ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠡᠯ᠎ᠡ ᠲᠦᠷᠦᠯ ᠤᠨ ᠪᠤᠭᠤᠮᠳᠠ ᠰᠢᠪᠳᠤᠯᠬᠤ ᠡᠭᠦᠷᠭᠡ ᠪᠠᠨ ᠰᠠᠶᠢᠳᠦᠷ ᠪᠡᠶᠡᠯᠡᠭᠦᠯᠭᠦ ᠶᠢ ᠪᠠᠳᠤᠯᠠᠵᠤ  ᠪᠠᠶᠢᠨ᠎ᠠ
ᠨᠡᠶᠢᠲᠡᠯᠡᠭᠰᠡᠨ ᠴᠠᠭ᠄
2021/11/24
    ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ  ︽ ᠬᠤᠤᠰ ᠵᠠᠭᠤᠨ ᠡᠳᠦᠷ︾᠎ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠳᠤᠮᠳᠠ᠂ ᠡᠭᠦᠷᠭᠡ ᠪᠠᠨ ᠴᠢᠩᠭ᠎ᠠ ᠡᠵᠡᠮᠳᠡᠵᠦ᠂ ᠵᠢᠭᠰᠠᠭᠠᠨ ᠪᠠᠶᠢᠴᠠᠭᠠᠬᠤ ᠎ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂  ᠰᠢᠢᠳᠪᠦᠷᠢᠯᠡᠵᠦ ᠨᠠᠶᠢᠳᠠᠪᠤᠷᠢᠵᠢᠭᠤᠯᠤᠨ᠂ ᠪᠣᠭᠤᠮᠲᠠ ᠰᠢᠪᠲᠤᠯᠬᠤ ᠠᠷᠭ᠎ᠠ ᠬᠡᠮᠵᠢᠶ᠎ᠡ ᠠᠪᠴᠤ᠂ ᠡᠯ᠎ᠡ ᠵᠦᠶᠯ ᠤᠨ ᠡᠭᠦᠷᠭᠡ ᠪᠠᠨ  ᠪᠡᠶᠡᠯᠡᠭᠦᠯᠭᠦ ᠶᠢ ᠪᠠᠳᠤᠯᠠᠵᠤ ᠪᠠᠶᠢᠨ᠎ᠠ᠃     ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ  ᠲᠤᠪᠴᠢᠶᠠᠨ ᠤ ᠠᠯᠪᠠᠨ ᠬᠡᠷ ᠲᠤ᠂  ᠠᠵᠢᠯᠲᠠᠳ  ︽ᠮᠥᠩᠬᠡ ᠰᠤᠪᠠᠭ  ︾᠎ ᠤᠨ ᠴᠢᠯᠦᠭᠡᠳᠡᠢ ᠨᠡᠭᠡᠭᠡᠯᠲᠡ ᠶᠢᠨ ᠲᠠᠪᠴᠠᠩ ᠳᠤ ᠰᠢᠨ᠎ᠡ ᠬᠡᠷᠡᠭᠯᠡᠭᠡᠨ ᠢ ᠲᠤᠷᠰᠢᠨ ᠠᠵᠢᠯᠯᠠᠭᠤᠯᠬᠤ ᠪᠠᠷ ᠪᠠᠶᠢᠯ᠎ᠠ᠃ ᠰᠢᠨ᠎ᠡ ᠪᠠᠷ ᠨᠡᠮᠡᠭᠰᠡᠨ ︽ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠤᠰᠬᠠᠶ ᠲᠣᠭᠤᠷᠢᠭ  ︾᠎ ᠤᠨ  ᠭᠡᠷᠡᠭᠯᠡᠭᠡᠨ ᠳᠤ᠂ ᠪᠥᠬᠦ ᠠᠶᠢᠮᠠᠭ ᠤᠨ ᠡᠯ᠎ᠡ ᠠᠵᠢᠯ ᠲᠥᠷᠥᠯ ᠡᠯ᠎ᠡ ᠬᠦᠷᠢᠶᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠢᠭᠡᠳᠭᠡᠨ  ᠡᠮᠬᠢᠳᠭᠡᠵᠦ᠂ ᠠᠵᠤ ᠠᠬᠤᠶᠢᠯᠠᠯ ᠣᠯᠠᠨ ᠲᠦᠮᠡᠨ  ᠎ ᠤ ᠪᠠᠶᠢᠴᠠᠭᠠᠨ ᠦᠵᠡᠬᠦ ᠳᠤ ᠲᠥᠬᠦᠮ ᠦᠵᠡᠭᠦᠯᠬᠦ ᠪᠣᠯᠤᠨ᠎ᠠ᠃ ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠎ ᠤ ᠲᠣᠪᠴᠢᠶ᠎ᠠ  ︽ᠡᠯ᠎ᠡ ᠬᠤᠰᠢᠭᠤ ᠰᠢᠶᠠᠨ ᠬᠤᠲᠠ ︵ ᠤᠷᠤᠨ︶ ᠪᠤᠯᠤᠨ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠰᠢᠭᠤᠳ ᠪᠠᠶᠢᠴᠠᠭᠠᠨ ᠰᠢᠶᠳᠪᠦᠷᠢᠯᠡᠵᠦ ᠪᠣᠯᠬᠤ ᠬᠡᠷᠡᠭᠯᠡᠭᠡᠨ︾  ᠎ ᠢ ︽ᠬᠤᠤᠰ ᠵᠠᠭᠤᠨ ᠡᠳᠦᠷ︾᠎ ᠤᠨ ᠪᠣᠭᠤᠮᠲᠠ ᠰᠢᠪᠲᠤᠯᠬᠤ ᠭᠤᠤᠯᠳᠠᠯᠭ᠎ᠠ ᠲᠠᠢ ᠠᠵᠢᠯ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠣᠷᠣᠭᠤᠯᠵᠤ᠂ ᠠᠷᠠᠳ ᠲᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ ᠠᠰᠢᠭ ᠬᠦᠷᠲᠡᠭᠡᠬᠦ  ᠎ ᠪᠠᠷ  ᠪᠠᠶᠢᠨ᠎ᠠ᠃     ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ  ᠲᠦᠷᠢᠮᠵᠢᠭᠦᠯᠭᠦ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠶᠯᠡᠳᠦᠯ ᠴᠢᠳᠠᠪᠤᠷᠢ ᠶᠢ  ᠳᠡᠭᠡᠭᠰᠢᠯᠡᠭᠦᠯᠬᠦ ᠪᠣᠯ ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠪᠴᠢᠶᠠᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ  ︽ ᠵᠠᠭᠤᠨ ᠡᠳᠦᠷ ᠤᠨ ᠪᠣᠭᠤᠮᠲᠠ ᠰᠢᠪᠲᠤᠯᠬᠤ︾᠎ ᠶᠢᠨ ᠨᠢᠭᠡᠨ ᠴᠢᠬᠤᠯᠠ ᠡᠭᠦᠷᠭᠡ ᠪᠣᠯᠤᠨ᠎ᠠ᠃ ᠣᠶᠢᠷ᠎ᠠ ᠳᠤ᠂ ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠸᠢᠳᠢᠤ᠋ ᠪᠤᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠠᠵᠢᠯᠲᠠᠨ ᠎ ᠢ ᠤᠷᠢᠵᠤ  ︽ᠮᠥᠩᠬᠡ ᠰᠤᠪᠠᠭ᠂ ᠨᠢᠭᠡ ᠯᠡ ᠤᠳᠠᠭ᠎ᠠ ᠭᠦᠶᠴᠡᠳᠬᠡᠬᠦ  ︾᠂  ︽ᠮᠥᠩᠬᠡ ᠰᠤᠪᠠᠭ᠂ ᠲᠠᠨ ᠳᠤ ᠬᠠᠪᠰᠤᠷᠤᠨ ᠭᠦᠶᠴᠡᠳᠬᠡᠬᠦ︾᠂ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ  ︾᠂ ᠵᠠᠰᠠᠭ ᠤᠨ ᠶᠠᠪᠤᠳᠠᠯ ᠢ ᠢᠯᠡ ᠪᠣᠯᠭᠠᠬᠤ᠂ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠲᠤᠬᠠᠶᠢᠯᠠᠭᠰᠠᠨ ᠠᠵᠢᠯ ᠤᠨ ᠲᠣᠭᠤᠷᠢᠨ ᠳᠤ  ᠪᠤᠯᠪᠠᠰᠤᠷᠠᠯ ᠬᠦᠷᠳᠡᠭᠡᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠠᠬᠢᠭᠤᠯᠤᠨ᠂ ᠦᠶᠯᠡᠴᠢᠯᠡᠭᠡᠨ ᠤ ᠶᠠᠰᠤ ᠴᠢᠨᠠᠷ ᠢ  ᠳᠡᠭᠡᠭᠰᠢᠯᠡᠭᠦᠯᠵᠡᠢ᠃      ︽ᠬᠤᠤᠰ ᠵᠠᠭᠤᠨ ᠡᠳᠦᠷ︾᠎ ᠤᠨ ᠪᠣᠭᠤᠮᠲᠠ ᠰᠢᠪᠲᠤᠯᠬᠤ ᠠᠵᠢᠯᠯᠠᠭ᠎ᠠ ᠠᠴᠠ ᠨᠠᠰᠢ᠂ ᠠᠶᠢᠮᠠᠭ ᠤᠨ ᠵᠠᠰᠠᠭ ᠎ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ  ︽ᠵᠠᠭᠤᠨ ᠡᠳᠦᠷ ᠎ ᠤᠨ ᠪᠣᠭᠤᠮᠲᠠ ᠰᠢᠪᠲᠤᠯᠬᠤ︾ ᠭᠤᠤᠯᠳᠠᠯᠭ᠎ᠠ ᠲᠠᠢ ᠠᠵᠢᠯ ᠤᠨ ᠬᠠᠷᠢᠭᠤᠴᠠᠯᠭ᠎ᠠ ᠶᠢᠨ ᠨᠠᠷᠢᠨ  ᠬᠠᠭᠤᠳᠠᠰᠤ 6 ᠲᠠᠯ᠎ᠠ ᠎ ᠶᠢᠨ ᠨᠡᠶᠢᠲᠡ 56 ᠵᠦᠶᠯ ᠤᠨ ᠠᠵᠢᠯ ᠤᠨ ᠡᠭᠦᠷᠭᠡ ᠶᠢ ᠡᠮᠬᠢᠯᠡᠨ ᠭᠠᠷᠭᠠᠵᠤ᠂ ᠣᠳᠣᠬᠠᠨ ᠳᠤ ᠨᠢᠭᠡᠨᠲᠡ 51 ᠵᠦᠶᠯ ᠎ ᠢ ᠪᠡᠶᠡᠯᠡᠭᠦᠯᠵᠦ᠂ ᠪᠤᠰᠤᠳ 5 ᠵᠦᠶᠯ ᠢ ᠨᠢ ᠦᠷᠭᠦᠯᠵᠢᠯᠡᠨ ᠠᠬᠢᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠪᠠᠷ ᠲᠥᠯᠥᠪᠯᠡᠵᠦ  ᠪᠠᠶᠢᠨ᠎ᠠ︔ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠲᠦᠭᠰᠢᠭᠦᠷᠢ ᠶᠢ  ᠪᠠᠶᠢᠴᠠᠭᠠᠨ ᠴᠡᠭᠴᠡᠯᠡᠭᠦ  ︽ᠵᠠᠭᠤᠨ ᠡᠳᠦᠷ ᠤᠨ ᠪᠣᠭᠤᠮᠲᠠ ᠰᠢᠪᠲᠤᠯᠬᠤ  ︾ ᠭᠤᠤᠯᠳᠠᠯᠭ᠎ᠠ ᠲᠠᠢ ᠠᠵᠢᠯ ᠤᠨ ᠬᠠᠷᠢᠭᠤᠴᠠᠯᠭ᠎ᠠ ᠶᠢᠨ ᠨᠠᠷᠢᠨ  ᠬᠠᠭᠤᠳᠠᠰᠤ ᠶᠢᠨ ᠨᠡᠶᠢᠲᠡ 4 ᠵᠦᠶᠯ ᠤᠨ ᠠᠵᠢᠯ ᠤᠨ ᠡᠭᠦᠷᠭᠡ ᠶᠢ ᠶᠠᠭ ᠪᠠᠶᠢᠴᠠᠭᠠᠬᠤ ᠎ ᠶᠢᠨ ᠳᠠᠭᠠᠤ ᠲᠡᠭᠦᠯᠳᠡᠷᠵᠢᠭᠦᠯᠵᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号