ᠠᠵᠢᠯ ᠤᠨ  ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠦ᠂ ᠬᠤᠤᠰ ᠵᠠᠭᠤᠨ ᠡᠳᠦᠷ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠯᠠᠪᠳᠠᠭᠤᠨ ᠠᠬᠢᠭᠤᠯᠵᠦ  ᠪᠠᠶᠢᠨ᠎ᠠ
ᠨᠡᠶᠢᠲᠡᠯᠡᠭᠰᠡᠨ ᠴᠠᠭ᠄
2021/11/24
     ᠠᠶᠢᠮᠠᠭ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠪᠦᠬᠦ ᠠᠶᠢᠮᠠᠭ ᠤᠨ  ︽ᠬᠤᠤᠰ ᠵᠠᠭᠤᠨ ᠡᠳᠦᠷ ᠤᠨ ᠪᠤᠭᠤᠮᠳᠠ ᠰᠢᠪᠳᠤᠯᠬᠤ ᠠᠵᠢᠯᠯᠠᠭ᠎ᠠ︾ ᠶᠢᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠤᠨ  ᠱᠠᠭᠠᠷᠳᠠᠯᠭ᠎ᠠ ᠶᠤᠰᠤᠭᠠᠷ᠂  ᠵᠢᠯ ᠤᠨ  ᠵᠠᠬ᠎ᠠ ᠲᠡᠯᠭᠡᠭᠦᠷ ᠤᠨ  ᠬᠢᠨᠠᠯᠳᠠ ᠬᠠᠮᠢᠶᠠᠷᠤᠯᠳᠠ ᠶᠢᠨ ᠬᠦᠷᠢᠶ᠎ᠠ ᠴᠠᠷ᠎ᠠ ᠶᠢᠨ ᠠᠵᠢᠯ ᠤᠨ  ᠬᠠᠷᠠᠯᠳᠠ ᠡᠭᠦᠷᠭᠡ ᠪᠠᠨ ᠪᠦᠬᠦ ᠲᠠᠯ᠎ᠠ ᠪᠠᠷ ᠪᠦᠷᠢᠳᠬᠡᠵᠦ᠂ ᠠᠵᠢᠯ ᠢᠶᠠᠨ ᠠᠬᠢᠭᠤᠯᠬᠤ  ᠲᠤᠮᠳᠠᠬᠢ ᠬᠦᠴᠢᠷᠳᠠᠢ ᠮᠠᠳᠠᠭ ᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂  ᠡᠯ᠎ᠡ ᠲᠦᠷᠦᠯ ᠤᠨ ᠭᠤᠤᠯᠳᠠᠯᠭ᠎ᠠ  ᠲᠠᠢ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠯᠬᠤᠮ ᠲᠠᠷᠠᠭ᠎ᠠ ᠲᠠᠢ ᠠᠬᠢᠭᠤᠯᠵᠦ ᠪᠠᠶᠢᠨ᠎ᠠ᠃      ᠤᠶᠢᠷ᠎ᠠ ᠳᠤ᠂ ᠠᠶᠢᠮᠠᠭ ᠤᠨ  ᠵᠠᠬ᠎ᠠ ᠲᠡᠯᠭᠡᠭᠦᠷ ᠤᠨ  ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ︽ ᠬᠤᠤᠰ ᠵᠠᠭᠤᠨ ᠡᠳᠦᠷ ᠤᠨ ᠪᠤᠭᠤᠮᠳᠠ ᠰᠢᠪᠳᠤᠯᠬᠤ ᠠᠵᠢᠯᠯᠠᠭ᠎ᠠ︾ ᠶᠢᠨ ᠵᠤᠬᠢᠴᠠᠭᠤᠯᠬᠤ ᠬᠤᠷᠠᠯ ᠬᠤᠷᠠᠯᠳᠤᠭᠤᠯᠵᠦ᠂ ᠪᠦᠬᠦ ᠵᠢᠯ ᠤᠨ ᠠᠵᠢᠯ ᠤᠨ ᠬᠠᠷᠠᠯᠳᠠ ᠡᠭᠦᠷᠭᠡ ᠪᠠᠨ ᠪᠦᠬᠦ ᠲᠠᠯ᠎ᠠ ᠪᠠᠷ ᠪᠦᠷᠢᠳᠬᠡᠵᠦ᠂ ᠪᠠᠶᠢᠴᠠᠭᠠᠵᠦ ᠢᠯᠡᠷᠡᠭᠦᠯᠦᠭᠰᠡᠨ ᠬᠦᠴᠢᠷᠳᠠᠢ ᠮᠠᠳᠠᠭ ᠲᠠᠢ ᠠᠰᠠᠭᠤᠳᠠᠯ ᠳᠤ ᠴᠢᠭᠯᠡᠭᠦᠯᠦᠨ᠂ ᠠᠵᠢᠯ ᠤᠨ  ᠲᠠᠩᠰᠠ ᠪᠠᠶᠢᠭᠤᠯᠵᠦ᠂ ᠪᠦᠬᠦᠶᠢᠯᠡ ᠠᠵᠢᠯ  ᠤᠨ  ᠠᠬᠢᠴᠠ ᠶᠢ ᠪᠠᠳᠤᠯᠠᠵᠦ᠂ ︽ ᠬᠤᠤᠰ ᠵᠠᠭᠤᠨ ᠡᠳᠦᠷ ᠤᠨ ᠪᠤᠭᠤᠮᠳᠠ ᠰᠢᠪᠳᠤᠯᠬᠤ ᠠᠵᠢᠯᠯᠠᠭ᠎ᠠ︾   ᠶᠢᠨ ᠪᠤᠳᠠᠳᠤ ᠦᠷ᠎ᠡ ᠠᠰᠢᠭ ᠤᠯᠬᠤ ᠶᠢ ᠯᠠᠪᠳᠠᠭᠤᠨ ᠢᠶᠠᠷ ᠠᠬᠢᠭᠤᠯᠵᠦ ᠪᠠᠶᠢᠨ᠎ᠠ᠃       ᠠᠶᠢᠮᠠᠭ ᠤᠨ  ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠨᠢ ᠵᠠᠬ᠎ᠠ ᠲᠡᠯᠭᠡᠭᠦᠷ ᠤᠨ ᠤᠷᠴᠢᠨ ᠲᠤᠭᠤᠷᠢᠨ᠂ ᠢᠳᠡᠭᠡᠨ ᠤ  ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠵᠡᠩᠨᠡᠯᠳᠡ ᠶᠢᠨ ᠡᠮᠬᠢ ᠲᠢᠭᠯᠢᠮ ᠵᠡᠷᠭᠡ ᠲᠠᠯ᠎ᠠ ᠶᠢᠨ ᠠᠭᠤᠯᠭ᠎ᠠ ᠪᠠᠷ ᠰᠢᠯᠢ ᠶᠢᠨ ᠬᠤᠳᠠ ᠳᠤ ᠲᠤᠰᠬᠠᠢ ᠲᠦᠷᠦᠯ ᠤᠨ  ᠪᠠᠶᠢᠴᠠᠭᠠᠯᠳᠠ ᠶᠢᠨ ᠠᠵᠢᠯᠯᠠᠭ᠎ᠠ  ᠥᠷᠨᠢᠭᠦᠯᠦᠭᠰᠡᠨ ᠤ ᠬᠠᠮᠳᠤ ᠵᠠᠬ᠎ᠠ ᠲᠡᠯᠭᠡᠭᠦᠷ ᠤᠨ ᠡᠵᠡᠩᠨᠡᠯᠳᠡ ᠶᠢᠨ ᠭᠤᠤᠯ ᠴᠤᠭᠴᠠ ᠶᠢ ᠡᠯ᠎ᠡ ᠲᠦᠷᠦᠯ ᠤᠨ  ᠠᠶᠤᠯᠭᠦᠢ ᠦᠢᠯᠡᠳᠪᠦᠷᠢᠯᠡᠯ ᠤᠨ ᠲᠦᠷᠢᠮ ᠢ ᠴᠢᠩᠭ᠎ᠠ ᠬᠡᠷᠡᠭᠵᠢᠭᠦᠯᠬᠦ ᠶᠢ ᠱᠠᠭᠠᠷᠳᠠᠵᠦ᠂ ᠵᠠᠬ᠎ᠠ ᠲᠡᠯᠭᠡᠭᠦᠷ ᠤᠨ ᠡᠵᠡᠩᠨᠡᠯᠳᠡ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠠᠮᠤᠷ ᠲᠦᠪᠰᠢᠨ ᠤ  ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠦ᠂ ᠵᠠᠬ᠎ᠠ ᠲᠡᠯᠭᠡᠭᠦᠷ ᠤᠨ  ᠡᠮᠬᠢ ᠲᠢᠭᠯᠢᠮ ᠢ ᠪᠦᠳᠦᠮᠵᠢᠳᠠᠢ ᠬᠠᠮᠠᠭᠠᠯᠠᠭᠰᠠᠨ ᠪᠠᠶᠢᠨ᠎ᠠ᠃       ᠤᠯᠠᠨ ᠲᠦᠮᠡᠨ ᠳᠤ ᠲᠤᠯᠭᠠᠷᠠᠵᠦ ᠪᠠᠶᠢᠭ᠎ᠠ ᠬᠦᠴᠢᠷᠳᠡᠯ ᠲᠠᠢ ᠠᠰᠠᠭᠤᠳᠠᠯ ᠳᠤ ᠴᠢᠭᠯᠡᠭᠦᠯᠦᠨ᠂ ᠠᠶᠢᠮᠠᠭ ᠤᠨ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠡᠯ᠎ᠡ ᠲᠦᠷᠦᠯ ᠤᠨ  ᠲᠤᠰᠬᠠᠢ ᠴᠡᠭᠴᠡᠯᠡᠨ ᠵᠠᠰᠠᠬᠤ ᠠᠵᠢᠯ ᠤᠨ  ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠠᠢ᠃ ᠤᠳᠤᠬᠠᠨ   ᠳᠤ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷ᠎ᠠ ᠳᠤ ᠬᠤᠯᠪᠤᠭᠳᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠶᠠᠭ ᠠᠯᠬᠤᠮ ᠲᠠᠷᠠᠭ᠎ᠠ ᠲᠠᠢ᠂ ᠭᠦᠨᠵᠡᠭᠡᠢ ᠠᠬᠢᠭᠤᠯᠵᠦ᠂ ᠨᠡᠶᠢᠳᠡ418  ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号