ᠣᠯᠠᠭᠠᠢ ᠬᠠᠮᠢᠶᠠᠷᠣᠯᠲᠠ ᠶᠢᠨ ᠣᠷᠣᠨ ᠤ ᠮᠠᠯᠴᠢᠳ ᠡᠪᠡᠰᠦ ᠪᠣᠷᠳᠣᠭᠠᠨ ᠤ ᠨᠥᠭᠡᠴᠡᠯᠡᠯᠲᠡ ᠶᠢᠨ ᠠᠵᠢᠯ ᠢᠶᠠᠨ ᠰᠠᠶᠢᠲᠤᠷ ᠬᠢᠵᠦ  ᠡᠪᠤᠯᠵᠢᠭᠦ ᠮᠠᠯ  ᠰᠦᠷᠦᠭ ᠤᠨ ᠮᠡᠨᠳᠤ ᠤᠨᠳᠤᠷᠤᠯᠳᠠ ᠶᠢ ᠪᠠᠳᠤᠯᠠᠬᠤ  ᠪᠠᠷ ᠴᠢᠷᠮᠠᠶᠢᠵᠦ ᠪᠠᠶᠢᠨ᠎ᠠ
ᠨᠡᠶᠢᠲᠡᠯᠡᠭᠰᠡᠨ ᠴᠠᠭ᠄
2021/11/24
     ᠣᠯᠠᠭᠠᠢ ᠬᠠᠮᠢᠶᠠᠷᠣᠯᠲᠠ ᠶᠢᠨ ᠣᠷᠣᠨ ᠦᠷᠭᠡᠨ ᠤᠯᠠᠨ  ᠮᠠᠯᠴᠢᠳ ᠢ ᠲᠠᠶᠢᠴᠢᠯᠠᠨ ᠡᠪᠡᠰᠦ ᠪᠤᠷᠳᠤᠭ᠎ᠠ  ᠨᠦᠭᠡᠴᠡᠯᠡᠭᠦ ᠠᠵᠢᠯ ᠢ ᠡᠷᠳᠡ ᠠᠴᠠ ᠭᠠᠷᠳᠠᠨ ᠰᠠᠶᠢᠲᠤᠷ ᠬᠢᠵᠦ᠂ ᠡᠪᠤᠯᠵᠢᠭᠦ ᠮᠠᠯ ᠰᠦᠷᠦᠭ   ᠳᠡᠭᠡᠨ ᠭᠦᠷᠦᠯᠴᠡᠭᠡᠳᠡᠢ  ᠡᠪᠡᠰᠤ ᠪᠤᠷᠳᠤᠭ᠎ᠠ ᠪᠡᠯᠡᠳᠭᠡᠵᠡᠢ᠃ ᠤᠳᠤᠭᠠᠨ ᠪᠤᠯᠳᠠᠯ᠎ᠠ ᠬᠠᠮᠢᠶᠠᠷᠣᠯᠲᠠ ᠶᠢᠨ ᠣᠷᠣᠨ 1.3  ᠳ᠋ᠦᠩᠰᠢᠭᠤᠷ ᠺᠢᠯᠣᠭ᠍ᠷᠠᠮ ᠠᠴᠠ ᠳᠡᠭᠡᠭᠰᠢ ᠡᠪᠡᠰᠤ ᠤᠷᠤᠭᠤᠯᠤᠨ ᠬᠠᠳᠠᠭᠠᠯᠠᠬᠰᠠᠨ ᠪᠠᠶᠢᠨ᠎ᠠ᠃        ᠦᠢᠷ᠎ᠠ ᠳᠤ  ᠰᠤᠷᠪᠤᠯᠵᠢᠯᠠᠭᠴᠢ ᠤᠯᠠᠭᠠᠶ ᠮᠠᠯᠵᠢᠯ ᠤᠨ ᠲᠠᠯᠠᠪᠠᠶ ᠶᠢᠨ  ᠪᠥᠯᠢᠶᠡᠨ ᠬᠤᠪᠢᠶᠠᠷᠢ ᠲᠠᠯᠠᠪᠠᠶ ᠶᠢᠨ ᠮᠠᠯᠴᠢᠨ ᠰᠡᠩᠭᠡᠳᠤᠷᠵᠢ ᠶᠢᠨ ᠬᠢᠨ ᠳᠤ ᠬᠥᠷᠬᠦ ᠳᠤ ᠲᠡᠷᠡ ᠪᠣᠭᠤᠯᠲᠠ ᠲᠠᠢ ᠡᠪᠡᠰᠦ ᠪᠠᠨ ᠤᠪᠤᠭᠠᠯᠠᠨ ᠬᠤᠷᠢᠶᠠᠵᠦ  ᠶᠠᠭᠠᠷᠠᠵᠤ ᠪᠠᠶᠢᠯ᠎ᠠ᠃  ᠰᠡᠩᠭᠡᠳᠤᠷᠵᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠵᠢᠯ ᠲᠡᠳᠡᠨ ᠤ ᠬᠢᠨ ᠬᠡᠨᠵᠡ ᠲᠤᠭᠤᠯ ᠨᠡᠯᠢᠶᠡᠳ ᠠᠷᠪᠢᠨ ᠪᠠᠶᠢᠬᠤ ᠣᠴᠢᠷ ᠠᠴᠠ᠂ ᠲᠡᠭᠷᠢ ᠬᠦᠶᠲᠡᠷᠡᠪᠡᠯ ᠤᠷᠢᠳᠴᠢᠯᠠᠨ ᠬᠠᠰᠢᠶᠠᠯᠠᠨ ᠲᠡᠵᠢᠭᠡᠵᠦ᠂ ᠡᠪᠦᠯ ᠤᠨ ᠤᠯᠠᠷᠢᠯ ᠳᠤ ᠮᠠᠯ ᠣᠨᠣᠭᠠᠨ ᠤ ᠪᠠᠨ ᠲᠠᠷᠭᠤ ᠬᠦᠴᠦ ᠶᠢ ᠪᠠᠲᠣᠯᠠᠬᠤ ᠨᠢ ᠬᠠᠮᠤᠭ ᠴᠢᠬᠤᠯᠠ ᠠᠵᠢᠯ  ᠭᠡᠵᠦ ᠶᠠᠷᠢᠵᠦ ᠪᠠᠶᠢᠯ᠎ᠠ᠃      ᠨᠠᠮᠤᠷ ᠠᠴᠠ ᠨᠠᠰᠢ ᠤᠯᠠᠭᠠᠶ ᠬᠠᠮᠢᠶᠠᠷᠤᠯᠲᠠ ᠶᠢᠨ ᠣᠷᠣᠨ ᠤ ᠮᠠᠯᠴᠢᠳ  ᠲᠤᠯᠠᠭᠠᠨ ᠴᠠᠭ ᠠᠭᠤᠷ ᠤᠨ ᠠᠰᠢᠭᠲᠠᠶ ᠲᠣᠬᠢᠶᠠᠯ ᠢ ᠠᠰᠢᠭᠯᠠᠨ ᠡᠪᠡᠰᠦ ᠪᠣᠷᠳᠤᠭ᠎ᠠ ᠪᠠᠨ ᠱᠠᠯᠠᠪᠳᠠᠨ  ᠨᠦᠭᠡᠴᠡᠯᠡᠵᠦ ᠡᠬᠢᠯᠡᠵᠡᠢ᠃ ᠢᠯᠠᠩᠭᠤᠶ᠎ᠠ ᠡᠪᠦᠯ ᠤᠨ ᠠᠭᠤᠷ ᠤᠷᠤᠭᠰᠠᠨ ᠠᠴᠠ ᠨᠠᠰᠢ᠂ ᠡᠯ᠎ᠡ ᠭᠠᠵᠠᠷ ᠤᠨ ᠠᠭᠠᠷ ᠤᠨ ᠳᠤᠯᠠᠭᠠᠨ ᠥᠩᠭᠡᠷᠡᠭᠰᠡᠨ ᠵᠢᠯ ᠤᠨ ᠬᠢ  ᠠᠴᠠ ᠨᠡᠶᠢᠳᠡᠮ ᠳᠡᠭᠡᠨ ᠳᠣᠤᠷ᠎ᠠ ᠪᠠᠶᠢᠵᠤ᠂ ᠬᠡᠰᠡᠭ ᠭᠠᠵᠠᠷ ᠣᠷᠣᠨ ᠳᠤ ᠶᠡᠭᠡ ᠴᠠᠰᠤ ᠤᠷᠤᠬᠰᠡᠨ ᠳᠤ᠂ ᠣᠯᠠᠭᠠᠢ ᠬᠠᠮᠢᠶᠠᠷᠣᠯᠲᠠ ᠶᠢᠨ ᠣᠷᠣᠨ ᠨᠢ ᠮᠠᠯᠴᠢᠨ ᠲᠦᠮᠡᠨ ᠤ ᠭᠠᠮᠰᠢᠭ ᠲᠠᠢ ᠲᠡᠮᠡᠴᠡᠨ ᠭᠠᠮᠰᠢᠭ ᠢ ᠪᠠᠭᠠᠰᠬᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠬᠤᠨᠢ ᠨᠢᠭᠡᠪᠦᠷᠢ ᠶᠢᠨ ᠳᠤᠮᠳᠠᠴᠢ ᠪᠠᠷ ᠡᠪᠦᠯᠵᠢᠬᠦ ᠡᠪᠡᠰᠦ ᠪᠣᠷᠳᠤᠭ᠎ᠠ ᠶᠢ 360 ᠺᠢᠯᠣᠭ᠍ᠷᠠᠮ ᠠᠴᠠ ᠳᠡᠭᠡᠭᠰᠢ  ᠪᠠᠶᠢᠯᠭᠠᠬᠤ  ᠱᠠᠭᠠᠷᠳᠠᠬᠰᠠᠨ ᠪᠠᠶᠢᠨ᠎ᠠ᠃ ᠣᠳᠣᠬᠠᠨ ᠪᠤᠯᠲᠠᠯ᠎ᠠ ᠪᠥᠬᠦ ᠬᠠᠮᠢᠶᠠᠷᠤᠯᠲᠠ ᠶᠢᠨ ᠣᠷᠣᠨ ᠤ  ᠬᠠᠳᠠᠭᠠᠯᠠᠭᠰᠠᠨ ᠡᠪᠡᠰᠤᠨ ᠤ ᠬᠡᠮᠵᠢᠶ᠎ᠡ  1 . 3 ᠳ᠋ᠦᠩᠰᠢᠭᠤᠷ ᠺᠢᠯᠣᠭ᠍ᠷᠠᠮ ᠠᠴᠠ ᠳᠡᠭᠡᠭᠰᠢ  ᠭᠦᠷᠴᠡᠢ  ᠃ ᠤᠯᠠᠭᠠᠶ ᠬᠠᠮᠢᠶᠠᠷᠤᠯᠲᠠ ᠶᠢᠨ ᠣᠷᠣᠨ  ᠪᠠᠰᠠ ᠲᠠᠷᠢᠶᠠᠯᠠᠩ ᠮᠠᠯ ᠠᠵᠤ ᠠᠬᠤᠶ ᠤᠨ ᠴᠢᠨᠠᠷ ᠰᠠᠶᠢᠲᠠᠶ ᠬᠥᠭᠵᠢᠯᠲᠡ  ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠮᠠᠯ ᠠᠵᠤ ᠠᠬᠤᠶ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ   ᠶᠢ  ᠴᠢᠩᠭᠠᠷᠠᠭᠤᠯᠵᠦ  ᠂  ᠮᠠᠯᠴᠢᠳ ᠢ  ᠱᠠᠯᠠᠪᠳᠠᠨ ᠵᠢᠯᠣᠭᠤᠳᠴᠤ  ᠮᠠᠯ ᠤᠨ ᠭᠠᠷᠭᠠᠯᠳᠠ ᠶᠢ  ᠲᠦᠷᠭᠡᠳᠭᠡᠵᠦ  ᠂ ᠡᠪᠤᠯᠵᠢᠭᠦ ᠮᠠᠯ ᠤᠨ ᠲᠤᠭ᠎ᠠ ᠲᠤᠯᠤᠭᠠᠢ ᠶᠢ ᠴᠦᠭᠡᠴᠢᠯᠡᠵᠦ᠂ ᠠᠷᠠᠴᠢᠯᠠᠨ ᠲᠡᠵᠢᠭᠡᠬᠦ ᠥᠪᠡᠷ ᠤᠨ ᠥᠷᠲᠡᠭ ᠢ  ᠪᠠᠭᠤᠷᠠᠭᠤᠯᠤᠨ᠂ ᠪᠠᠶᠢᠭᠠᠯᠢ ᠶᠢᠨ ᠬᠠᠳᠤᠯᠠᠩ ᠪᠡᠯᠴᠢᠭᠡᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ ᠂ ᠡᠪᠦᠯᠵᠢᠬᠦ ᠮᠠᠯ ᠤᠨ ᠡᠪᠡᠰᠦ ᠪᠣᠷᠳᠤᠭ᠎ᠠ ᠶᠢ ᠥᠪᠡᠷ ᠢᠶᠠᠨ ᠬᠠᠩᠭᠠᠬᠤ ᠶᠢ ᠪᠡᠶᠡᠯᠡᠭᠦᠯᠵᠠᠢ᠃ ᠡᠭᠦᠨ ᠠᠴᠠ ᠭᠠᠳᠠᠨ᠎ᠠ᠂ ᠲᠠᠷᠢᠮᠠᠯ ᠤᠨ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠠᠰᠤᠷᠠᠯᠲᠠ ᠥᠬᠡᠶ ᠲᠦᠷᠭᠡᠳᠭᠡᠵᠦ᠂ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠦ᠂ ᠰᠢᠨ᠎ᠡ ᠬᠡᠯᠪᠡᠷᠢ ᠶᠢᠨ ᠲᠡᠵᠢᠭᠡᠨ ᠦᠷᠡᠵᠢᠭᠦᠯᠬᠦ ᠵᠠᠭᠪᠤᠷ ᠢ ᠶᠡᠬᠡᠪᠡᠷ ᠳᠡᠯᠭᠡᠷᠡᠭᠦᠯᠵᠦ᠂ ᠬᠠᠮᠢᠶ᠎ᠠ ᠪᠥᠬᠦᠶ ᠠᠵᠤ ᠠᠬᠤᠶᠢᠯᠠᠯ ᠪᠤᠯᠤᠨ ᠲᠠᠷᠢᠮᠠᠯ  ᠤᠨ ᠡᠷᠦᠬᠡ ᠶᠢ ᠵᠣᠬᠢᠴᠠᠭᠤᠯᠤᠨ ᠲᠡᠵᠢᠭᠡᠯ ᠡᠪᠡᠰᠦ ᠪᠣᠷᠳᠤᠭ᠎ᠠ ᠶᠢ ᠡᠳ᠋ᠰᠢᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ᠂  ᠲᠡᠵᠢᠭᠡᠯ ᠡᠪᠡᠰᠦ ᠪᠣᠷᠳᠣᠭᠠᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂  ᠡᠪᠤᠯᠵᠢᠭᠦ ᠮᠠᠯ ᠰᠦᠷᠦᠭ ᠤᠨ ᠲᠡᠵᠢᠭᠡᠯ ᠪᠣᠷᠳᠣᠭᠠᠨ ᠤ ᠭᠦᠶᠴᠡᠳ ᠬᠠᠩᠭᠠᠯᠭ᠎ᠠ ᠶᠢ  ᠪᠠᠳᠤᠯᠠᠵᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号