︽ᠬᠤᠤᠰ ᠵᠠᠭᠤᠨ ᠡᠳᠥᠷ 》 ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ | ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠷᠠᠳ ᠣᠯᠠᠨ ᠤ ︽ᠵᠠᠷᠭᠤ ᠬᠢᠬᠦ ︾ ᠶᠠᠪᠤᠴᠠ | ᠳᠤᠮᠳᠠᠬᠢ ᠪᠠᠴᠢᠮᠳᠠᠵᠤ ᠬᠥᠴᠢᠷᠳᠡᠵᠤ ᠵᠤᠪᠠᠵᠤ ᠪᠠᠶᠢᠭ᠎ᠠ ᠠᠰᠠᠭᠤᠳᠠᠯ ᠪᠤᠯᠤᠨ ᠬᠦᠴᠢᠷ ᠲᠦᠪᠡᠭᠲᠡᠶ | ᠲᠦᠭᠵᠢᠷᠡᠯ ᠠᠰᠠᠭᠤᠳᠠᠯ ᠢ ᠴᠢᠩᠭ᠎ᠠ ᠠᠩᠬᠠᠷᠴᠤ᠂ ᠵᠤᠬᠢᠶᠠᠨ ᠪᠠᠶᠢᠭᠤᠯᠤᠯᠳᠠ ᠨᠢ ᠪᠠᠶᠢᠷᠢᠯᠠᠭᠤᠯᠤᠯᠲᠠ ᠲᠠᠢ᠂ | ᠬᠠᠷᠠᠯᠲᠠ ᠲᠣᠭᠲᠠᠭᠠᠬᠤ ᠳᠠᠭᠠᠨ ᠴᠢᠩᠭ᠎ᠠ ᠠᠳᠬᠤᠬᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠬᠤᠯᠠᠴᠢᠯᠠᠨ | ᠵᠤᠬᠢᠴᠠᠭᠤᠯᠬᠤ᠂ ᠭᠤᠤᠯᠳᠠᠯᠭ᠎ᠠ ᠲᠠᠢ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠶᠢ ᠪᠡᠶᠡᠯᠡᠭᠦᠯᠵᠤ᠂ ᠠᠷᠠᠳ ᠤᠨ | ᠲᠥᠯᠥᠭᠡ ᠬᠠᠤᠯᠢ ᠪᠠᠷᠢᠬᠤ᠂ ᠲᠥᠪ ᠭᠤᠤᠯᠴᠢ ᠪᠠᠷ ᠬᠠᠤᠯᠢ ᠪᠠᠷᠢᠬᠤ ᠠᠮᠢᠳᠤᠯᠢᠭ ᠦᠶᠯᠡᠳᠦᠯᠭᠡ ᠪᠠᠷ ︽ᠬᠤᠤᠰ | ᠵᠠᠭᠤᠨ ᠡᠳᠥᠷ ︾ ᠤᠨ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠢᠯᠡᠷᠡᠭᠦᠯᠵᠤ ᠪᠠᠶᠢᠨ᠎ᠠ᠃ | ︽ᠬᠤᠤᠰ ᠵᠠᠭᠤᠨ ᠡᠳᠥᠷ︾ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠠᠬᠢᠭᠤᠯᠬᠤ ᠳᠤᠮᠳᠠ᠂ ᠠᠶᠢᠮᠠᠭ | ᠤᠨ ᠬᠤᠶᠠᠷ ᠱᠠᠲᠤᠨ ᠤ ᠰᠢᠭᠦᠬᠦ ᠬᠤᠷᠢᠶ᠎ᠠ ᠨᠢ ᠣᠯᠠᠨ ᠲᠦᠮᠡᠨ ᠤ ᠭᠦᠶᠴᠡᠳᠬᠡᠬᠦ ᠬᠦᠷᠢᠶᠡᠨ ᠳᠠᠬᠢ ︽ᠪᠠᠴᠢᠮᠳᠠᠵᠤ | ᠬᠥᠴᠢᠷᠳᠡᠵᠤ ᠵᠤᠪᠠᠵᠤ ᠬᠥᠰᠡᠨ ᠡᠷᠡᠮᠡᠯᠵᠡᠯᠡᠵᠤ ᠪᠠᠶᠢᠭ᠎ᠠ ︾ ᠠᠰᠠᠭᠤᠳᠠᠯ ᠢ ᠢᠳᠡᠪᠬᠢᠲᠡᠶ ᠰᠢᠶᠳᠪᠦᠷᠢᠯᠡᠵᠦ᠂ | ᠭᠦᠶᠴᠡᠳᠬᠡᠬᠦ ᠬᠡᠷᠡᠭ ᠲᠤ ᠬᠤᠯᠪᠤᠭᠳᠠᠭᠰᠠᠨ ᠵᠣᠭᠤᠰ ᠢ ᠲᠥᠪᠯᠡᠷᠡᠭᠦᠯᠦᠨ ᠲᠠᠷᠬᠠᠭᠠᠬᠤ ᠲᠠᠯ᠎ᠠ ᠪᠠᠷ ᠢᠯᠡᠳᠲᠡ | ᠦᠷ᠎ᠡ ᠪᠦᠲᠦᠮᠵᠢ ᠤᠯᠤᠭᠰᠠᠨ ᠪᠠᠶᠢᠨ᠎ᠠ᠃ ᠣᠶᠢᠷ᠎ᠠ ᠳᠤ᠂ ᠠᠶᠢᠮᠠᠭ ᠤᠨ ᠬᠤᠶᠠᠷ ᠱᠠᠲᠤᠨ ᠤ ᠰᠢᠭᠦᠬᠦ ᠬᠤᠷᠢᠶ᠎ᠠ ︽ | ᠭᠦᠶᠴᠡᠳᠬᠡᠬᠦ ᠬᠡᠷᠡᠭ ᠲᠤ ᠬᠤᠯᠪᠤᠭᠳᠠᠭᠰᠠᠨ ᠵᠣᠭᠤᠰ ᠢ ᠲᠥᠪᠯᠡᠷᠡᠭᠦᠯᠦᠨ ᠲᠠᠷᠬᠠᠭᠠᠬᠤ ᠡᠳᠦᠷ ᠤᠨ ᠠᠵᠢᠯᠯᠠᠭ᠎ᠠ ︾ | ᠶᠢ ᠵᠡᠷᠭᠡᠪᠡᠷ ᠡᠷᠭᠢᠯᠡᠵᠦ᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠭᠤᠤᠯ ᠬᠤᠷᠠᠯ ᠤᠨ | ᠲᠠᠯᠠᠪᠠᠶ ᠭᠠᠷᠭᠠᠵᠤ᠂ ᠦᠨᠳᠦᠰᠦᠨ ᠱᠠᠲᠤᠨ ᠤ 12 ᠠᠷᠠᠳ ᠤᠨ ᠰᠢᠭᠦᠬᠦ ᠬᠤᠷᠢᠶ᠎ᠠ ᠬᠤᠪᠢᠶᠠᠷᠢ ᠬᠤᠷᠠᠯ ᠤᠨ ᠲᠠᠯᠠᠪᠠᠶ | ᠭᠠᠷᠭᠠᠨ ᠠᠵᠢᠯᠯᠠᠭ᠎ᠠ ᠳᠤ᠂ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢᠳ ᠲᠤ ᠠᠶᠢᠮᠠᠭ ᠤᠨ ᠬᠤᠶᠠᠷ | ᠱᠠᠲᠤᠨ ᠤ ᠠᠷᠠᠳ ᠤᠨ ᠰᠢᠭᠦᠬᠦ ᠬᠤᠷᠢᠶᠠᠨ ᠤ ᠭᠦᠢᠴᠡᠳᠬᠡᠭᠰᠡᠨ ᠬᠡᠷᠡᠭ ᠲᠤ ᠬᠤᠯᠪᠤᠭᠳᠠᠭᠰᠠᠨ ᠵᠣᠭᠤᠰ ᠢ | ᠲᠠᠷᠬᠠᠭᠠᠭᠰᠠᠨ ᠪᠠᠶᠢᠳᠠᠯ ᠵᠢᠴᠢ ᠬᠡᠷᠡᠭ ᠲᠤ ᠬᠤᠯᠪᠤᠭᠳᠠᠭᠰᠠᠨ ᠵᠣᠭᠤᠰ ᠢ ᠲᠥᠪᠯᠡᠷᠡᠭᠦᠯᠦᠨ ᠲᠠᠷᠬᠠᠭᠠᠬᠤ ᠠᠵᠢᠯᠯᠠᠭ᠎ᠠ | ᠶᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠶᠡᠷᠦᠩᠬᠡᠢ ᠪᠠᠶᠢᠳᠠᠯ ᠢ ᠮᠡᠳᠡᠭᠳᠡᠭᠰᠡᠨ ᠤ ᠬᠠᠮᠳᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ | ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ ︾ ᠳᠠᠪᠬᠤᠷ ᠲᠠᠷᠬᠠᠭᠠᠬᠤ ᠬᠡᠯᠪᠡᠷᠢ ᠶᠢ ᠠᠪᠤᠭᠰᠠᠨ ᠪᠠᠶᠢᠨ᠎ᠠ᠃ | ᠲᠤᠬᠠᠶ ᠶᠢᠨ ᠡᠳᠦᠷ᠂ ᠪᠥᠬᠦ ᠠᠶᠢᠮᠠᠭ ᠤᠨ ᠰᠢᠭᠦᠬᠦ ᠬᠤᠷᠢᠶ᠎ᠠ ᠨᠡᠶᠢᠲᠡ 152 ᠬᠤᠪᠢ ᠭᠦᠶᠴᠡᠳᠬᠡᠬᠦ ᠬᠡᠷᠡᠭ ᠤᠨ | ᠲᠤᠬᠠᠶ ᠶᠢᠨ ᠬᠥᠮᠦᠨ ᠳᠤ ᠭᠦᠶᠴᠡᠳᠬᠡᠬᠦ ᠬᠡᠷᠡᠭ ᠲᠤ ᠬᠤᠯᠪᠤᠭᠳᠠᠭᠰᠠᠨ1776 . 143 ᠲᠦᠮᠡᠨ ᠲᠥᠭᠦᠷᠢᠭ | ᠲᠠᠷᠬᠠᠭᠠᠭᠰᠠᠨ ᠪᠥᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ | ᠶᠢᠨ ᠵᠥᠪᠯᠡᠯᠭᠡᠨ ᠤ ᠭᠡᠰᠢᠭᠦᠨ᠂ ᠬᠠᠤᠯᠢᠴᠢ᠂ ᠣᠨᠴᠠ ᠤᠷᠢᠭᠰᠠᠨ ᠬᠢᠨᠠᠯᠲᠠ ᠲᠠᠯᠪᠢᠭᠴᠢ᠂ ᠠᠷᠠᠳ ᠤᠨ ᠬᠠᠪᠰᠤᠷᠤᠨ | ᠰᠢᠭᠦᠭᠴᠢ ᠵᠡᠷᠭᠡ ᠨᠡᠶᠢᠭᠡᠮ ᠤᠨ ᠡᠯ᠎ᠡ ᠡᠲᠡᠭᠡᠳ ᠤᠨ 42 ᠲᠥᠯᠥᠭᠡᠯᠡᠭᠴᠢ ᠶᠢ ᠤᠷᠢᠵᠤ ᠲᠣᠰ ᠤᠳᠠᠭᠠᠨ ᠤ | ᠭᠦᠶᠴᠡᠳᠬᠡᠬᠦ ᠬᠡᠷᠡᠭ ᠲᠤ ᠬᠤᠯᠪᠤᠭᠳᠠᠭᠰᠠᠨ ᠵᠣᠭᠤᠰ ᠲᠠᠷᠬᠠᠭᠠᠬᠤ ᠠᠵᠢᠯᠯᠠᠭ᠎ᠠ ᠳᠤ ᠤᠷᠤᠯᠴᠠᠭᠤᠯᠤᠭᠰᠠᠨ | ᠪᠠᠶᠢᠨ᠎ᠠ᠃ | ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠪᠠ ᠵᠠᠷᠭᠤ ᠶᠢᠨ ᠡᠷᠬᠡ ᠠᠰᠢᠭ ᠢ | ᠪᠠᠲᠤᠯᠠᠬᠤ ᠶᠢᠨ ᠲᠥᠯᠥᠭᠡ᠂ ᠠᠶᠢᠮᠠᠭ ᠤᠨ ᠬᠤᠶᠠᠷ ᠱᠠᠲᠤᠨ ᠤ ᠰᠢᠭᠦᠬᠦ ᠬᠤᠷᠢᠶ᠎ᠠ ᠨᠢ ︽ᠤᠶᠤᠨᠲᠤ ᠰᠢᠭᠦᠬᠦ | ᠬᠤᠷᠢᠶ᠎ᠠ ︾ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠶᠴᠡᠳ ᠠᠰᠢᠭᠯᠠᠨ᠂ ᠡᠯ᠎ᠡ ᠲᠥᠷᠥᠯ ᠤᠨ | ᠰᠦᠯᠵᠢᠶᠡᠨ ᠳᠡᠭᠡᠷᠡᠬᠢ ᠰᠢᠰᠲ᠋ᠧᠮ ᠢᠶᠠᠷ ᠳᠠᠮᠵᠢᠭᠤᠯᠤᠨ ᠬᠠᠤᠯᠢ ᠴᠠᠭᠠᠵᠠ ᠶᠢᠨ ᠠᠵᠢᠯᠯᠠᠭ᠎ᠠ ᠥᠷᠨᠢᠭᠦᠯᠵᠦ᠂ ᠨᠡᠶᠢᠲᠡ | 3417 ᠤᠳᠠᠭ᠎ᠠ ᠲᠢᠩᠬᠢᠮ ᠤᠨ ᠰᠢᠭᠦᠯᠲᠡ ᠶᠢᠨ ᠠᠵᠢᠯᠯᠠᠭ᠎ᠠ ᠥᠷᠨᠢᠭᠦᠯᠦᠨ᠂ ᠠᠯᠤᠰ ᠡᠵᠡᠮᠰᠢᠯᠲᠦ ᠰᠢᠭᠦᠯᠲᠡ | 329 ᠬᠤᠪᠢ ᠥᠷᠨᠢᠭᠦᠯᠵᠦ᠂ ᠰᠦᠯᠵᠢᠶᠡᠨ ᠳᠡᠭᠡᠷ᠎ᠡ 4659 ᠬᠡᠷᠡᠭ ᠢ ᠳᠡᠩᠰᠡᠯᠡᠵᠦ᠂ ᠰᠦᠯᠵᠢᠶᠡᠨ ᠳᠡᠭᠡᠷ᠎ᠡ | 6728 ᠬᠡᠷᠡᠭ ᠢ ᠡᠶᠡᠳᠡᠭᠦᠯᠥᠨ ᠂ ᠡᠶᠡᠳᠡᠭᠦᠯᠥᠨ ᠠᠮᠵᠢᠯᠳᠠ ᠤᠯᠤᠭᠰᠠᠨ ᠨᠢ 5714 ᠭᠡᠷᠡᠭ ᠪᠠᠶᠢᠵᠤ ᠂ | ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ 85 % ᠳᠤ ᠬᠥᠷᠴᠥ᠂ ᠬᠢᠵᠢᠭ ᠤᠨ ᠪᠠᠶᠢᠳᠠᠯ ᠤᠨ | ᠬᠤᠭᠤᠴᠠᠭᠠᠨ ᠳᠤ ᠬᠠᠤᠯᠢ ᠴᠠᠭᠠᠵᠠ ᠶᠢᠨ ᠦᠢᠯᠡᠴᠢᠯᠡᠭᠡ ︽ᠡᠭᠦᠳᠡ ᠪᠠᠨ ᠬᠠᠭᠠᠬᠤ ᠦᠭᠡᠢ ︾ ᠪᠠᠶᠢᠬᠤ ᠶᠢ ᠪᠦᠬᠦ | ᠬᠦᠴᠦ ᠪᠠᠷ ᠢᠶᠠᠨ ᠪᠠᠳᠤᠯᠠᠭᠰᠠᠨ ᠪᠠᠶᠢᠨ᠎ᠠ᠃ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ | ᠦᠨᠳᠦᠰᠦᠨ ᠱᠠᠲᠤᠨ ᠤ ᠰᠢᠭᠦᠬᠦ ᠬᠤᠷᠢᠶ᠎ᠠ ᠶᠢ ᠢᠳᠡᠪᠬᠢᠲᠡᠢ ᠵᠢᠯᠣᠭᠤᠳᠤᠨ ᠵᠠᠷᠭᠤ ᠶᠢᠨ ᠡᠬᠢ ᠰᠤᠷᠪᠤᠯᠵᠢ ᠶᠢᠨ | ᠵᠠᠰᠠᠯᠲᠠ ᠶᠢ ᠭᠦᠨᠵᠡᠭᠡᠢ ᠥᠷᠨᠢᠭᠦᠯᠵᠦ᠂ ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠨᠢᠭᠡ ᠥᠷᠲᠡᠭᠡ ᠮᠠᠶ᠋ᠢᠭ ︾ ᠤᠨ ᠪᠦᠲᠦᠭᠡᠨ ᠪᠠᠶᠢᠭᠤᠯᠤᠯᠲᠠ ᠶᠢᠨ | ᠳᠡᠰ ᠳᠡᠪᠰᠢᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠣᠯᠠᠨ ᠲᠦᠮᠡᠨ ᠤ ᠣᠯᠠᠨ ᠡᠰᠢᠵᠢᠭᠰᠡᠨ ᠬᠠᠤᠯᠢ | ᠪᠠᠷᠢᠬᠤ ᠬᠡᠷᠡᠭᠴᠡᠭᠡ ᠶᠢ ᠦᠨᠡᠨ ᠬᠦ ᠬᠠᠩᠭᠠᠭᠰᠠᠨ ᠪᠠᠶᠢᠨ᠎ᠠ᠃ | |