ᠡᠷᠢᠶᠡᠨ ᠬᠤᠲᠠ ᠶᠢᠨ ᠬᠤᠯᠪᠣᠭᠠᠯᠠᠨ ᠳᠠᠭᠠᠭᠠᠴᠢᠯᠠᠭᠰᠠᠨ ᠪᠠᠶᠢᠭᠤᠯᠭ᠎ᠠ ᠨᠢᠭᠡᠴᠢ ᠨᠢ ᠰᠠᠭᠤᠭᠠᠯᠢ ᠲᠣᠭᠤᠷᠢᠭ ᠤᠨ ᠬᠢᠵᠢᠭ ᠢ ᠰᠡᠷᠭᠡᠶᠢᠯᠡᠬᠦ ᠪᠦᠷᠬᠦᠪᠴᠢ ᠶᠢ ᠪᠦᠷᠢᠯᠳᠦᠭᠦᠯᠵᠦ ᠠᠮᠤᠷ ᠲᠦᠪᠰᠢᠨ ᠤ ᠱᠣᠭᠤᠮ ᠢ ᠬᠠᠮᠲᠣᠪᠠᠷ ᠪᠠᠶᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2021/11/24
    ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ   ᠤᠨ ᠪᠠᠶᠢᠳᠠᠯ ᠡᠭᠦᠰᠦᠭᠰᠡᠨ ᠠᠴᠠ ᠨᠠᠰᠢ᠂ ᠡᠷᠢᠶᠡᠨ ᠬᠤᠲᠠ ᠶᠢᠨ ᠡᠯ᠎ᠡ ᠬᠤᠯᠪᠣᠭᠠᠯᠠᠨ ᠳᠠᠭᠠᠭᠠᠴᠢᠯᠠᠭᠰᠠᠨ ᠪᠠᠶᠢᠭᠤᠯᠭ᠎ᠠ  ᠨᠢᠭᠡᠴᠢ ᠶᠢᠨ ᠺᠠᠳ᠋ᠷ  ᠠᠵᠢᠯᠳᠠᠳ ᠬᠢᠵᠢᠭ ᠢ  ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠤᠨᠲ  ᠲᠤ ᠬᠦᠷᠴᠦ  ᠂ ᠨᠡᠶᠢᠭᠡᠮ ᠲᠣᠭᠤᠷᠢᠭ ᠪᠤᠯᠤᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ  ᠠᠵᠢᠯᠴᠢᠳ ᠲᠠᠢ  ᠬᠠᠮᠲᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠭᠠᠪᠰᠢᠭᠠᠶᠢᠯᠠᠨ ᠠᠵᠢᠯᠯᠠᠵᠤ᠂ ᠬᠢᠵᠢᠭ ᠢ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠬᠰᠠᠨ‌‍ᠪᠠᠶᠢᠨ᠎ᠠ᠃  ᠡᠷᠢᠶᠡᠨ ᠬᠤᠲᠠ ᠵᠢᠨ‌‍ᠲ᠋ᠤᠭ᠎ᠠ ᠪᠦᠷᠢᠳᠭᠡᠯ ᠤᠨ ᠲᠣᠪᠴᠢᠶ᠎ᠠ  ᠬᠢᠵᠢᠭ ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠣᠭᠤᠳᠬᠤ ᠲᠥᠪ ‍ᠦᠨ‌‍ᠱᠠᠭᠠᠷᠳᠠᠯᠭ᠎ᠠ ᠪᠠᠷ ᠥᠪᠡᠷ ᠤᠨ ᠬᠠᠷᠢᠭᠤᠴᠠᠵᠤ ᠪᠠᠶᠢᠭ᠎ᠠ ᠰᠠᠭᠤᠭᠠᠯᠢ ᠲᠣᠭᠤᠷᠢᠭ ᠲᠠᠭᠠᠨ ᠬᠤᠶᠠᠷ ᠬᠦᠮᠦᠨ 24 ᠴᠠᠭ ᠢᠶᠠᠷ ᠵᠢᠵᠢᠭᠦᠷᠯᠡᠬᠦ ᠳᠦᠷᠢᠮ ᠢ  ᠭᠡᠷᠡᠭᠵᠢᠭᠦᠯᠵᠦ  ᠂ ᠬᠦᠮᠦᠰ ᠤᠨ ᠣᠷᠣᠵᠣ ᠭᠠᠷᠬᠤ ᠶᠢ ᠴᠢᠩᠭ᠎ᠠ ᠬᠠᠮᠢᠶᠠᠷᠬᠤ ᠶᠢᠨ ᠲᠠᠭᠠᠤ ᠬᠢᠵᠢᠭ ᠢ ᠡᠵᠡᠮᠳᠡᠨ ᠰᠡᠷᠭᠡᠶᠢᠯᠡᠬᠦ ᠮᠡᠳᠡᠯᠭᠡ ᠶᠢ ᠣᠬᠠᠭᠤᠯᠵᠤ᠂ ᠰᠠᠭᠤᠭᠠᠯᠢ ᠠᠷᠠᠳ ᠤᠨ  ᠬᠠᠮᠳᠤ  ᠴᠤᠬᠯᠠᠷᠠᠬᠤ ᠦᠭᠡᠢ ᠪᠠᠶᠢᠬᠤ ᠶᠢ ᠢᠳᠬᠠᠨ  ᠰᠠᠨᠠᠭᠤᠯᠵᠤ ᠪᠠᠶᠢᠨ᠎ᠠ᠃ ᠡᠷᠢᠶᠡᠨ ᠬᠤᠲᠠ ᠵᠢᠨ‌‍ᠲ᠋ᠤᠭ᠎ᠠ ᠪᠦᠷᠢᠳᠭᠡᠯ ᠤᠨ ᠲᠣᠪᠴᠢᠶ᠎ᠠ  ᠬᠤᠯᠪᠣᠭᠠᠯᠠᠨ ᠳᠠᠭᠠᠭᠠᠴᠢᠯᠠᠭᠰᠠᠨ ᠰᠠᠭᠤᠭᠠᠯᠢ ᠲᠣᠭᠤᠷᠢᠭ ᠤᠨ ᠡᠭᠦᠳᠡᠨ ᠳᠤ ︽ᠨᠠᠮ ᠤᠨ ᠬᠡᠰᠢᠭᠦᠨ ᠤ ᠬᠤᠰᠢᠭᠤᠴᠢ ᠠᠵᠢᠯ ᠤᠨ ᠪᠠᠶᠢᠷᠢ︾ ᠭᠡᠬᠦ ᠬᠥᠨᠳᠡᠯᠡᠨ ᠪᠢᠴᠢᠭᠡᠰᠦ  ᠡᠯᠭᠦᠵᠦ᠂ ᠬᠢᠵᠢᠭ ᠢ  ᠰᠡᠷᠭᠡᠶᠢᠯᠡᠨ ᠡᠵᠡᠮᠳᠡᠭᠦ ᠠᠵᠢᠯ ᠤᠨ ᠳᠤᠮᠳᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠨᠠᠮ ᠤᠨ ᠬᠡᠰᠢᠭᠦᠳ ᠨᠢ ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠳᠤ ᠢᠳᠡᠪᠬᠢᠲᠠᠢ ᠤᠷᠤᠯᠴᠠᠵᠦ᠂ ᠪᠤᠲᠠᠲᠠᠢ ᠠᠵᠢᠯᠯᠠᠭ᠎ᠠ ᠪᠠᠷ ᠢᠶᠠᠨ ᠨᠠᠮ ᠤᠨ ᠡᠷᠬᠢᠮ ᠵᠣᠷᠢᠯᠲᠠ ᠪᠠᠨ ᠪᠡᠶᠡᠯᠡᠭᠦᠯᠵᠦ ᠪᠠᠶᠢᠨ᠎ᠠ᠃ ︽ ᠳᠣᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ  ᠨᠡᠶᠢᠳᠡᠮ ᠪᠠᠶᠢᠴᠠᠭᠠᠯᠲᠠ︾ ᠪᠤᠯᠤᠨ ᠨᠠᠶᠢᠭᠡᠮ ᠲᠣᠭᠤᠷᠢᠭ ᠤᠨ ᠰᠤᠷᠠᠭ ᠵᠠᠩᠭᠢ ᠶᠢᠨ ᠪᠦᠷᠢᠳᠭᠡᠯ ᠤᠨ ᠰᠠᠭᠤᠷᠢᠨ ᠲᠡᠭᠡᠷ᠎ᠡ ᠬᠤᠯᠪᠣᠭᠠᠯᠠᠨ ᠳᠠᠭᠠᠭᠠᠴᠢᠯᠠᠭᠰᠠᠨ ᠰᠠᠭᠤᠭᠠᠯᠢ ᠲᠣᠭᠤᠷᠢᠭ ᠤᠨ ᠬᠦᠮᠦᠰ ᠤᠨ ᠰᠤᠷᠠᠭ ᠵᠠᠩᠭᠢ ᠶᠢ ᠨᠠᠷᠢᠨ ᠣᠨᠤᠪᠴᠢᠲᠠᠢ ᠡᠵᠡᠮᠳᠡᠨ᠂ ᠪᠥᠭᠡᠮ ᠬᠦᠴᠢᠯ ᠤᠨ ᠪᠠᠶᠢᠴᠠᠭᠠᠯᠲᠠ ᠶᠢ ᠨᠢᠭᠡ ᠡᠷᠦᠬᠡ ᠨᠢᠭᠡ ᠬᠦᠮᠦᠨ ᠣᠷᠬᠢᠭᠳᠠᠭᠤᠯᠤᠯ ᠦᠭᠡᠢ ᠬᠢᠬᠦ ᠶᠢ ᠪᠠᠲᠤᠯᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠲᠠᠢ  ᠬᠠᠮᠵᠢᠯᠴᠠᠨ ᠰᠢᠢᠳᠪᠦᠷᠢᠯᠡᠵᠦ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号