ᠡᠨᠡ ᠲᠥᠷᠥᠯ ᠤᠨ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠤᠷᠢᠬᠯᠠᠨ᠎ᠠ
ᠨᠡᠶᠢᠲᠡᠯᠡᠭᠰᠡᠨ ᠴᠠᠭ᠄
2021/11/26
    ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠣᠶᠢᠷ᠎ᠠ ᠳᠤ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ ᠳᠠᠷᠤᠮᠠᠯᠯᠠᠨ ᠲᠠᠷᠬᠠᠭᠠᠵᠤ᠂ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ ᠭᠡᠵᠦ ᠡᠯ᠎ᠡ ᠭᠠᠵᠠᠷ ᠤᠨ ᠬᠢᠨ ᠳᠤ ᠱᠠᠭᠠᠷᠳᠠᠪᠠ᠃     ᠬᠤᠲᠠ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ 300 ᠲᠦᠮᠡ ᠬᠦᠷᠬᠦ ᠦᠬᠡᠢ ᠬᠤᠲᠠ ᠳᠤ 150 ᠮᠧᠲᠷ ᠠᠴᠠ ᠳᠡᠭᠡᠭᠰᠢᠬᠢ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠬᠤᠲᠠ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ 300 ᠲᠦᠮᠡ ᠠᠴᠠ ᠳᠡᠭᠡᠭᠰᠢᠬᠢ ᠬᠤᠲᠠ ᠳᠤ 250 ᠮᠧᠲᠷ ᠠᠴᠠ ᠳᠡᠭᠡᠭᠰᠢᠬᠢ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ ᠳᠤ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠶᠣᠰᠣᠭᠠᠷ᠂ ᠴᠢᠬᠤᠯᠠ ᠶᠡᠭᠡ ᠣᠯᠠᠨ ᠨᠡᠶᠢᠲᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠣᠶᠢᠯ ᠪᠣᠯᠭᠠᠵᠤ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠬᠦ ᠬᠡᠷᠡᠭᠲᠡᠶ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号