ᠣᠯᠠᠭᠠᠢ ᠬᠠᠮᠢᠶᠠᠷᠣᠯᠲᠠ ᠶᠢᠨ ᠣᠷᠣᠨ ᠦᠷᠭᠡᠨ ᠤᠯᠠᠨ ᠮᠠᠯᠴᠢᠳ ᠢ ᠲᠠᠶᠢᠴᠢᠯᠠᠨ ᠡᠪᠡᠰᠦ ᠪᠤᠷᠳᠤᠭ᠎ᠠ | ᠨᠦᠭᠡᠴᠡᠯᠡᠭᠦ ᠠᠵᠢᠯ ᠢ ᠡᠷᠳᠡ ᠠᠴᠠ ᠭᠠᠷᠳᠠᠨ ᠰᠠᠶᠢᠲᠤᠷ ᠬᠢᠵᠦ᠂ ᠡᠪᠤᠯᠵᠢᠭᠦ ᠮᠠᠯ ᠰᠦᠷᠦᠭ ᠳᠡᠭᠡᠨ ᠭᠦᠷᠦᠯᠴᠡᠭᠡᠳᠡᠢ | ᠡᠪᠡᠰᠤ ᠪᠤᠷᠳᠤᠭ᠎ᠠ ᠪᠡᠯᠡᠳᠭᠡᠵᠡᠢ᠃ ᠤᠳᠤᠭᠠᠨ ᠪᠤᠯᠳᠠᠯ᠎ᠠ ᠬᠠᠮᠢᠶᠠᠷᠣᠯᠲᠠ ᠶᠢᠨ ᠣᠷᠣᠨ 1.3 ᠳ᠋ᠦᠩᠰᠢᠭᠤᠷ | ᠺᠢᠯᠣᠭ᠍ᠷᠠᠮ ᠠᠴᠠ ᠳᠡᠭᠡᠭᠰᠢ ᠡᠪᠡᠰᠤ ᠤᠷᠤᠭᠤᠯᠤᠨ ᠬᠠᠳᠠᠭᠠᠯᠠᠬᠰᠠᠨ ᠪᠠᠶᠢᠨ᠎ᠠ᠃ | ᠦᠢᠷ᠎ᠠ ᠳᠤ ᠰᠤᠷᠪᠤᠯᠵᠢᠯᠠᠭᠴᠢ ᠤᠯᠠᠭᠠᠶ ᠮᠠᠯᠵᠢᠯ ᠤᠨ ᠲᠠᠯᠠᠪᠠᠶ ᠶᠢᠨ ᠪᠥᠯᠢᠶᠡᠨ ᠬᠤᠪᠢᠶᠠᠷᠢ ᠲᠠᠯᠠᠪᠠᠶ ᠶᠢᠨ | ᠮᠠᠯᠴᠢᠨ ᠰᠡᠩᠭᠡᠳᠤᠷᠵᠢ ᠶᠢᠨ ᠬᠢᠨ ᠳᠤ ᠬᠥᠷᠬᠦ ᠳᠤ ᠲᠡᠷᠡ ᠪᠣᠭᠤᠯᠲᠠ ᠲᠠᠢ ᠡᠪᠡᠰᠦ ᠪᠠᠨ ᠤᠪᠤᠭᠠᠯᠠᠨ ᠬᠤᠷᠢᠶᠠᠵᠦ | ᠶᠠᠭᠠᠷᠠᠵᠤ ᠪᠠᠶᠢᠯ᠎ᠠ᠃ ᠰᠡᠩᠭᠡᠳᠤᠷᠵᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠵᠢᠯ ᠲᠡᠳᠡᠨ ᠤ ᠬᠢᠨ ᠬᠡᠨᠵᠡ | ᠲᠤᠭᠤᠯ ᠨᠡᠯᠢᠶᠡᠳ ᠠᠷᠪᠢᠨ ᠪᠠᠶᠢᠬᠤ ᠣᠴᠢᠷ ᠠᠴᠠ᠂ ᠲᠡᠭᠷᠢ ᠬᠦᠶᠲᠡᠷᠡᠪᠡᠯ ᠤᠷᠢᠳᠴᠢᠯᠠᠨ ᠬᠠᠰᠢᠶᠠᠯᠠᠨ ᠲᠡᠵᠢᠭᠡᠵᠦ᠂ | ᠡᠪᠦᠯ ᠤᠨ ᠤᠯᠠᠷᠢᠯ ᠳᠤ ᠮᠠᠯ ᠣᠨᠣᠭᠠᠨ ᠤ ᠪᠠᠨ ᠲᠠᠷᠭᠤ ᠬᠦᠴᠦ ᠶᠢ ᠪᠠᠲᠣᠯᠠᠬᠤ ᠨᠢ ᠬᠠᠮᠤᠭ ᠴᠢᠬᠤᠯᠠ ᠠᠵᠢᠯ ᠭᠡᠵᠦ | ᠶᠠᠷᠢᠵᠦ ᠪᠠᠶᠢᠯ᠎ᠠ᠃ | ᠨᠠᠮᠤᠷ ᠠᠴᠠ ᠨᠠᠰᠢ ᠤᠯᠠᠭᠠᠶ ᠬᠠᠮᠢᠶᠠᠷᠤᠯᠲᠠ ᠶᠢᠨ ᠣᠷᠣᠨ ᠤ ᠮᠠᠯᠴᠢᠳ ᠲᠤᠯᠠᠭᠠᠨ ᠴᠠᠭ ᠠᠭᠤᠷ ᠤᠨ | ᠠᠰᠢᠭᠲᠠᠶ ᠲᠣᠬᠢᠶᠠᠯ ᠢ ᠠᠰᠢᠭᠯᠠᠨ ᠡᠪᠡᠰᠦ ᠪᠣᠷᠳᠤᠭ᠎ᠠ ᠪᠠᠨ ᠱᠠᠯᠠᠪᠳᠠᠨ ᠨᠦᠭᠡᠴᠡᠯᠡᠵᠦ ᠡᠬᠢᠯᠡᠵᠡᠢ᠃ ᠢᠯᠠᠩᠭᠤᠶ᠎ᠠ | ᠡᠪᠦᠯ ᠤᠨ ᠠᠭᠤᠷ ᠤᠷᠤᠭᠰᠠᠨ ᠠᠴᠠ ᠨᠠᠰᠢ᠂ ᠡᠯ᠎ᠡ ᠭᠠᠵᠠᠷ ᠤᠨ ᠠᠭᠠᠷ ᠤᠨ ᠳᠤᠯᠠᠭᠠᠨ ᠥᠩᠭᠡᠷᠡᠭᠰᠡᠨ ᠵᠢᠯ ᠤᠨ ᠬᠢ | ᠠᠴᠠ ᠨᠡᠶᠢᠳᠡᠮ ᠳᠡᠭᠡᠨ ᠳᠣᠤᠷ᠎ᠠ ᠪᠠᠶᠢᠵᠤ᠂ ᠬᠡᠰᠡᠭ ᠭᠠᠵᠠᠷ ᠣᠷᠣᠨ ᠳᠤ ᠶᠡᠭᠡ ᠴᠠᠰᠤ ᠤᠷᠤᠬᠰᠡᠨ ᠳᠤ᠂ ᠣᠯᠠᠭᠠᠢ | ᠬᠠᠮᠢᠶᠠᠷᠣᠯᠲᠠ ᠶᠢᠨ ᠣᠷᠣᠨ ᠨᠢ ᠮᠠᠯᠴᠢᠨ ᠲᠦᠮᠡᠨ ᠤ ᠭᠠᠮᠰᠢᠭ ᠲᠠᠢ ᠲᠡᠮᠡᠴᠡᠨ ᠭᠠᠮᠰᠢᠭ ᠢ ᠪᠠᠭᠠᠰᠬᠠᠬᠤ ᠪᠡᠯᠡᠳᠬᠡᠯ | ᠠᠵᠢᠯ ᠢ ᠰᠠᠶᠢᠲᠤᠷ ᠬᠢᠵᠦ᠂ ᠬᠤᠨᠢ ᠨᠢᠭᠡᠪᠦᠷᠢ ᠶᠢᠨ ᠳᠤᠮᠳᠠᠴᠢ ᠪᠠᠷ ᠡᠪᠦᠯᠵᠢᠬᠦ ᠡᠪᠡᠰᠦ ᠪᠣᠷᠳᠤᠭ᠎ᠠ ᠶᠢ 360 | ᠺᠢᠯᠣᠭ᠍ᠷᠠᠮ ᠠᠴᠠ ᠳᠡᠭᠡᠭᠰᠢ ᠪᠠᠶᠢᠯᠭᠠᠬᠤ ᠱᠠᠭᠠᠷᠳᠠᠬᠰᠠᠨ ᠪᠠᠶᠢᠨ᠎ᠠ᠃ ᠣᠳᠣᠬᠠᠨ ᠪᠤᠯᠲᠠᠯ᠎ᠠ ᠪᠥᠬᠦ ᠬᠠᠮᠢᠶᠠᠷᠤᠯᠲᠠ ᠶᠢᠨ | ᠣᠷᠣᠨ ᠤ ᠬᠠᠳᠠᠭᠠᠯᠠᠭᠰᠠᠨ ᠡᠪᠡᠰᠤᠨ ᠤ ᠬᠡᠮᠵᠢᠶ᠎ᠡ 1 . 3 ᠳ᠋ᠦᠩᠰᠢᠭᠤᠷ ᠺᠢᠯᠣᠭ᠍ᠷᠠᠮ ᠠᠴᠠ ᠳᠡᠭᠡᠭᠰᠢ ᠭᠦᠷᠴᠡᠢ ᠃ | ᠤᠯᠠᠭᠠᠶ ᠬᠠᠮᠢᠶᠠᠷᠤᠯᠲᠠ ᠶᠢᠨ ᠣᠷᠣᠨ ᠪᠠᠰᠠ ᠲᠠᠷᠢᠶᠠᠯᠠᠩ ᠮᠠᠯ ᠠᠵᠤ ᠠᠬᠤᠶ ᠤᠨ ᠴᠢᠨᠠᠷ ᠰᠠᠶᠢᠲᠠᠶ ᠬᠥᠭᠵᠢᠯᠲᠡ | ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠮᠠᠯ ᠠᠵᠤ ᠠᠬᠤᠶ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠷᠠᠭᠤᠯᠵᠦ ᠂ ᠮᠠᠯᠴᠢᠳ ᠢ ᠱᠠᠯᠠᠪᠳᠠᠨ ᠵᠢᠯᠣᠭᠤᠳᠴᠤ ᠮᠠᠯ ᠤᠨ ᠭᠠᠷᠭᠠᠯᠳᠠ ᠶᠢ | ᠲᠦᠷᠭᠡᠳᠭᠡᠵᠦ ᠂ ᠡᠪᠤᠯᠵᠢᠭᠦ ᠮᠠᠯ ᠤᠨ ᠲᠤᠭ᠎ᠠ ᠲᠤᠯᠤᠭᠠᠢ ᠶᠢ ᠴᠦᠭᠡᠴᠢᠯᠡᠵᠦ᠂ ᠠᠷᠠᠴᠢᠯᠠᠨ ᠲᠡᠵᠢᠭᠡᠬᠦ ᠥᠪᠡᠷ ᠤᠨ | ᠥᠷᠲᠡᠭ ᠢ ᠪᠠᠭᠤᠷᠠᠭᠤᠯᠤᠨ᠂ ᠪᠠᠶᠢᠭᠠᠯᠢ ᠶᠢᠨ ᠬᠠᠳᠤᠯᠠᠩ ᠪᠡᠯᠴᠢᠭᠡᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ | ᠂ ᠡᠪᠦᠯᠵᠢᠬᠦ ᠮᠠᠯ ᠤᠨ ᠡᠪᠡᠰᠦ ᠪᠣᠷᠳᠤᠭ᠎ᠠ ᠶᠢ ᠥᠪᠡᠷ ᠢᠶᠠᠨ ᠬᠠᠩᠭᠠᠬᠤ ᠶᠢ ᠪᠡᠶᠡᠯᠡᠭᠦᠯᠵᠠᠢ᠃ ᠡᠭᠦᠨ ᠠᠴᠠ ᠭᠠᠳᠠᠨ᠎ᠠ᠂ | ᠲᠠᠷᠢᠮᠠᠯ ᠤᠨ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠠᠰᠤᠷᠠᠯᠲᠠ ᠥᠬᠡᠶ ᠲᠦᠷᠭᠡᠳᠭᠡᠵᠦ᠂ ᠠᠮᠤ | ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠦ᠂ ᠰᠢᠨ᠎ᠡ ᠬᠡᠯᠪᠡᠷᠢ ᠶᠢᠨ | ᠲᠡᠵᠢᠭᠡᠨ ᠦᠷᠡᠵᠢᠭᠦᠯᠬᠦ ᠵᠠᠭᠪᠤᠷ ᠢ ᠶᠡᠬᠡᠪᠡᠷ ᠳᠡᠯᠭᠡᠷᠡᠭᠦᠯᠵᠦ᠂ ᠬᠠᠮᠢᠶ᠎ᠠ ᠪᠥᠬᠦᠶ ᠠᠵᠤ ᠠᠬᠤᠶᠢᠯᠠᠯ ᠪᠤᠯᠤᠨ ᠲᠠᠷᠢᠮᠠᠯ | ᠤᠨ ᠡᠷᠦᠬᠡ ᠶᠢ ᠵᠣᠬᠢᠴᠠᠭᠤᠯᠤᠨ ᠲᠡᠵᠢᠭᠡᠯ ᠡᠪᠡᠰᠦ ᠪᠣᠷᠳᠤᠭ᠎ᠠ ᠶᠢ ᠡᠳ᠋ᠰᠢᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ | ᠲᠡᠵᠢᠭᠡᠯ ᠡᠪᠡᠰᠦ ᠪᠣᠷᠳᠣᠭᠠᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠡᠪᠤᠯᠵᠢᠭᠦ ᠮᠠᠯ ᠰᠦᠷᠦᠭ ᠤᠨ | ᠲᠡᠵᠢᠭᠡᠯ ᠪᠣᠷᠳᠣᠭᠠᠨ ᠤ ᠭᠦᠶᠴᠡᠳ ᠬᠠᠩᠭᠠᠯᠭ᠎ᠠ ᠶᠢ ᠪᠠᠳᠤᠯᠠᠵᠦ ᠪᠠᠶᠢᠨ᠎ᠠ᠃ | |