ᠶᠣᠣ ᠶᠦᠩ ᠪᠥᠸᠧ ᠰᠢᠯᠢ ᠶᠢᠨ ᠬᠤᠳᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ  ᠱᠠᠯᠠᠪᠳᠠᠭᠤᠯᠣᠨ ᠵᠢᠯᠣᠭᠤᠳᠪᠠ
ᠨᠡᠶᠢᠲᠡᠯᠡᠭᠰᠡᠨ ᠴᠠᠭ᠄
2021/11/18
    11 ᠳ᠋ᠣᠭᠡᠷ ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ  ᠶᠣᠣ ᠶᠦᠩ ᠪᠥᠸᠧ ᠰᠢᠯᠢ ᠶᠢᠨ ᠬᠤᠳᠠ ᠶᠢᠨ ᠬᠡᠰᠡᠭ ᠴᠢᠯᠣᠭᠡᠳᠣ ᠳᠡᠯᠭᠡᠭᠦᠷ᠂ ᠠᠵᠤ ᠠᠬᠤᠶᠢᠯᠠᠯ ᠪᠠ ᠲᠦᠷᠭᠡᠨ ᠭᠤᠪᠢᠭᠤᠯᠭ᠎ᠠ ᠡᠳ᠋ ᠪᠠᠷᠠᠭᠠᠨ ᠤ ᠬᠦᠢᠯᠭᠡᠭᠡᠨ ᠤ ᠺᠣᠮᠫᠠᠨᠢ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠣᠨ ᠵᠢᠯᠣᠭᠤᠳᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠰᠢᠵᠢᠮ ᠢ ᠴᠠᠭ ᠢᠮᠠᠭᠲᠠ ᠴᠢᠩᠭᠠᠷᠠᠭᠤᠯᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠬᠢᠬᠦ ᠶᠢ ᠪᠠᠷᠢᠮᠲᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠡᠭᠦᠷᠭᠡ ᠶᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾  ᠨᠢᠭᠳᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠶᠣᠣ ᠶᠦᠩ ᠪᠥᠸᠧ ᠤᠷᠢᠳ ᠬᠤᠵᠢᠳ ᠰᠢᠯᠢ ᠶᠢᠨ ᠬᠤᠳᠠ ᠶᠢᠨ ᠸᠠᠨ ᠭᠦᠸᠧ ᠭᠠᠷᠠᠮ ᠤᠨ ᠭᠠᠳᠠᠭᠠᠳᠤ ᠠᠴᠠ ᠣᠷᠣᠭᠤᠯᠣᠭᠰᠠᠨ ᠲᠠᠸᠠᠷ ᠤᠨ ᠴᠢᠯᠣᠭᠡᠳᠣ ᠳᠡᠯᠭᠡᠭᠦᠷ᠂ ᠪᠠᠩ ᠪᠠᠩ ᠨᠢᠦ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠭᠠᠳᠠᠭᠠᠳᠤ ᠠᠴᠠ ᠣᠷᠣᠭᠤᠯᠤᠭᠰᠠᠨ ᠲᠠᠸᠠᠷ ᠪᠠ ᠬᠦᠢᠲᠡᠨ ᠬᠡᠯᠬᠢᠶᠡᠲᠦ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠣᠶᠢᠯᠠᠭᠠᠭᠰᠠᠨ ᠤ ᠳᠠᠷᠠᠭ᠎ᠠ ᠴᠢᠬᠤᠯᠠᠴᠢᠯᠠᠬᠤ ᠳᠠᠭᠠᠨ ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠠᠯᠮᠠᠶᠢᠷᠠᠨ ᠲᠠᠶᠢᠪᠣᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭᠠᠳᠬᠠᠨ ᠪᠣᠳᠠᠳᠠᠶᠢᠵᠢᠭᠤᠯᠵᠣ᠂ ᠰᠢᠨᠵᠢᠯᠡᠬᠦ ᠤᠬᠠᠭᠠᠨᠴᠢ ᠪᠦᠲᠦᠮᠵᠢᠲᠡᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠳᠠᠭᠠᠳᠤ ᠠᠴᠠ ᠣᠷᠣᠭᠤᠯᠤᠭᠰᠠᠨ ᠲᠠᠸᠠᠷ ᠪᠣᠯᠤᠨ ᠬᠦᠢᠳᠡᠨ ᠬᠡᠯᠬᠢᠶᠡᠲᠦ ᠢᠳᠡᠭᠡᠨ ᠤ ᠠᠵᠤ ᠠᠬᠤᠶᠢᠯᠠᠯ  ᠪᠦᠬᠦᠨ ᠢ ᠬᠢᠨᠠᠯᠳᠠ ᠬᠠᠮᠢᠶᠠᠷᠣᠯᠳᠠ ᠶᠢᠨ ᠬᠡᠪᠴᠢᠶᠡᠨ ᠳᠤ ᠣᠷᠣᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠣᠨᠣᠴᠠᠲᠠᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠪᠥᠭᠡᠮ ᠬᠦᠴᠢᠯ ᠤᠨ ᠦᠯᠢᠭᠡᠷ ᠠᠪᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠡᠳᠦᠷ ᠲᠤᠳᠤᠮ ᠤᠨ ᠬᠢᠨᠠᠯᠳᠠ ᠬᠠᠮᠢᠶᠠᠷᠣᠯᠳᠠ ᠶᠢᠨ ᠠᠵᠢᠯ ᠢ ᠴᠢᠩᠭ᠎ᠠ ᠰᠠᠶᠢᠲᠤᠷ ᠠᠳᠬᠤᠵᠤ᠂ ᠬᠠᠮᠢᠶᠠᠷᠤᠯᠲᠠ ᠡᠵᠡᠮᠳᠡᠯ ᠢᠶᠠᠨ ᠠᠯᠳᠠᠬᠤ ᠶᠢ ᠡᠷᠡᠰ ᠬᠤᠷᠢᠭᠯᠠᠬᠤ ᠬᠡᠷᠡᠭᠲᠡᠢ᠃ ᠵᠣᠬᠢᠴᠠᠭᠤᠯᠤᠨ ᠬᠠᠷᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠨ ᠡᠵᠡᠮᠳᠡᠬᠦ ᠶᠠᠪᠤᠴᠠ ᠪᠠᠨ ᠳᠡᠭᠦᠯᠳᠡᠷᠵᠢᠬᠦᠯᠬᠦ ᠶᠢ ᠱᠠᠯᠠᠪᠳᠠᠭᠤᠯᠣᠨ ᠵᠢᠯᠣᠭᠤᠳᠴᠤ᠂ ᠡᠳ᠋ ᠪᠠᠷᠠᠭ᠎ᠠ ᠶᠢ ᠡᠷᠡᠮᠡᠯᠵᠡᠯᠡᠨ ᠮᠡᠳᠡᠭᠦᠯᠬᠦ᠂ ᠠᠷᠢᠭᠤᠳᠬᠠᠬᠤ᠂ ᠠᠵᠢᠯᠳᠠᠨ ᠤ ᠬᠢᠵᠢᠭ ᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠬᠡᠮ ᠰᠣᠭᠤᠭ ᠢ ᠦᠨᠡᠨᠬᠦ ᠠᠷᠢᠯᠭᠠᠬᠤ ᠬᠡᠷᠡᠭᠲᠡᠶ᠃ ᠭᠠᠳᠠᠭᠠᠳᠤ ᠠᠴᠠ ᠣᠷᠣᠭᠤᠯᠣᠭᠰᠠᠨ ᠬᠦᠢᠳᠡᠨ ᠬᠡᠯᠬᠢᠶᠡᠲᠦ ᠢᠳᠡᠭᠡᠨ ᠤ ᠠᠩᠬᠠᠨ ᠤ ᠲᠤᠰᠬᠠᠢ ᠬᠥᠮᠥᠷᠭᠡ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ  ᠬᠢᠷᠢ ᠲᠦᠪᠰᠢᠨ  ᠢᠶᠠᠨ ᠦᠨᠡᠨᠬᠦ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠤᠨ ︽ᠲᠤᠰᠠᠭᠠᠷᠯᠠᠬᠤ ᠲᠣᠣᠷ︾ ᠢ ᠣᠯᠠᠮ ᠴᠢᠨᠠᠭᠰᠢᠳᠠ ᠨᠢᠭᠲᠠ ᠰᠦᠯᠵᠢᠬᠦ ᠬᠡᠷᠡᠭᠲᠡᠢ ᠭᠡᠪᠡ᠃     ᠠᠶᠢᠮᠠᠭ ᠤᠨ ᠰᠢᠦᠳᠠᠨ ᠤ ᠬᠤᠪᠢᠶᠠᠷᠢ ᠺᠣᠮᠫᠠᠨᠢ ᠶᠢᠨ ᠬᠤᠪᠢᠶᠠᠨ ᠢᠯᠭᠠᠬᠤ ᠲᠥᠪ᠂ ᠥᠪᠥᠷ ᠮᠣᠩᠭᠤᠯ ᠤᠨ ᠱᠦᠨ ᠹᠧᠩ ᠲᠦᠷᠭᠡᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠶᠢᠨ ᠰᠢᠯᠢ ᠶᠢᠨ ᠬᠤᠳᠠ ᠶᠢᠨ ᠬᠤᠪᠢᠶᠠᠨ ᠢᠯᠭᠠᠬᠤ ᠲᠥᠪ ᠲᠤ᠂ ᠶᠣᠣ ᠶᠦᠩ ᠪᠥᠸᠧ ᠠᠴᠠ ᠰᠢᠦᠳᠠᠨ ᠤ ᠵᠦᠢᠯ ᠢ ᠰᠢᠯᠵᠢᠭᠦᠯᠦᠨ ᠳᠡᠭᠡᠭᠡᠪᠦᠷᠢᠯᠡᠬᠦ᠂ ᠬᠤᠪᠢᠶᠠᠨ ᠢᠯᠭᠠᠬᠤ ᠂ ᠠᠷᠢᠭᠤᠳᠬᠠᠬᠤ ᠵᠡᠷᠭᠡ ᠡᠯ᠎ᠡ ᠭᠤᠭᠴᠣᠭᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠬᠤ ᠳᠠᠭᠠᠨ᠂ ᠠᠵᠤ ᠠᠬᠤᠶᠢᠯᠠᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢᠭᠡᠪᠦᠷᠢ ᠶᠢ ᠴᠢᠩᠭ᠎ᠠ ᠵᠢᠷᠤᠮᠵᠢᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨᠠᠬᠢ ᠪᠠ ᠳᠤᠮᠳᠠ ᠦᠨᠳᠦᠷ ᠲᠦᠭᠰᠢᠭᠦᠷᠢ ᠲᠠᠢ ᠭᠠᠵᠠᠷ ᠣᠷᠣᠨ ᠤ ᠰᠢᠤᠳᠠᠨ ᠭᠤᠪᠢᠭᠤᠯᠭ᠎ᠠ ᠲᠦᠷᠭᠡᠨ ᠬᠦᠷᠭᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠷᠢᠭ᠎ᠠ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠶ  ᠃ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠲᠦ ᠶᠢ ᠪᠣᠳᠣᠯᠬᠢᠯᠠᠨ᠂ ᠠᠶᠤᠯ ᠲᠦᠭᠰᠢᠭᠦᠷᠢ ᠶᠢᠨ ᠣᠷᠰᠢᠭ ᠰᠣᠭᠤᠭ ᠢ ᠪᠥᠬᠦ ᠲᠠᠯ᠎ᠠ ᠪᠠᠷ ᠭᠦᠨᠵᠡᠭᠡᠶ ᠵᠢᠭᠰᠠᠭᠠᠨ ᠪᠠᠶᠢᠴᠠᠭᠠᠵᠤ᠂ ᠡᠳᠦᠷ ᠲᠤᠲᠤᠮ ᠤᠨ ᠬᠠᠮᠢᠶᠠᠷᠤᠯᠲᠠ  ᠶᠢᠨ ᠲᠣᠭᠲᠠᠴᠠ  ᠶᠢ ᠴᠢᠭᠯᠡᠭᠦᠯᠦᠯᠳᠣ ᠴᠢᠨᠠᠷᠲᠠᠶ  ᠪᠠᠷ ᠲᠡᠭᠦᠯᠳᠡᠷᠵᠢᠭᠦᠯᠦᠨ᠂  ᠪᠣᠳᠠᠲᠠᠶ ᠶᠢ ᠡᠷᠬᠢᠮᠯᠡᠭᠰᠡᠨ᠂ ᠠᠰᠢᠭ ᠲᠣᠰᠠᠲᠠᠢ ᠠᠮᠤᠷ ᠲᠦᠪᠰᠢᠨ ᠨᠠᠶᠢᠳᠠᠪᠤᠷᠢᠲᠠᠶ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠵᠠᠭᠪᠤᠷ ᠢ ᠪᠦᠷᠢᠯᠳᠣᠭᠦᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠦᠨᠡᠨᠬᠦ ᠴᠢᠩᠭ᠎ᠠ  ᠪᠣᠳᠠᠲᠠᠶ  ᠳᠣᠭᠤᠰᠢᠲᠠᠢ ᠠᠳᠬᠤᠬᠤ ᠬᠡᠷᠡᠭᠲᠡᠶ ᠭᠡᠪᠡ᠃     ᠠᠶᠢᠮᠠᠭ ᠤᠨ ᠨᠠᠮ  ᠤᠨ  ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠬᠤᠸᠠᠩ ᠴᠢᠩ ᠰᠢᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠰᠠᠨ ᠱᠢ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号