ᠰᠦᠨᠢᠳ  ᠪᠠᠷᠠᠭᠤᠨ ᠬᠤᠰᠢᠭᠤᠨ ᠤ ᠡᠷᠢᠶᠠᠨᠨᠠᠭᠤᠷ ᠰᠤᠮᠤᠨ ᠤ ᠬᠢᠯᠢ ᠶᠢᠨ ᠲᠤᠮᠢᠯᠠᠭᠰᠠᠨ ᠰᠠᠯᠪᠤᠷᠢ ᠬᠠᠷᠢᠶ᠎ᠠ ᠤᠷᠤᠨ ᠤ ᠠᠮᠤᠷ ᠲᠦᠪᠰᠢᠨ ᠪᠤᠯᠤᠨ ᠬᠢᠯᠢ ᠶᠢᠨ ᠲᠤᠭᠳᠠᠭᠤᠨ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠵᠦ  ᠪᠠᠶᠢᠨ᠎ᠠ
ᠨᠡᠶᠢᠲᠡᠯᠡᠭᠰᠡᠨ ᠴᠠᠭ᠄
2021/11/24
     ᠰᠦᠨᠢᠳ ᠪᠠᠷᠠᠭᠤᠨ ᠬᠤᠰᠢᠭᠤᠨ ᠤ ᠡᠷᠢᠶᠠᠨᠨᠠᠭᠤᠷ ᠰᠤᠮᠤᠨ ᠤ ᠬᠢᠯᠢ ᠶᠢᠨ ᠲᠤᠮᠢᠯᠠᠭᠰᠠᠨ ᠰᠠᠯᠪᠤᠷᠢ ︽ᠪᠢ ᠤᠯᠠᠨ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠦ ᠂ ᠬᠦᠮᠦᠵᠢᠯ ᠴᠡᠭᠴᠡᠯᠡᠯᠳᠡ ᠶᠢᠨ ᠦᠷ᠎ᠡ ᠪᠦᠳᠦᠭᠡᠯ ᠢ ᠤᠯᠠᠨ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦ ᠠᠵᠢᠯᠯᠠᠭ᠎ᠠ ᠪᠤᠯᠭᠠᠨ ᠬᠤᠪᠢᠷᠠᠭᠤᠯᠬᠤ ᠶᠢ ᠪᠠᠷᠢᠮᠳᠠᠯᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠰᠠᠨᠠᠭᠠᠴᠢᠯᠠᠭ᠎ᠠ ᠲᠠᠢ ᠪᠠᠷ ᠵᠢᠳᠭᠦᠯ ᠴᠢᠷᠮᠠᠶᠢᠯᠭ᠎ᠠ ᠭᠠᠷᠭᠠᠵᠤ᠂ ᠬᠠᠷᠢᠶ᠎ᠠ ᠤᠷᠤᠨ ᠤ ᠤᠯᠠᠨ ᠲᠦᠮᠡᠨ ᠤ ᠬᠦᠷᠳᠡᠭᠡᠮᠵᠢ  ᠶᠢᠨ ᠲᠦᠷᠦᠭᠳᠡᠯ᠂  ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ   ᠤ ᠲᠦᠷᠦᠭᠳᠡᠯ ᠢ ᠴᠢᠷᠮᠠᠶᠢᠨ ᠳᠡᠭᠡᠭᠰᠢᠯᠡᠭᠦᠯᠵᠦ᠂ ᠬᠠᠷᠢᠶ᠎ᠠ ᠤᠷᠤᠨ ᠤ ᠠᠮᠤᠷ ᠲᠦᠪᠰᠢᠨ ᠪᠤᠯᠤᠨ ᠬᠢᠯᠢ ᠶᠢᠨ ᠲᠤᠭᠳᠠᠭᠤᠨ ᠢ ᠬᠠᠮᠠᠭᠠᠯᠠᠬᠤ ᠳᠤ  ᠦᠵᠡᠭᠦᠯᠪᠡᠰᠤ ᠵᠤᠬᠢᠬᠤ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃      ᠡᠷᠢᠶᠠᠨᠨᠠᠭᠤᠷ ᠰᠤᠮᠤ ᠪᠤᠯ ᠰᠦᠨᠢᠳ ᠪᠠᠷᠠᠭᠤᠨ ᠬᠤᠰᠢᠭᠤᠨ ᠤ ᠴᠤᠷ ᠤᠨ ᠭᠠᠭᠴᠠ ᠬᠢᠯᠢ  ᠬᠢᠵᠠᠭᠠᠷ ᠤᠨ ᠰᠤᠮᠤ ᠪᠠᠶᠢᠵᠤ᠂ ᠬᠢᠯᠢ ᠶᠢᠨ ᠱᠣᠭᠤᠮ ᠤᠨ ᠤᠷᠳᠤ ᠨᠢ18.15 ᠺᠢᠯᠤᠮᠧᠲᠷ ᠬᠦᠷᠴᠤ ᠪᠠᠶᠢᠨ᠎ᠠ᠃ ᠡᠷᠢᠶᠠᠨᠨᠠᠭᠤᠷ ᠰᠤᠮᠤᠨ ᠤ ᠬᠢᠯᠢ ᠶᠢᠨ  ᠲᠤᠮᠢᠯᠠᠭᠰᠠᠨ ᠰᠠᠯᠪᠤᠷᠢ ᠤᠷᠤᠨ ᠨᠤᠳᠤᠭ ᠤᠨ ᠤᠨᠴᠠᠯᠢᠭ ᠲᠤ ᠵᠤᠬᠢᠴᠠᠭᠤᠯᠤᠨ᠂ ᠡᠬᠢ ᠪᠠᠶᠠᠯᠢᠭ ᠢ ᠨᠢᠭᠡᠳᠭᠡᠵᠦ ᠴᠡᠷᠢᠭ ᠠᠷᠠᠳ ᠬᠠᠮᠳᠤᠪᠠᠷ ᠡᠳ᠋ᠯᠡᠭᠦ ᠲᠦᠷᠦᠯ ᠵᠦᠢᠯ ᠢ ᠦᠷᠨᠢᠭᠦᠯᠦᠨ᠂ ᠴᠠᠭᠳᠠᠭᠠᠨ ᠤ ᠶᠠᠪᠤᠳᠠᠯ ᠤᠨ ᠳᠠᠰᠤᠭ ᠢ ᠤᠤᠯ ᠤᠨ ᠰᠤᠮᠤᠨ ᠤ ᠭᠡᠤᠭᠡᠳ ᠤᠨ ᠴᠡᠴᠡᠷᠯᠢᠭ ᠤᠨ ᠬᠠᠭᠤᠴᠢᠨ ᠪᠠᠭᠤᠷᠢ ᠳᠤ  ᠰᠢᠯᠵᠢᠭᠦᠯᠦᠭᠰᠡᠨ ᠪᠠᠶᠢᠨ᠎ᠠ᠃ ᠦᠷᠯᠦᠭᠡ ᠡᠷᠳᠡ᠂ ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠪᠠᠶᠢᠷᠢ ᠳᠠᠭᠠᠨ ᠠᠪᠰᠠᠷᠬᠠᠨ ᠬᠤᠷᠠᠯ ᠬᠢᠵᠤ᠂ ᠲᠤᠬᠠᠢ ᠶᠢᠨ ᠡᠳᠦᠷ ᠤᠨ ᠠᠵᠢᠯ ᠢᠶᠠᠨ ᠪᠠᠶᠢᠷᠢᠯᠠᠭᠤᠯᠤᠯ᠎ᠠ᠃       ᠡᠳᠦᠷ ᠳᠤᠳᠤᠮ ᠤᠨ ᠠᠵᠢᠯ ᠠᠮᠢᠳᠤᠷᠠᠯ ᠤᠨ ᠲᠤᠮᠳᠠ᠂ ᠴᠠᠭᠳᠠᠭ᠎ᠠ ᠨᠠᠷ  ᠲᠤᠭᠤᠷᠢᠨ ᠪᠠᠶᠢᠴᠠᠭᠠᠬᠤ ᠭᠡᠯᠪᠡᠷᠢ  ᠪᠠᠷ᠂ ᠮᠠᠯᠵᠢᠬᠤ ᠤᠷᠤᠨ ᠤ ᠮᠠᠰᠢᠨ ᠬᠦᠳᠡᠯᠭᠡᠭᠦᠷᠳᠤ ᠳᠡᠷᠭᠡᠨ ᠤ ᠳᠠᠭᠠᠭᠠᠴᠠ ᠠᠴᠠ ᠭᠡᠳᠦᠷᠡᠳᠡᠯ᠎ᠡ ᠠᠴᠢᠶᠠᠯᠠᠬᠤ᠂ ᠬᠤᠷᠳᠤᠴᠠ  ᠭᠡᠳᠦᠷᠡᠭᠦᠯᠦᠨ ᠵᠢᠯᠤᠭᠤᠳᠬᠤ᠂ ᠠᠷᠢᠬᠢᠨ ᠤ ᠳᠠᠷᠠᠭ᠎ᠠ ᠳᠡᠷᠭᠡ ᠵᠢᠯᠤᠭᠤᠳᠬᠤ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠬᠠᠮᠢᠶᠠᠷᠴᠤ  ᠪᠠᠶᠢᠨ᠎ᠠ᠃ ᠡᠭᠦᠨ ᠤ ᠬᠠᠮᠳᠤ ᠤᠯᠠᠨ ᠲᠦᠮᠡᠨ ᠤ ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠭᠦ ᠠᠷᠭ᠎ᠠ ᠭᠡᠮᠵᠢᠶ᠎ᠠ   ᠶᠢ ᠢᠳᠡᠪᠬᠢᠳᠡᠢ  ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ  ᠢᠷᠡᠭᠰᠡᠨ ᠬᠢᠵᠢᠭ ᠢ ᠰᠡᠷᠭᠡᠶᠢᠯᠡᠨ ᠡᠵᠡᠮᠳᠡᠭᠦ  ᠦᠷ᠎ᠡ ᠪᠦᠳᠦᠭᠡᠯ ᠢ ᠬᠠᠮᠳᠤᠪᠠᠷ ᠪᠠᠬᠢᠵᠢᠭᠦᠯᠭᠦ ᠶᠢ ᠢᠳᠡᠪᠬᠢᠳᠡᠢ ᠵᠢᠯᠤᠭᠤᠳᠴᠤ  ᠪᠠᠶᠢᠨ᠎ᠠ᠃ᠡᠷᠢᠶᠠᠨᠨᠠᠭᠤᠷ  ᠰᠤᠮᠤᠨ ᠤ ᠪᠠᠶᠢᠭ᠎ᠠ ᠭᠠᠵᠠᠷ ᠤᠨ ᠤᠶᠢᠷ᠎ᠠ ᠬᠠᠪᠢ ᠳᠤ ᠭᠠᠳᠠᠨ᠎ᠠ ᠭᠠᠵᠠᠷ ᠠᠴᠠ ᠢᠷᠡᠭᠰᠡᠳ ᠤᠯᠠᠨ ᠪᠠᠶᠢᠳᠠᠭ᠃ ᠭᠠᠳᠠᠨ᠎ᠠ ᠠᠴᠠ ᠢᠷᠡᠭᠰᠡᠨ ᠬᠦᠮᠦᠰ ᠤᠨ ᠪᠠᠶᠢᠳᠠᠯ ᠢ ᠴᠠᠭ ᠲᠤᠬᠠᠢ ᠳᠤᠨᠢ ᠰᠠᠶᠢᠳᠦᠷ ᠡᠵᠡᠮᠰᠢᠭᠦ ᠪᠠᠷ᠂ ᠴᠠᠭᠳᠠᠭ᠎ᠠ ᠨᠠᠷ ᠡᠷᠦᠭᠡ ᠳᠤ ᠭᠦᠨᠵᠡᠭᠡᠶᠢᠷᠡᠨ ᠪᠠᠶᠢᠴᠠᠭᠠᠯᠳᠠ ᠦᠷᠨᠢᠭᠦᠯᠳᠡᠭ᠃ ᠮᠠᠯᠴᠢᠳ ᠤᠨ ᠭᠡᠷ ᠲᠤ᠂ ᠳᠡᠳᠡᠨᠡᠷ ᠪᠤᠳᠠᠳᠠᠢ ᠶᠠᠪᠤᠳᠠᠯ   ᠲᠠᠢ ᠤᠶᠠᠯᠳᠤᠭᠤᠯᠤᠨ᠂   ᠮᠠᠯᠴᠢᠳ ᠲᠤ ᠤᠬᠠᠭᠤᠯᠭ᠎ᠠ ᠵᠢᠯᠤᠭᠤᠳᠤᠯᠭ᠎ᠠ ᠬᠢᠵᠤ ᠪᠠᠶᠢᠨ᠎ᠠ᠃       ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠳᠡ ᠲᠤᠮᠳᠠ᠂ ᠡᠷᠢᠶᠠᠨᠨᠠᠭᠤᠷ ᠰᠤᠮᠤᠨ ᠤ ᠬᠢᠯᠢ ᠶᠢᠨ ᠲᠤᠮᠢᠯᠠᠭᠰᠠᠨ ᠰᠠᠯᠪᠤᠷᠢ ᠬᠦᠴᠢᠷ ᠪᠡᠷᠭᠡ ᠶᠢ ᠢᠯᠠᠨ ᠳᠠᠪᠠᠵᠤ᠂ ᠠᠵᠢᠯ ᠤᠨ ᠪᠠᠶᠢᠷᠢ ᠪᠠᠨ ᠪᠠᠳᠤ ᠰᠠᠬᠢᠨ᠂ ᠬᠢᠯᠢ ᠶᠢᠨ ᠲᠤᠭᠤᠷᠢᠨ ᠪᠠᠶᠢᠴᠠᠭᠠᠯᠳᠠ᠂  ᠡᠷᠦᠭᠡ ᠳᠤ ᠭᠦᠨᠵᠡᠭᠡᠶᠢᠷᠡᠨ ᠲᠤᠭᠤᠷᠢᠨ ᠰᠤᠷᠪᠤᠯᠵᠢᠯᠠᠬᠤ᠂ ᠤᠯᠠᠨ ᠲᠦᠮᠡᠨ ᠳᠤ ᠦᠢᠯᠡᠴᠢᠯᠡᠭᠦ᠂ ᠰᠦᠪᠡᠭᠴᠢ ᠶᠢ ᠪᠠᠶᠢᠴᠠᠭᠠᠬᠤ᠂ ᠵᠦᠷᠢᠴᠠᠯ ᠵᠢᠭᠤᠷᠠᠭᠠᠨ ᠢ ᠡᠶᠡᠳᠡᠭᠦᠯᠭᠦ ᠪᠤᠯᠤᠨ ᠠᠮᠤᠷ ᠢ ᠬᠠᠮᠠᠭᠠᠯᠠᠬᠤ ᠲᠤᠪᠤᠶᠢᠮ᠎ᠠ ᠠᠰᠠᠭᠤᠳᠠᠯ   ᠢ ᠴᠡᠭᠴᠡᠯᠡᠨ ᠵᠠᠰᠠᠬᠤ ᠵᠡᠷᠭᠡ ᠠᠯᠢ ᠤᠯᠠᠨ ᠠᠵᠢᠯ ᠢ ᠯᠠᠪᠳᠠᠭᠤᠨ ᠪᠠᠳᠤᠳᠠᠢ ᠦᠷᠨᠢᠭᠦᠯᠵᠦ᠂ ᠦᠨᠳᠤᠰᠤᠨ ᠱᠠᠳᠤᠨ ᠤ ᠨᠠᠮ ᠤᠨ ᠡᠭᠦᠷ ᠢ ᠬᠠᠮᠳᠤᠪᠠᠷ  ᠪᠠᠶᠢᠭᠤᠯᠬᠤ᠂ ᠠᠮᠤᠭᠤᠯᠠᠩ ᠬᠢᠯᠢ ᠬᠢᠵᠠᠭᠠᠷ ᠢ ᠬᠠᠮᠳᠤᠪᠠᠷ ᠴᠤᠭᠴᠠᠯᠠᠬᠤ   ᠶᠢ ᠴᠢᠷᠮᠠᠶᠢᠨ ᠠᠬᠢᠭᠤᠯᠵᠤ᠂  ᠨᠠᠮ ᠤᠨ ᠪᠠᠶᠢᠭᠤᠯᠤᠯᠳᠠ ᠪᠠᠷ ᠬᠢᠯᠢ   ᠪᠠᠨ ᠪᠠᠬᠢᠵᠢᠭᠦᠯᠦᠨ᠂ ᠴᠠᠭᠳᠠᠭ᠎ᠠ ᠠᠷᠠᠳ ᠪᠦᠯᠭᠦᠮᠳᠡᠵᠦ᠂ ᠬᠢᠯᠢ ᠬᠢᠵᠠᠭᠠᠷ ᠲᠤᠭᠳᠠᠭᠤᠨ᠂ ᠬᠦᠳᠡᠭᠡ ᠲᠤᠰᠬᠤᠨ ᠢ ᠭᠦᠭᠵᠢᠭᠦᠯᠦᠨ ᠮᠠᠨᠳᠤᠭᠤᠯᠤᠭᠰᠠᠨ ᠨᠢᠭᠡ ᠵᠤᠷᠪᠤᠰ ᠬᠠᠮᠳᠤᠪᠠᠷ ᠠᠰᠢᠭ ᠬᠦᠷᠳᠡᠭᠦ ᠵᠠᠮ ᠢᠶᠠᠷ ᠵᠠᠮᠨᠠᠵᠤ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号