ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠵᠡᠢ
ᠨᠡᠶᠢᠲᠡᠯᠡᠭᠰᠡᠨ ᠴᠠᠭ᠄
2021/11/16
    11 ᠰᠠᠷ ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠪᠡ᠃ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠤᠳᠤ 61 ᠪᠦᠷᠢᠯᠳᠦᠬᠦᠨ ᠲᠠᠢ᠂ 52 ᠬᠦᠮᠦᠨ ᠲᠤᠰ ᠤᠳᠠᠭᠠᠨ ᠤ ᠬᠤᠷᠠᠯ ᠳᠤ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ ᠬᠤᠷᠠᠯ ᠢ ᠡᠷᠬᠢᠯᠡᠵᠡᠢ᠃ ᠦᠪᠡᠷᠳᠡᠬᠡᠨ ᠵᠠᠰᠠᠬᠤ  ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠪᠥᠸᠧ᠂ ᠯᠢ ᠷᠦᠡᠭ ᠰᠢ᠂ ᠯᠢᠶᠠᠨ ᠰᠤ᠋᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠬᠡᠰᠢᠬᠦᠳ ᠬᠤᠷᠠᠯ ᠳᠤ ᠣᠷᠣᠯᠴᠠᠵᠠᠶ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠴᠢ᠊ ᠪᠠᠳᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶᠠᠨ ᠤ ᠳᠠᠷᠤᠭ᠎ᠠ ᠶᠠᠩ ᠽᠦᠡᠭ ᠷᠧᠨ ᠬᠤᠷᠠᠯ ᠳᠤ ᠰᠤᠯᠠ ᠤᠷᠤᠯᠴᠠᠵᠠᠢ᠃ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠪᠠᠳᠤᠯᠠᠪᠠ᠃ ᠬᠤᠷᠠᠯ ᠠᠴᠠ ᠴᠢ᠊ ᠪᠠᠳᠤ ᠶᠢᠨ ᠬᠢᠭᠰᠡᠨ ᠭᠤᠣᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢ ᠠᠬᠢᠭᠤᠯᠵᠤ᠂ ᠰᠠᠭᠤᠭᠠᠯᠢ ᠠᠷᠠᠳ ᠤᠨ ᠣᠷᠤᠯᠭ᠎ᠠ ᠶᠢ ᠨᠡᠮᠡᠭᠳᠡᠬᠦᠯᠦᠭᠰᠡᠨ ᠪᠠᠶᠢᠳᠠᠯ ᠤᠨ ᠲᠤᠬᠠᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠮᠡᠳᠡᠬᠦᠯᠦᠯᠳᠠ ᠶᠢ ᠰᠤᠨᠤᠰᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠤᠨ ᠳᠠᠷᠤᠭ᠎ᠠ ᠬᠤᠸᠠᠩ ᠶᠠ ᠯᠢ ᠶᠢᠨ ᠬᠢᠭᠰᠡᠨ ᠤᠯᠤᠰ ᠤᠨ ᠨᠢᠭᠡᠳᠦᠯᠳᠡᠢ ᠨᠠᠶᠢᠷᠠᠭᠤᠯᠤᠬᠰᠠᠨ ᠵᠢᠭᠠᠬᠤ ᠮᠡᠲ᠋ᠧᠷᠢᠶᠠᠯ ᠢ ᠲᠡᠯᠭᠡᠷᠡᠬᠦᠯᠦᠨ ᠬᠡᠷᠡᠭᠯᠡᠭᠰᠡᠨ ᠠᠵᠢᠯ ᠤᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠮᠡᠳᠡᠬᠦᠯᠦᠯᠳᠠ᠂ ᠥᠪᠡᠷᠲᠡᠭᠡᠨ ᠵᠠᠰᠠᠬᠤ ᠣᠷᠣᠨ ᠤ ᠲᠤᠳᠤᠭᠠᠳᠤ ᠶᠢ ᠬᠠᠮᠠᠭᠠᠯᠠᠬᠤ ᠲᠢᠩᠭᠢᠮ ᠤᠨ ᠲᠡᠳ᠋ ᠳᠠᠷᠤᠭ᠎ᠠ ᠵᠠᠩ ᠽᠢ ᠵᠢᠶᠦ᠋ᠨ ᠤ ᠬᠢᠭᠰᠡᠨ ᠬᠤᠤᠷ ᠴᠠᠭᠠᠵᠠᠯᠠᠬᠤ ᠠᠵᠢᠯ ᠤᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠮᠡᠳᠡᠬᠦᠯᠦᠯᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠭ᠎ᠠ ᠵᠠᠩ ᠯᠸᠢ ᠶᠢᠨ ᠬᠢᠭᠰᠡᠨ 2020 ᠤᠨ ᠠᠴᠠ ᠨᠠᠭᠠᠰᠢᠬᠢ ᠰᠢᠨ᠎ᠡ ᠪᠠᠷ ᠨᠡᠮᠡᠭᠳᠡᠭᠰᠡᠨ ᠲᠤᠰᠬᠠᠢ ᠵᠢᠭᠡᠯᠡᠯᠭᠡ  ᠶᠢᠨ ᠲᠡᠮᠳᠡᠭᠳᠤ ᠶᠢᠨ ᠪᠡᠯᠡ ᠮᠦᠩᠬᠦ ᠶᠢ ᠲᠠᠷᠬᠠᠭᠠᠵᠦ ᠬᠡᠷᠡᠭᠯᠡᠭᠰᠡᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠮᠡᠳᠡᠬᠦᠯᠦᠯᠳᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠠᠷᠤᠭ᠎ᠠ ᠵᠤᠤ ᠳ᠋ᠠ ᠶᠦᠡᠭ ᠤᠨ ᠬᠢᠭᠰᠡᠨ 2020 ᠤᠨ ᠤ ᠤᠯᠤᠰ ᠤᠨ ᠦᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ  ᠤᠨ ᠵᠠᠰᠠᠭ ᠤᠨ ᠤᠷᠳᠤᠨ ᠤ ᠲᠤᠰᠬᠠᠢ ᠮᠡᠳᠡᠭᠦᠯᠦᠯᠲᠡ ᠶᠢ ᠰᠤᠨᠤᠰᠪᠠ᠃ ᠬᠤᠷᠠᠯ ᠠᠴᠠ ᠪᠠᠰᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠸᠡᠭ ᠳ᠋ᠦᠡᠭ ᠪᠦᠸᠧ ᠶᠢᠨ ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠬᠦᠯᠦᠯᠳᠡ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠠᠵᠢᠯᠳᠠᠨ ᠤ ᠶᠠᠪᠤᠳᠠᠯ ᠲᠦᠯᠦᠭᠡᠯᠡᠭᠴᠢ ᠰᠤᠩᠭᠤᠭᠤᠯᠢ ᠶᠢᠨ ᠠᠵᠢᠯ ᠤᠨ ᠵᠦᠪᠯᠡᠯ ᠤᠨ ᠡᠷᠬᠢᠯᠡᠭᠴᠢ ᠰᠦᠨ ᠸᠧᠢ ᠳ᠋ᠦᠡᠭ ᠤᠨ ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠳᠠᠨ ᠤ ᠶᠠᠪᠤᠳᠠᠯ ᠲᠦᠯᠦᠭᠡᠯᠡᠭᠴᠢ ᠰᠤᠩᠭᠤᠭᠤᠯᠢ ᠶᠢᠨ ᠠᠵᠢᠯ ᠤᠨ ᠮᠡᠳᠡᠬᠦᠯᠦᠯᠳᠡ ᠶᠢ ᠰᠤᠨᠤᠰᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠦᠯᠦᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ᠂ ᠬᠡᠰᠡᠭ ᠠᠶᠢᠮᠠᠭ ᠤᠨ ᠠᠵᠢᠯ ᠤᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠬᠰᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ ᠬᠤᠷᠠᠯ ᠤᠨ ᠲᠠᠷᠠᠭ᠎ᠠ᠂ ᠪᠦᠬᠦᠳᠡ ᠬᠤᠷᠠᠯ ᠤᠨ ᠡᠯ᠎ᠡ ᠵᠦᠢᠯ ᠤᠨ ᠮᠡᠳᠡᠬᠦᠯᠤᠯᠳᠠ ᠶᠢ ᠳᠤᠭᠤᠶᠢᠯᠠᠩ ᠬᠤᠪᠢᠶᠠᠵᠦ ᠬᠢᠨᠠᠨ ᠵᠦᠪᠯᠡᠪᠡ︔ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠳᠦᠷᠢᠮ ︵ᠲᠥᠰᠦᠯ︶᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠲᠦᠷᠢᠮ ︵ᠲᠥᠰᠦᠯ︶᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ︵ᠲᠥᠰᠦᠯ︶᠂ 2020 ᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠶᠡᠷᠦᠩᠭᠡᠶᠢᠯᠡᠭᠰᠡᠨ ᠮᠡᠳᠡᠬᠦᠯᠦᠯᠳᠡ᠂ 2021 ᠣᠨ ᠤ ᠡᠨᠧᠷᠭᠢ ᠠᠷᠪᠢᠯᠠᠬᠤ ᠠᠵᠢᠯ ᠤᠨ ᠪᠠᠶᠢᠳᠠᠯ᠂ 2021 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ᠲᠥᠰᠦᠯ︶ ᠤᠨ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠦᠯᠦᠯᠲᠡ᠂ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ᠵᠢᠴᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠶ᠋ᠯᠡᠰ ᠢ ᠳᠤᠭᠤᠶᠢᠯᠠᠩ ᠬᠤᠪᠢᠶᠠᠵᠦ ᠬᠢᠨᠠᠨ ᠵᠦᠪᠯᠡᠵᠦ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠵᠢᠱᠢᠭᠳᠡᠭᠰᠡᠳ ᠤᠨ ᠨᠡᠷᠡᠰ ᠢ ᠵᠦᠪᠳᠡᠨ ᠶᠠᠷᠢᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号