ᠰᠢᠯᠢ ᠶᠢᠨ ᠬᠤᠲᠠ ᠶᠢᠨ ᠬᠠᠩᠭᠠᠶ ᠬᠡᠷᠡᠭ ᠡᠷᠬᠢᠯᠡᠬᠦ ᠭᠠᠵᠠᠷ ᠤᠨ ᠴᠠᠩ ᠠᠨ ᠨᠡᠶᠢᠭᠡᠮ ᠲᠣᠭᠤᠷᠢᠭ ᠨᠠᠮ  ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ  ᠪᠠᠶᠢᠨ᠎ᠠ
ᠨᠡᠶᠢᠲᠡᠯᠡᠭᠰᠡᠨ ᠴᠠᠭ᠄
2021/11/24
      ᠰᠢᠯᠢ ᠶᠢᠨ ᠬᠤᠳᠠ ᠶᠢᠨ ᠬᠠᠩᠭᠠᠢ  ᠬᠡᠷᠡᠭ ᠡᠷᠬᠢᠯᠡᠬᠦ ᠭᠠᠵᠠᠷ ᠤᠨ ᠴᠠᠩ ᠠᠨ ᠨᠡᠶᠢᠭᠡᠮ ᠲᠣᠭᠤᠷᠢᠭ ᠪᠣᠳᠠᠲᠤ ᠠᠵᠢᠯᠯᠠᠭ᠎ᠠ ᠪᠠᠷ ᠢᠶᠠᠨ  ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ   ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ  ᠲᠤᠤᠱᠠᠯᠠᠭᠤᠯᠤᠨ ᠨᠠᠶᠢᠳᠠᠪᠤᠷᠢᠵᠢᠭᠤᠯᠵᠤ᠂  ᠥᠷᠭᠡᠨ ᠤᠯᠠᠨ ᠰᠠᠭᠤᠭᠠᠯᠢ ᠠᠷᠠᠳ ᠤᠨ ᠦᠨᠳᠦᠰᠦᠨ ᠠᠰᠢᠭ ᠲᠤᠰᠠ ᠶᠢ    ᠰᠠᠶᠢᠳᠤᠷ   ᠬᠠᠮᠠᠭᠠᠯᠠᠨ  ᠬᠥᠭᠵᠢᠭᠦᠯᠵᠤ ᠪᠠᠶᠢᠨ᠎ᠠ᠃        ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ  ᠵᠠᠰᠠᠬᠤ ᠢᠨᠵᠧᠨᠧᠷᠢᠩ ᠨᠢ ᠠᠷᠠᠳ ᠤᠯᠠᠨ ᠤ   ᠵᠤᠯ  ᠵᠢᠷᠭᠠᠯᠳᠤ ᠠᠮᠢᠳᠤᠷᠠᠯ ᠲᠠᠢ  ᠬᠤᠯᠪᠤᠭᠳᠠᠵᠤ᠂ ᠬᠤᠲᠠ ᠶᠢᠨ ᠪᠣᠯᠪᠠᠰᠤᠨ ᠲᠠᠢ  ᠬᠤᠯᠪᠤᠭᠳᠠᠵᠤ ᠪᠠᠶᠢᠳᠠᠭ᠃ ᠣᠶᠢᠷ᠎ᠠ ᠶᠢᠨ ᠵᠢᠯ ᠤᠳ ᠲᠤ᠂ ᠴᠠᠩ ᠠᠨ ᠨᠡᠶᠢᠭᠡᠮ ᠲᠣᠭᠤᠷᠢᠭ ᠨᠢ  ᠤᠶᠤᠨᠲᠤ ᠨᠡᠶᠢᠭᠡᠮ ᠲᠣᠭᠤᠷᠢᠭ  ᠤᠨ ᠪᠥᠲᠥᠭᠡᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠶᠯᠡᠴᠢᠯᠡᠭᠡ᠂ ᠨᠠᠰᠤᠳᠠᠶᠢᠴᠤᠳ ᠤᠨ ᠠᠰᠠᠷᠠᠮᠵᠢ ᠶᠢᠨ   ᠦᠶᠯᠡᠴᠢᠯᠡᠭᠡ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠵᠡᠷᠭᠡ ᠲᠠᠯ᠎ᠠ ᠪᠠᠷ ᠦᠶᠯᠡᠴᠢᠯᠡᠭᠡᠨ ᠤ ᠴᠢᠳᠠᠪᠤᠷᠢ  ᠪᠠᠨ ᠲᠡᠭᠡᠭᠰᠢᠯᠡᠭᠦᠯᠥᠭᠰᠡᠭᠡᠷ ᠢᠷᠡᠵᠠᠢ᠃ ᠡᠨᠡ ᠵᠢᠯ ᠤᠨ 4 ᠰᠠᠷ᠎ᠠ ᠠᠴᠠ ᠡᠬᠢᠯᠡᠨ ᠨᠡᠶᠢᠭᠡᠮ ᠲᠣᠭᠤᠷᠢᠭ ᠨᠢ ᠳ᠋ᠦᠩ ᠴᠧᠩ ᠵᠢᠶᠠ ᠳ᠋ᠦ᠋ ᠰᠠᠭᠤᠭᠠᠯᠢ ᠠᠷᠠᠳ ᠤᠨ ᠲᠣᠭᠤᠷᠢᠭ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠠᠷᠢᠯᠭ᠎ᠠ ᠂  ᠡᠪᠳᠡᠭᠳᠡᠭᠰᠡᠨ‌ᠵᠠᠮ ᠤᠨ ᠭᠠᠳᠠᠷᠭᠤ  ᠂ ᠵᠠᠮ ᠤᠨ ᠳ᠋ᠧᠩ ᠵᠡᠷᠭᠡ ᠰᠠᠭᠤᠷᠢ ᠲᠥᠬᠦᠭᠡᠷᠦᠮᠵᠢ ᠶᠢ  ᠨᠤᠷᠠᠭᠠᠬᠤ ᠪᠠ ᠳᠠᠬᠢᠨ ᠪᠠᠶᠢᠭᠤᠯᠤᠭᠰᠠᠨ ᠠᠴᠠ ᠣᠲᠣ  ᠪᠤᠯᠬᠤ ᠳᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠪᠥᠬᠦ ᠲᠠᠯ᠎ᠠ ᠪᠠᠷ ᠰᠠᠶᠢᠵᠢᠷᠠᠵᠤ᠂  ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢᠯᠡᠳᠲᠡ  ᠲᠡᠭᠡᠭᠰᠢᠯᠡᠭᠰᠡᠨ ᠪᠠᠶᠢᠨ᠎ᠠ᠃      ᠠᠷᠪᠠ ᠶᠢᠰᠦᠳᠦᠭᠡᠷ ᠬᠤᠭᠤᠴᠠᠭᠠᠨ ᠤ   ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ᠶᠢ ᠨᠡᠶᠢᠲᠡᠯᠡᠭᠰᠡᠨ ᠤ ᠳᠠᠷᠠᠭ᠎ᠠ᠂ ᠴᠠᠩ ᠠᠨ ᠨᠡᠶᠢᠭᠡᠮ ᠲᠣᠭᠤᠷᠢᠭ ᠤᠨ ᠠᠵᠢᠯᠲᠠᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠥᠪᠡᠷ ᠤᠨ ᠠᠵᠢᠯ ᠤᠨ ᠪᠠᠶᠢᠷᠢ ᠳᠠᠭᠠᠨ ᠦᠳᠲᠡᠷ ᠲᠦᠷᠭᠡᠨ   ᠰᠢᠩᠭᠡᠭᠡᠵᠤ  ᠂ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠵᠣᠷᠢᠭ ᠰᠠᠨᠠᠭᠠᠨ ᠤ ᠮᠥᠨ ᠴᠢᠨᠠᠷ  ᠪᠤᠯᠤᠨ ᠪᠠᠶᠠᠯᠢᠭ ᠠᠭᠤᠯᠤᠭᠳᠠᠬᠤᠨ ᠢ ᠭᠦᠨᠵᠡᠭᠡᠶ  ᠡᠵᠡᠮᠰᠢᠭᠰᠡᠨ   ᠤ ᠬᠠᠮᠲᠤ᠂ ᠨᠠᠮ ᠤᠨ ᠪᠠᠶᠢᠭᠤᠯᠤᠯᠲᠠ ᠶᠢᠨ ᠠᠵᠢᠯ ᠢ ᠨᠡᠶᠢᠭᠡᠮ ᠲᠣᠭᠤᠷᠢᠭ  ᠲᠡᠰᠢ ᠤᠷᠲᠤᠳᠬᠠᠵᠤ᠂   ᠨᠠᠮ ᠤᠨ ᠭᠡᠰᠢᠭᠦᠨ ᠺᠠᠳ᠋ᠷ ᠪᠣᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ   ᠢ  ᠵᠢᠯᠤᠭᠤᠳᠴᠤ   ᠨᠡᠶᠢᠭᠡᠮ ᠲᠣᠭᠤᠷᠢᠭ   ᠢ ᠵᠠᠰᠠᠨ ᠴᠡᠭᠴᠡᠯᠡᠭᠦ  ᠠᠵᠢᠯ ᠳᠤ  ᠤᠷᠤᠯᠴᠠᠭᠤᠯᠤᠨ᠂   ᠨᠠᠮ  ᠤᠨ ᠪᠠᠶᠢᠭᠤᠯᠤᠯᠳᠠ ᠶᠢᠨ ᠬᠥᠳᠥᠯᠥᠨ ᠵᠢᠯᠤᠭᠤᠳᠬᠤ ᠤᠶᠢᠯᠡᠳᠥᠯ ᠢ ᠪᠥᠷᠢᠮᠤᠰᠤᠨ ᠪᠠᠳᠠᠷᠠᠭᠤᠯᠵᠤ᠂  ᠨᠡᠶᠢᠭᠡᠮ ᠲᠤᠭᠤᠷᠢᠭ ᠤᠨ ᠵᠠᠰᠠᠨ ᠴᠡᠭᠴᠡᠯᠡᠭᠦ ᠠᠷᠭ᠎ᠠ ᠪᠠᠷᠢᠯ ᠢ ᠰᠢᠨᠡᠴᠢᠯᠡᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠬᠤ᠂ ᠵᠠᠰᠠᠭ   ᠬᠠᠷᠢᠭᠤ   ᠲᠠᠢ   ᠪᠠᠶᠢᠬᠤ ᠶᠢ  ᠪᠡᠶᠡᠯᠡᠭᠦᠯᠥᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号