ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ︽ᠬᠤᠤᠰ ᠵᠠᠭᠤᠨ ᠡᠳᠦᠷ︾ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠣᠳᠠᠲᠠᠶ  ᠳᠤ  ᠨᠠᠶᠢᠳᠠᠪᠤᠷᠢᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/11/24
     ︽ᠬᠤᠤᠰ ᠵᠠᠭᠤᠨ ᠡᠳᠦᠷ︾ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂  ᠵᠤᠬᠢᠰᠳᠠᠢ ᠪᠠᠶᠢᠷᠢᠯᠠᠭᠤᠯᠤᠨ᠂ ᠬᠢᠨᠠᠮᠠᠭᠠᠶ ᠰᠤᠳᠤᠯᠤᠨ ᠲᠥᠯᠥᠪᠯᠡᠵᠦ᠂  ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂  ︽ᠬᠤᠤᠰ ᠵᠠᠭᠤᠨ ᠡᠳᠦᠷ︾ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ  ᠪᠠᠳᠤᠯᠠᠵᠤ ᠪᠠᠶᠢᠨ᠎ᠠ᠃      ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠪᠣᠯ ᠰᠤᠷᠭᠠᠭᠤᠯᠢ  ᠶᠢᠨ ᠠᠵᠢᠯ ᠤᠨ ᠭᠤᠤᠯᠳᠠᠯᠭ᠎ᠠ ᠪᠤᠯᠤᠨ ᠬᠦᠴᠢᠷᠳᠡᠯ ᠪᠣᠯᠤᠨ᠎ᠠ᠃ ᠲᠣᠰ ᠤᠳᠠᠭᠠᠨ ᠤ ︽ᠬᠤᠤᠰ ᠵᠠᠭᠤᠨ ᠡᠳᠦᠷ︾  ᠤᠨ ᠪᠤᠭᠤᠮᠳᠠ ᠰᠢᠪᠳᠤᠯᠬᠤ ᠠᠵᠢᠯᠯᠠᠭ᠎ᠠ ᠳᠤᠮᠳᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠨᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠤ ᠠᠵᠢᠯ ᠢ  ᠰᠤᠷᠭᠠᠭᠤᠯᠢ ᠶᠢᠨ ᠭᠤᠤᠯᠳᠠᠯᠭ᠎ᠠ  ᠲᠠᠢ ᠠᠵᠢᠯ ᠤᠨ ᠲᠠᠩᠰᠠ ᠡᠪᠬᠡᠮᠡᠯ ᠳᠤ ᠣᠷᠣᠭᠤᠯᠵᠤ᠂ ᠪᠥᠬᠦ ᠲᠠᠯ᠎ᠠ ᠪᠠᠷ ᠲᠥᠯᠥᠪᠵᠢᠭᠦᠯᠦᠨ ᠪᠠᠶᠢᠷᠢᠯᠠᠭᠤᠯᠵᠤ᠂  ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠪᠠᠳᠤᠯᠠᠵᠤ ᠪᠠᠶᠢᠨ᠎ᠠ᠃      ᠠᠮᠤᠷ ᠲᠦᠪᠰᠢᠨ ᠢ ᠪᠠᠲᠤᠯᠠᠬᠤ ᠠᠵᠢᠯ ᠤᠨ ᠳᠤᠮᠳᠠ᠂  ᠰᠤᠷᠭᠠᠭᠤᠯᠢ  ᠡᠴᠡ‌‍ᠰᠢᠨ᠎ᠡ ᠵᠠᠭᠤᠴᠢᠯᠠᠭᠤᠷ ᠤᠨ ᠠᠷᠭ᠎ᠠ ᠭᠡᠯᠪᠡᠷᠢ ᠪᠠᠷ ᠤᠬᠠᠭᠤᠯᠭ᠎ᠠ ᠬᠢᠵᠦ᠂ ᠰᠢᠯᠢ ᠶᠢᠨ ᠭᠤᠤᠯ  ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠶᠢᠲᠡ ᠶᠢᠨ ᠳ᠋ᠤᠭᠠᠷ᠂ ᠠᠯᠪᠠᠨ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠵᠤ᠂ ᠰᠤᠷᠤᠭᠴᠢᠳ ᠤᠨ ᠴᠠᠭ ᠲᠤᠬᠠᠶ ᠳᠤᠨᠢ ᠪᠠᠶᠢᠳᠠᠯ ᠢ ᠣᠨᠣᠪᠴᠢᠲᠠᠶ ᠣᠶᠢᠯᠠᠭᠠᠬᠤ ᠶᠢ ᠦᠨᠡᠨ ᠬᠦ  ᠪᠠᠳᠤᠯᠠᠵᠤ ᠪᠠᠶᠢᠨ᠎ᠠ᠃ ᠡᠭᠦᠨ ᠤ ᠬᠠᠮᠲᠤ ᠰᠤᠷᠭᠠᠭᠤᠯᠢ ᠪᠠᠰᠠ ᠮᠡᠳᠡᠭᠡ ᠵᠠᠩᠭᠢ ᠶᠢᠨ ᠲᠥᠪ ᠤᠨ ᠬᠢᠨᠠᠨ ᠡᠵᠡᠮᠳᠡᠬᠦ ᠳᠤᠭᠤᠶᠢᠯᠠᠩ ᠤᠨ ᠳᠡᠯᠭᠡᠴᠡ ᠶᠢ ᠰᠣᠯᠢᠵᠤ᠂ ᠰᠤᠷᠭᠠᠭᠤᠯᠢ ᠶᠢᠨ ᠬᠦᠷᠢᠶᠡᠨ  ᠤ ᠠᠮᠤᠷ ᠲᠦᠪᠰᠢᠨ ᠤ ᠰᠡᠷᠭᠡᠶᠢᠯᠡᠯᠲᠡ ᠶᠢᠨ  ᠪᠦᠭᠦᠨ ᠢ  ᠬᠠᠮᠤᠷᠬᠤ ᠶᠢ ᠪᠡᠶᠡᠯᠡᠭᠦᠯᠵᠦ ᠪᠣᠯᠤᠨ᠎ᠠ᠃ ᠰᠤᠷᠭᠠᠭᠤᠯᠢ ᠪᠠᠰᠠ ᠲᠣᠭᠲᠠᠭᠰᠠᠨ ᠬᠤᠭᠤᠴᠠᠭ᠎ᠠ ᠲᠠᠢ ᠪᠠᠷ ᠲᠤᠷᠰᠢᠯᠲᠠ ᠶᠢᠨ ᠲᠠᠰᠤᠭ ᠲᠤ ᠬᠡᠮ ᠰᠣᠭᠤᠭ ᠢ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠪᠥᠬᠦ ᠬᠦᠴᠦᠨ ᠢᠶᠠᠷ ᠪᠠᠲᠤᠯᠠᠵᠤ ᠪᠠᠶᠢᠨ᠎ᠠ᠃      ᠰᠤᠷᠭᠠᠭᠤᠯᠢ   ᠠᠴᠠ ᠣᠯᠠᠨ ᠵᠦᠶᠯ ᠤᠨ ᠠᠷᠭ᠎ᠠ ᠬᠡᠮᠵᠢᠶ᠎ᠡ ᠠᠪᠴᠤ ᠰᠤᠷᠤᠭᠴᠢᠳ ᠤᠨ ᠠᠮᠤᠷ ᠲᠦᠪᠰᠢᠨ ᠰᠠᠨᠠᠭ᠎ᠠ ᠠᠮᠤᠷ ᠰᠤᠷᠤᠯᠴᠠᠬᠤ ᠶᠢ ᠪᠠᠲᠤᠯᠠᠭᠰᠠᠨ ᠢᠶᠠᠷ ᠪᠠᠷᠠᠬᠤ ᠥᠬᠡᠶ ᠪᠠᠰᠠ ᠰᠤᠷᠤᠭᠴᠢᠳ ᠤᠨ ᠡᠬᠡ ᠣᠷᠣᠨᠴᠢ ᠦᠵᠡᠯ ᠤᠨ ᠬᠥᠮᠦᠵᠢᠯ  ᠪᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠰᠢᠨ᠎ᠡ ᠵᠠᠭᠤᠴᠢᠯᠠᠭᠤᠷ ᠢᠶᠠᠷ ᠮᠡᠳᠡᠭᠡᠯᠡᠭᠦ᠂ ᠲᠠᠶᠢᠯᠤᠮᠵᠢ ᠬᠢᠬᠦ  ᠂ ᠮᠡᠳᠡᠭᠦᠯᠦᠯᠲᠡ ᠶᠢᠨ ᠬᠤᠷᠠᠯ ᠡᠷᠬᠢᠯᠡᠭᠦ ᠵᠡᠷᠭᠡ ᠬᠡᠯᠪᠡᠷᠢ  ᠪᠠᠷ ᠳᠠᠮᠵᠢᠭᠤᠯᠤᠨ ᠰᠤᠷᠤᠭᠴᠢᠳ ᠤᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠤᠲᠤᠭ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠳᠤᠳᠬᠠᠵᠠᠢ᠃      ︽ᠬᠤᠤᠰ ᠵᠠᠭᠤᠨ ᠡᠳᠦᠷ︾ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠰᠢᠯᠢ ᠶᠢᠨ ᠭᠤᠤᠯ  ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ︽ ᠬᠤᠤᠰ ᠵᠠᠭᠤᠨ ᠡᠳᠦᠷ︾ ᠤᠨ ᠪᠤᠭᠤᠮᠳᠠ ᠰᠢᠪᠳᠤᠯᠬᠤ  ᠠᠵᠢᠯ ᠤᠨ ᠳᠤᠭᠤᠶᠢᠯᠠᠩ ᠪᠠᠶᠢᠭᠤᠯᠵᠤ᠂ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠡᠮᠬᠢᠯᠡᠵᠦ᠂  ᠳᠠᠩᠰᠠ  ᠬᠠᠷ᠎ᠠ ᠪᠠᠶᠢᠭᠤᠯᠤᠨ᠂ ᠴᠠᠭ ᠤᠨ ᠬᠦᠰᠦᠨᠦᠭᠲᠦ ᠲᠣᠭᠲᠠᠭᠠᠵᠤ᠂ ᠠᠵᠢᠯ ᠤᠨ ᠬᠡᠷᠡᠭᠵᠢᠭᠦᠯᠦᠯᠲᠡ ᠶᠢ ᠡᠮᠬᠢ ᠵᠢᠷᠤᠮ ᠲᠠᠢ ᠬᠦᠴᠦᠲᠡᠶ  ᠠᠬᠢᠭᠤᠯᠵᠠᠢ᠃ ᠪᠠᠶᠢᠴᠠᠭᠠᠨ ᠰᠤᠳᠤᠯᠤᠯᠲᠠ  ᠪᠤᠯᠤᠨ ᠠᠰᠠᠭᠤᠳᠠᠯ ᠤᠨ ᠵᠠᠳᠠᠯᠤᠯᠲᠠ ᠪᠠᠨ ᠴᠢᠩᠭᠠᠳᠬᠠᠨ᠂ ᠠᠷᠭᠠᠴᠠᠭᠠᠬᠤ ᠪᠤᠳᠤᠯᠭ᠎ᠠ ᠶᠢ ᠬᠢᠨᠠᠮᠠᠭᠠᠢ ᠰᠤᠳᠤᠯᠵᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ  ᠠᠬᠢᠭᠤᠯᠵᠤ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号