ᠰᠦᠨᠢᠳ ᠪᠠᠷᠠᠭᠤᠨ ᠬᠤᠰᠢᠭᠤᠨ ᠤ ᠡᠷᠢᠶᠠᠨᠨᠠᠭᠤᠷ ᠰᠤᠮᠤᠨ ᠤ ᠬᠢᠯᠢ ᠶᠢᠨ ᠲᠤᠮᠢᠯᠠᠭᠰᠠᠨ ᠰᠠᠯᠪᠤᠷᠢ ︽ᠪᠢ | ᠤᠯᠠᠨ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠦ | ᠂ ᠬᠦᠮᠦᠵᠢᠯ ᠴᠡᠭᠴᠡᠯᠡᠯᠳᠡ ᠶᠢᠨ ᠦᠷ᠎ᠡ ᠪᠦᠳᠦᠭᠡᠯ ᠢ ᠤᠯᠠᠨ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦ | ᠠᠵᠢᠯᠯᠠᠭ᠎ᠠ ᠪᠤᠯᠭᠠᠨ ᠬᠤᠪᠢᠷᠠᠭᠤᠯᠬᠤ ᠶᠢ ᠪᠠᠷᠢᠮᠳᠠᠯᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ | ᠰᠠᠨᠠᠭᠠᠴᠢᠯᠠᠭ᠎ᠠ ᠲᠠᠢ ᠪᠠᠷ ᠵᠢᠳᠭᠦᠯ ᠴᠢᠷᠮᠠᠶᠢᠯᠭ᠎ᠠ ᠭᠠᠷᠭᠠᠵᠤ᠂ ᠬᠠᠷᠢᠶ᠎ᠠ ᠤᠷᠤᠨ ᠤ ᠤᠯᠠᠨ ᠲᠦᠮᠡᠨ ᠤ ᠬᠦᠷᠳᠡᠭᠡᠮᠵᠢ | ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠴᠢᠷᠮᠠᠶᠢᠨ | ᠳᠡᠭᠡᠭᠰᠢᠯᠡᠭᠦᠯᠵᠦ᠂ ᠬᠠᠷᠢᠶ᠎ᠠ ᠤᠷᠤᠨ ᠤ ᠠᠮᠤᠷ ᠲᠦᠪᠰᠢᠨ ᠪᠤᠯᠤᠨ ᠬᠢᠯᠢ ᠶᠢᠨ ᠲᠤᠭᠳᠠᠭᠤᠨ ᠢ ᠬᠠᠮᠠᠭᠠᠯᠠᠬᠤ ᠳᠤ | ᠦᠵᠡᠭᠦᠯᠪᠡᠰᠤ ᠵᠤᠬᠢᠬᠤ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃ | ᠡᠷᠢᠶᠠᠨᠨᠠᠭᠤᠷ ᠰᠤᠮᠤ ᠪᠤᠯ ᠰᠦᠨᠢᠳ ᠪᠠᠷᠠᠭᠤᠨ ᠬᠤᠰᠢᠭᠤᠨ ᠤ ᠴᠤᠷ ᠤᠨ ᠭᠠᠭᠴᠠ ᠬᠢᠯᠢ ᠬᠢᠵᠠᠭᠠᠷ ᠤᠨ | ᠰᠤᠮᠤ ᠪᠠᠶᠢᠵᠤ᠂ ᠬᠢᠯᠢ ᠶᠢᠨ ᠱᠣᠭᠤᠮ ᠤᠨ ᠤᠷᠳᠤ ᠨᠢ18.15 ᠺᠢᠯᠤᠮᠧᠲᠷ ᠬᠦᠷᠴᠤ ᠪᠠᠶᠢᠨ᠎ᠠ᠃ ᠡᠷᠢᠶᠠᠨᠨᠠᠭᠤᠷ | ᠰᠤᠮᠤᠨ ᠤ ᠬᠢᠯᠢ ᠶᠢᠨ ᠲᠤᠮᠢᠯᠠᠭᠰᠠᠨ ᠰᠠᠯᠪᠤᠷᠢ ᠤᠷᠤᠨ ᠨᠤᠳᠤᠭ ᠤᠨ ᠤᠨᠴᠠᠯᠢᠭ ᠲᠤ ᠵᠤᠬᠢᠴᠠᠭᠤᠯᠤᠨ᠂ ᠡᠬᠢ | ᠪᠠᠶᠠᠯᠢᠭ ᠢ ᠨᠢᠭᠡᠳᠭᠡᠵᠦ ᠴᠡᠷᠢᠭ ᠠᠷᠠᠳ ᠬᠠᠮᠳᠤᠪᠠᠷ ᠡᠳ᠋ᠯᠡᠭᠦ ᠲᠦᠷᠦᠯ ᠵᠦᠢᠯ ᠢ ᠦᠷᠨᠢᠭᠦᠯᠦᠨ᠂ ᠴᠠᠭᠳᠠᠭᠠᠨ ᠤ | ᠶᠠᠪᠤᠳᠠᠯ ᠤᠨ ᠳᠠᠰᠤᠭ ᠢ ᠤᠤᠯ ᠤᠨ ᠰᠤᠮᠤᠨ ᠤ ᠭᠡᠤᠭᠡᠳ ᠤᠨ ᠴᠡᠴᠡᠷᠯᠢᠭ ᠤᠨ ᠬᠠᠭᠤᠴᠢᠨ ᠪᠠᠭᠤᠷᠢ ᠳᠤ | ᠰᠢᠯᠵᠢᠭᠦᠯᠦᠭᠰᠡᠨ ᠪᠠᠶᠢᠨ᠎ᠠ᠃ ᠦᠷᠯᠦᠭᠡ ᠡᠷᠳᠡ᠂ ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠪᠠᠶᠢᠷᠢ ᠳᠠᠭᠠᠨ | ᠠᠪᠰᠠᠷᠬᠠᠨ ᠬᠤᠷᠠᠯ ᠬᠢᠵᠤ᠂ ᠲᠤᠬᠠᠢ ᠶᠢᠨ ᠡᠳᠦᠷ ᠤᠨ ᠠᠵᠢᠯ ᠢᠶᠠᠨ ᠪᠠᠶᠢᠷᠢᠯᠠᠭᠤᠯᠤᠯ᠎ᠠ᠃ | ᠡᠳᠦᠷ ᠳᠤᠳᠤᠮ ᠤᠨ ᠠᠵᠢᠯ ᠠᠮᠢᠳᠤᠷᠠᠯ ᠤᠨ ᠲᠤᠮᠳᠠ᠂ ᠴᠠᠭᠳᠠᠭ᠎ᠠ ᠨᠠᠷ ᠲᠤᠭᠤᠷᠢᠨ ᠪᠠᠶᠢᠴᠠᠭᠠᠬᠤ ᠭᠡᠯᠪᠡᠷᠢ | ᠪᠠᠷ᠂ ᠮᠠᠯᠵᠢᠬᠤ ᠤᠷᠤᠨ ᠤ ᠮᠠᠰᠢᠨ ᠬᠦᠳᠡᠯᠭᠡᠭᠦᠷᠳᠤ ᠳᠡᠷᠭᠡᠨ ᠤ ᠳᠠᠭᠠᠭᠠᠴᠠ ᠠᠴᠠ ᠭᠡᠳᠦᠷᠡᠳᠡᠯ᠎ᠡ ᠠᠴᠢᠶᠠᠯᠠᠬᠤ᠂ | ᠬᠤᠷᠳᠤᠴᠠ ᠭᠡᠳᠦᠷᠡᠭᠦᠯᠦᠨ ᠵᠢᠯᠤᠭᠤᠳᠬᠤ᠂ ᠠᠷᠢᠬᠢᠨ ᠤ ᠳᠠᠷᠠᠭ᠎ᠠ ᠳᠡᠷᠭᠡ ᠵᠢᠯᠤᠭᠤᠳᠬᠤ ᠵᠡᠷᠭᠡ ᠬᠠᠤᠯᠢ ᠠᠴᠠ | ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠬᠠᠮᠢᠶᠠᠷᠴᠤ ᠪᠠᠶᠢᠨ᠎ᠠ᠃ ᠡᠭᠦᠨ ᠤ ᠬᠠᠮᠳᠤ ᠤᠯᠠᠨ ᠲᠦᠮᠡᠨ ᠤ | ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠭᠦ ᠠᠷᠭ᠎ᠠ ᠭᠡᠮᠵᠢᠶ᠎ᠠ ᠶᠢ ᠢᠳᠡᠪᠬᠢᠳᠡᠢ ᠨᠠᠶᠢᠳᠠᠪᠤᠷᠢᠵᠢᠭᠤᠯᠵᠤ᠂ | ᠬᠢᠯᠪᠠᠷ ᠪᠤᠰᠤ ᠪᠠᠷ ᠢᠷᠡᠭᠰᠡᠨ ᠬᠢᠵᠢᠭ ᠢ ᠰᠡᠷᠭᠡᠶᠢᠯᠡᠨ ᠡᠵᠡᠮᠳᠡᠭᠦ ᠦᠷ᠎ᠡ ᠪᠦᠳᠦᠭᠡᠯ ᠢ ᠬᠠᠮᠳᠤᠪᠠᠷ ᠪᠠᠬᠢᠵᠢᠭᠦᠯᠭᠦ ᠶᠢ | ᠢᠳᠡᠪᠬᠢᠳᠡᠢ ᠵᠢᠯᠤᠭᠤᠳᠴᠤ ᠪᠠᠶᠢᠨ᠎ᠠ᠃ | ᠡᠷᠢᠶᠠᠨᠨᠠᠭᠤᠷ ᠰᠤᠮᠤᠨ ᠤ ᠪᠠᠶᠢᠭ᠎ᠠ ᠭᠠᠵᠠᠷ ᠤᠨ ᠤᠶᠢᠷ᠎ᠠ ᠬᠠᠪᠢ ᠳᠤ ᠭᠠᠳᠠᠨ᠎ᠠ ᠭᠠᠵᠠᠷ ᠠᠴᠠ ᠢᠷᠡᠭᠰᠡᠳ ᠤᠯᠠᠨ | ᠪᠠᠶᠢᠳᠠᠭ᠃ ᠭᠠᠳᠠᠨ᠎ᠠ ᠠᠴᠠ ᠢᠷᠡᠭᠰᠡᠨ ᠬᠦᠮᠦᠰ ᠤᠨ ᠪᠠᠶᠢᠳᠠᠯ ᠢ ᠴᠠᠭ ᠲᠤᠬᠠᠢ ᠳᠤᠨᠢ ᠰᠠᠶᠢᠳᠦᠷ ᠡᠵᠡᠮᠰᠢᠭᠦ ᠪᠠᠷ᠂ | ᠴᠠᠭᠳᠠᠭ᠎ᠠ ᠨᠠᠷ ᠡᠷᠦᠭᠡ ᠳᠤ ᠭᠦᠨᠵᠡᠭᠡᠶᠢᠷᠡᠨ ᠪᠠᠶᠢᠴᠠᠭᠠᠯᠳᠠ ᠦᠷᠨᠢᠭᠦᠯᠳᠡᠭ᠃ ᠮᠠᠯᠴᠢᠳ ᠤᠨ ᠭᠡᠷ ᠲᠤ᠂ ᠳᠡᠳᠡᠨᠡᠷ | ᠪᠤᠳᠠᠳᠠᠢ ᠶᠠᠪᠤᠳᠠᠯ ᠲᠠᠢ ᠤᠶᠠᠯᠳᠤᠭᠤᠯᠤᠨ᠂ ᠮᠠᠯᠴᠢᠳ ᠲᠤ ᠤᠬᠠᠭᠤᠯᠭ᠎ᠠ ᠵᠢᠯᠤᠭᠤᠳᠤᠯᠭ᠎ᠠ ᠬᠢᠵᠤ ᠪᠠᠶᠢᠨ᠎ᠠ᠃ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠳᠡ ᠲᠤᠮᠳᠠ᠂ ᠡᠷᠢᠶᠠᠨᠨᠠᠭᠤᠷ | ᠰᠤᠮᠤᠨ ᠤ ᠬᠢᠯᠢ ᠶᠢᠨ ᠲᠤᠮᠢᠯᠠᠭᠰᠠᠨ ᠰᠠᠯᠪᠤᠷᠢ ᠬᠦᠴᠢᠷ ᠪᠡᠷᠭᠡ ᠶᠢ ᠢᠯᠠᠨ ᠳᠠᠪᠠᠵᠤ᠂ ᠠᠵᠢᠯ ᠤᠨ ᠪᠠᠶᠢᠷᠢ ᠪᠠᠨ ᠪᠠᠳᠤ | ᠰᠠᠬᠢᠨ᠂ ᠬᠢᠯᠢ ᠶᠢᠨ ᠲᠤᠭᠤᠷᠢᠨ ᠪᠠᠶᠢᠴᠠᠭᠠᠯᠳᠠ᠂ ᠡᠷᠦᠭᠡ ᠳᠤ ᠭᠦᠨᠵᠡᠭᠡᠶᠢᠷᠡᠨ ᠲᠤᠭᠤᠷᠢᠨ ᠰᠤᠷᠪᠤᠯᠵᠢᠯᠠᠬᠤ᠂ | ᠤᠯᠠᠨ ᠲᠦᠮᠡᠨ ᠳᠤ ᠦᠢᠯᠡᠴᠢᠯᠡᠭᠦ᠂ ᠰᠦᠪᠡᠭᠴᠢ ᠶᠢ ᠪᠠᠶᠢᠴᠠᠭᠠᠬᠤ᠂ ᠵᠦᠷᠢᠴᠠᠯ ᠵᠢᠭᠤᠷᠠᠭᠠᠨ ᠢ ᠡᠶᠡᠳᠡᠭᠦᠯᠭᠦ ᠪᠤᠯᠤᠨ | ᠠᠮᠤᠷ ᠢ ᠬᠠᠮᠠᠭᠠᠯᠠᠬᠤ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠯᠢ ᠤᠯᠠᠨ ᠠᠵᠢᠯ ᠢ ᠯᠠᠪᠳᠠᠭᠤᠨ | ᠪᠠᠳᠤᠳᠠᠢ ᠦᠷᠨᠢᠭᠦᠯᠵᠦ᠂ ᠦᠨᠳᠤᠰᠤᠨ ᠱᠠᠳᠤᠨ ᠤ ᠨᠠᠮ ᠤᠨ ᠡᠭᠦᠷ ᠢ ᠬᠠᠮᠳᠤᠪᠠᠷ ᠪᠠᠶᠢᠭᠤᠯᠬᠤ᠂ ᠠᠮᠤᠭᠤᠯᠠᠩ ᠬᠢᠯᠢ | ᠬᠢᠵᠠᠭᠠᠷ ᠢ ᠬᠠᠮᠳᠤᠪᠠᠷ ᠴᠤᠭᠴᠠᠯᠠᠬᠤ ᠶᠢ ᠴᠢᠷᠮᠠᠶᠢᠨ ᠠᠬᠢᠭᠤᠯᠵᠤ᠂ ᠨᠠᠮ ᠤᠨ ᠪᠠᠶᠢᠭᠤᠯᠤᠯᠳᠠ ᠪᠠᠷ ᠬᠢᠯᠢ ᠪᠠᠨ | ᠪᠠᠬᠢᠵᠢᠭᠦᠯᠦᠨ᠂ ᠴᠠᠭᠳᠠᠭ᠎ᠠ ᠠᠷᠠᠳ ᠪᠦᠯᠭᠦᠮᠳᠡᠵᠦ᠂ ᠬᠢᠯᠢ ᠬᠢᠵᠠᠭᠠᠷ ᠲᠤᠭᠳᠠᠭᠤᠨ᠂ ᠬᠦᠳᠡᠭᠡ ᠲᠤᠰᠬᠤᠨ ᠢ | ᠭᠦᠭᠵᠢᠭᠦᠯᠦᠨ ᠮᠠᠨᠳᠤᠭᠤᠯᠤᠭᠰᠠᠨ ᠨᠢᠭᠡ ᠵᠤᠷᠪᠤᠰ ᠬᠠᠮᠳᠤᠪᠠᠷ ᠠᠰᠢᠭ ᠬᠦᠷᠳᠡᠭᠦ ᠵᠠᠮ ᠢᠶᠠᠷ ᠵᠠᠮᠨᠠᠵᠤ ᠪᠠᠶᠢᠨ᠎ᠠ᠃ |