭ ᠤᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠨᠢᠭᠡᠳᠦᠭᠡᠷ ᠲᠥᠷᠥᠯ ᠤᠨ ᠭᠠᠵᠠᠷ ᠣᠷᠣᠨ ᠳᠤ 20.8 ᠲᠥᠭᠦᠷᠢᠭ᠂ ᠬᠤᠶᠠᠳᠤᠭᠠᠷ ᠲᠥᠷᠥᠯ ᠤᠨ ᠭᠠᠵᠠᠷ ᠣᠷᠣᠨ ᠳᠤ 20.1 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ 19.5 ᠲᠥᠭᠦᠷᠢᠭ ᠣᠯᠭᠤᠨ᠎ᠠ᠃     ᠭᠤᠷᠪᠠ᠂ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠨᠠᠰᠤᠵᠢᠯ ᠤᠨ ᠦᠨᠳᠦᠰᠦᠨ ᠳᠠᠭᠠᠳᠬᠠᠯ ᠤᠨ ᠮᠥᠩᠭᠦ᠂ ᠡᠮ ᠡᠮᠨᠡᠯᠭᠡ ᠶᠢᠨ ᠳᠠᠭᠠᠳᠬᠠᠯ ᠤᠨ ᠮᠥᠩᠭᠦ᠂ ᠠᠵᠢᠯ ᠠᠯᠳᠠᠬᠤ ᠳᠠᠭᠠᠳᠬᠠᠯ ᠤᠨ ᠮᠥᠩᠭᠦ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠲᠤᠰᠢᠶᠠᠬᠤ ᠬᠡᠰᠡᠭ ᠢ ᠪᠠᠭᠲᠠᠭᠠᠨ᠎ᠠ︔ ᠠᠵᠢᠯᠯᠠᠬᠤ ᠴᠠᠭ ᠢ ᠤᠷᠲᠤᠳᠬᠠᠭᠰᠠᠨ ᠴᠠᠯᠢᠩ᠂ ᠣᠷᠤᠢ ᠶᠢᠨ ᠡᠭᠡᠯᠵᠢ᠂ ᠰᠥᠨᠢ ᠶᠢᠨ ᠡᠭᠡᠯᠵᠢ᠂ ᠬᠠᠯᠠᠭᠤᠨ ᠤ᠂ ᠬᠦᠢᠳᠡᠨ ᠤ ᠵᠡᠷᠭᠡ ᠣᠨᠴᠠᠭᠠᠶ ᠨᠥᠬᠦᠴᠡᠯ ᠳᠣᠣᠷᠠᠬᠢ ᠨᠥᠬᠦᠪᠥᠷᠢ ᠮᠥᠩᠭᠦ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠲᠣᠭᠲᠠᠭᠠᠭᠰᠠᠨ ᠬᠥᠳᠡᠯᠮᠦᠷᠢᠴᠢᠨ ᠤ ᠠᠰᠠᠷᠠᠮᠵᠢ ᠬᠠᠷᠠᠭᠠᠯᠵᠠᠯ ᠵᠡᠷᠭᠡ ᠶᠢ ᠪᠠᠭᠲᠠᠭᠠᠬᠤ ᠦᠭᠡᠢ᠃     ᠳᠥᠷᠪᠡ᠂ ᠪᠦᠬᠦᠯᠢ ᠡᠳᠦᠷ ᠤᠨ ᠳᠦᠷᠢᠮᠲᠦ ᠠᠵᠢᠯ ᠣᠯᠤᠭᠰᠠᠨ ᠬᠥᠳᠡᠯᠮᠦᠷᠢᠴᠢᠨ ᠳᠣᠭᠳᠠᠬᠰᠠᠨ ᠴᠠᠭ ᠤᠨ ᠠᠵᠢᠯ ᠠᠴᠠ ᠭᠠᠳᠠᠨ᠎ᠠ ᠬᠥᠮᠦᠨ ᠬᠡᠷᠡᠭᠯᠡᠬᠦ ᠪᠠᠶᠢᠭᠤᠯᠭ᠎ᠠ ᠨᠢᠭᠡᠴᠠ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠶ ᠪᠠᠷᠢᠮᠵᠢᠶ᠎ᠠ ᠪᠠᠷ ᠴᠠᠯᠢᠩ ᠢ ᠨᠢ ᠥᠭᠬᠦ ᠬᠡᠷᠡᠭᠲᠡᠶ᠃ ᠪᠦᠬᠦᠯᠢ ᠡᠳᠦᠷ ᠤᠨ ᠪᠤᠰᠤ ᠳᠦᠷᠢᠮᠲᠦ ᠠᠵᠢᠯ ᠣᠯᠤᠭᠰᠠᠨ ᠬᠥᠳᠡᠯᠮᠦᠷᠢᠴᠢᠨ ᠤ ᠬᠥᠮᠦᠨ ᠬᠡᠷᠡᠭᠯᠡᠬᠦ ᠨᠢᠭᠡᠴᠢ ᠶᠢᠨ ᠥᠭᠬᠦ ᠴᠠᠯᠢᠩ ᠨᠢ ᠨᠠᠭᠠᠳᠤ ᠵᠠᠬ᠎ᠠ ᠶᠢᠨ ᠴᠠᠭ ᠤᠨ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃ ᠪᠠᠶᠢᠭᠤᠯᠭ᠎ᠠ ᠨᠢᠭᠡᠴᠠ ᠶᠢᠨ ᠬᠠᠤᠯᠢ ᠶᠣᠰᠣᠭᠠᠷ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠵᠠᠷᠤᠳᠠᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠥᠮᠦᠨ ᠬᠡᠷᠡᠭᠯᠡᠬᠦ ᠨᠢᠭᠡᠴᠠ ᠲᠣᠭᠲᠠᠭᠠᠯ ᠶᠣᠰᠣᠭᠠᠷ ᠠᠰ ᠲᠤᠨᠢ ᠥᠭᠬᠦ ᠬᠡᠷᠡᠭᠲᠡᠶ᠃ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠬᠥᠮᠦᠨ ᠬᠡᠷᠡᠭᠯᠡᠬᠦ ᠨᠢᠭᠡᠴᠠ ᠪᠦᠬᠦᠨ ᠢ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠰᠦᠯᠵᠢᠶᠡᠨ ᠳᠡᠭᠡᠷ᠎ᠡ ᠳᠠᠩᠰᠠᠯᠠᠭᠤᠯᠬᠤ ᠰᠢᠰᠲ᠋ᠧᠮ ᠳᠤ ᠴᠠᠭ ᠲᠤᠬᠠᠶ ᠳᠤᠨᠢ ᠳᠠᠩᠰᠠᠯᠠᠵᠤ ᠮᠡᠳᠡᠭᠦᠯᠬᠦ ᠬᠡᠷᠡᠭᠲᠡᠶ᠃     ᠲᠠᠪᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠪᠠ ᠪᠦᠬᠦᠯᠢ ᠡᠳᠦᠷ ᠤᠨ ᠪᠤᠰᠤ ᠳᠦᠷᠢᠮᠲᠦ ᠠᠵᠢᠯ ᠤᠨ ᠴᠠᠭ ᠤᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ 2021 ᠣᠨ ᠤ 12 ᠳ᠋ᠣᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号