ᠭᠤᠤᠯᠳᠠᠯᠭ᠎ᠠ ᠲᠠᠢ ᠠᠵᠢᠯ ᠳᠤ ᠰᠢᠪᠲᠤᠯᠤᠯᠲᠠ ᠬᠢᠵᠦ ᠰᠢᠨ᠎ᠡ ᠶᠢ ᠡᠭᠦᠳᠬᠦ ᠠᠵᠢᠯ ᠦᠷ᠎ᠡ ᠪᠦᠲᠦᠭᠡᠯ ᠭᠠᠷᠭᠠᠪᠠ
ᠨᠡᠶᠢᠲᠡᠯᠡᠭᠰᠡᠨ ᠴᠠᠭ᠄
2021/11/29
    ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ  ︽ᠬᠤᠤᠰ ᠵᠠᠭᠤᠨ  ︾ ᠤ ᠪᠣᠭᠤᠮᠲᠠ ᠰᠢᠪᠲᠤᠯᠬᠤ ᠠᠵᠢᠯᠯᠠᠭ᠎ᠠ ᠳᠤᠮᠳᠠ᠂  ︽  ᠠᠷᠠᠳ   ᠲᠤ ᠦᠶᠯᠡᠴᠢᠯᠡᠬᠦ᠂  ᠠᠷᠠᠳ   ᠢ ᠬᠠᠶᠢᠷᠠᠯᠠᠬᠤ  ︾ ᠠᠵᠢᠯ ᠤᠨ ᠣᠨᠣᠯᠵᠢᠬᠤᠨ ᠢ ᠭᠦᠨᠵᠡᠭᠡᠶ ᠦᠶᠯᠡᠳᠦᠯᠭᠡᠵᠢᠭᠦᠯᠵᠦ᠂ ᠴᠠᠭ ᠲᠤᠬᠠᠶ ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠱᠠᠲᠤ   ᠬᠤᠪᠢᠶᠠᠬᠤ ᠥᠬᠡᠶ᠂ ᠪᠠᠶᠢᠷᠢᠯᠠᠭᠤᠯᠬᠤ   ᠶᠢᠨ ᠲᠠᠭᠠᠤ   ᠵᠢᠭᠰᠠᠭᠠᠨ  ᠪᠠᠶᠢᠴᠠᠭᠠᠬᠤ᠂  ᠴᠡᠭᠴᠡᠯᠡᠨ  ᠵᠠᠰᠠᠬᠤ᠂   ᠨᠠᠮᠳᠠᠭᠤᠯᠬᠤ  ᠠᠯᠬᠤᠮ ᠳᠠᠷᠠᠭ᠎ᠠ ᠪᠠᠷ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠥᠬᠦ ᠠᠶᠢᠮᠠᠭ ᠤᠨ ᠠᠷᠠᠳ ᠤᠨ ᠶᠠᠪᠤᠳᠠᠯ ᠤᠨ ᠰᠢᠰᠲ᠋ᠧᠮ ᠳᠤ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ  ᠠᠬᠢᠭᠤᠯᠤᠭᠰᠠᠨ ᠪᠠᠶᠢᠨ᠎ᠠ᠃     ᠣᠶᠢᠷ᠎ᠠ ᠳᠤ᠂ ᠰᠢᠯᠢ ᠶᠢᠨ ᠬᠤᠲᠠ ᠶᠢᠨ ᠪᠠᠶᠠᠨᠴᠠᠭᠠᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ  ᠨᠠᠰᠤᠳᠠᠶᠢᠴᠤᠳ ᠤᠨ ᠠᠰᠠᠷᠠᠮᠵᠢ ᠶᠢᠨ ᠦᠶᠯᠡᠴᠢᠯᠡᠭᠡᠨ ᠤ ᠲᠥᠪ ᠵᠢᠩᠬᠢᠨᠢ ᠪᠠᠷ ᠠᠰᠢᠭᠯᠠᠯᠲᠠ ᠳᠤ  ᠤᠷᠤᠵᠤ᠂   1400  ᠬᠠᠪᠳᠠᠭᠠᠢ ᠳᠥᠷᠪᠡᠯᠵᠢᠨ ᠮᠧᠲᠷ ᠰᠢᠬᠠᠮ ᠤᠨ ᠦᠶᠯᠡᠴᠢᠯᠡᠭᠡᠨ ᠤ ᠲᠥᠪ ᠲᠤ᠂   ᠬᠤᠭᠤᠯᠠᠨ ᠲᠢᠩᠬᠢᠮ᠂ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠠᠰᠤᠭ᠂ ᠨᠡᠶᠢᠭᠡᠮ ᠲᠣᠭᠤᠷᠢᠭ ᠤᠨ ᠡᠮᠴᠢᠯᠡᠭᠡᠨ ᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠥᠷᠲᠡᠭᠡ ᠵᠡᠷᠭᠡ   ᠶᠢ ᠪᠥᠷᠢᠳᠥᠭᠦᠯᠥᠭᠰᠡᠨ ᠪᠠᠶᠢᠯ᠎ᠠ᠂ ᠠᠳᠡ ᠪᠠᠰᠠ ᠨᠠᠰᠤᠲᠠᠶᠢᠴᠤᠳ  ᠲᠤ ᠦᠶᠯᠡᠴᠢᠯᠡᠬᠦ ᠣᠶᠤᠨᠴᠢ ᠲᠠᠪᠴᠠᠩ ᠢ ᠪᠠᠶᠢᠭᠤᠯᠵᠤ᠂ ᠬᠠᠷᠢᠶ᠎ᠠ ᠣᠷᠣᠨ   ᠳᠣᠲᠣᠷᠠᠬᠢ ᠨᠠᠰᠤᠲᠠᠶᠢᠴᠤᠳ ᠤᠨ ᠠᠮᠢᠳᠤᠷᠠᠯ ᠤᠨ ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠢᠴᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ ᠢ ᠡᠮᠬᠢᠯᠡᠨ ᠨᠡᠶᠢᠯᠡᠭᠦᠯᠵᠦ᠂ ᠲᠤᠬᠠᠶ ᠶᠢᠨ ᠲᠠᠯᠠᠪᠠᠶ ᠶᠢᠨ ᠦᠶᠯᠡᠴᠢᠯᠡᠭᠡ ᠬᠢᠭᠡᠳ ᠬᠡᠷ ᠲᠤᠨᠢ ᠬᠦᠷᠴᠦ ᠦᠶᠯᠡᠴᠢᠯᠡᠬᠦ ᠶᠢ ᠵᠣᠯᠭᠠᠯᠳᠤᠭᠤᠯᠬᠤ᠂ ᠰᠦᠯᠵᠢᠶᠡᠨ ᠳᠡᠭᠡᠷᠡᠬᠢ ᠦᠶᠯᠡᠴᠢᠯᠡᠭᠡ  ᠪᠤᠯᠤᠨ ᠰᠦᠯᠵᠢᠶᠡᠨ ᠭᠠᠳᠠᠨᠠᠬᠢ ᠦᠶᠯᠡᠴᠢᠯᠡᠭᠡ ᠶᠢ ᠠᠭᠤᠰᠤᠯᠴᠠᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠡᠷ   ᠪᠥᠯᠢ ᠶᠢᠨ ᠨᠡᠶᠢᠭᠡᠮ ᠲᠣᠭᠤᠷᠢᠭ ᠤᠨ  ᠨᠠᠰᠤᠳᠠᠶᠢᠴᠤᠳ ᠤᠨ ᠠᠰᠠᠷᠠᠮᠵᠢ ᠶᠢᠨ ᠦᠶᠯᠡᠴᠢᠯᠡᠭᠡᠨ ᠤ ᠲᠥᠬᠦᠭᠡᠷᠦᠮᠵᠢ ᠶᠢ ᠪᠥᠲᠥᠭᠡᠨ  ᠪᠠᠶᠢᠭᠤᠯᠬᠤ᠂   ᠨᠠᠰᠤᠳᠠᠶᠢᠴᠤᠳ ᠤᠨ ᠠᠰᠠᠷᠠᠮᠵᠢ ᠶᠢᠨ  ᠦᠶᠯᠡᠴᠢᠯᠡᠭᠡᠨ ᠤ ᠮᠡᠳᠡᠭᠡ ᠵᠠᠩᠭᠢ ᠶᠢᠨ ᠪᠠᠶᠢᠭᠤᠯᠤᠯᠲᠠ ᠶᠢ ᠪᠡᠶᠡᠯᠡᠭᠦᠯᠬᠦ ᠵᠡᠷᠭᠡ ᠭᠤᠤᠯᠳᠠᠯᠭ᠎ᠠ ᠲᠠᠢ ᠠᠵᠢᠯ   ᠡᠭᠦᠷᠭᠡ ᠶᠢ    ︽ᠵᠠᠭᠤᠨ ᠡᠳᠦᠷ  ᠤᠨ ᠪᠣᠭᠤᠮᠲᠠ ᠰᠢᠪᠲᠤᠯᠬᠤ  ︾ ᠭᠤᠤᠯᠳᠠᠯᠭ᠎ᠠ ᠲᠠᠢ ᠠᠵᠢᠯ   ᠡᠭᠦᠷᠭᠡ ᠶᠢᠨ ᠨᠠᠷᠢᠨ ᠬᠠᠭᠤᠳᠠᠰᠤ ᠳᠤ  ᠤᠷᠤᠭᠤᠯᠵᠤ  ᠂  ᠠᠰᠢᠭᠯᠠᠵᠤ ᠪᠤᠯᠬᠤᠶᠢᠴᠠ ᠡᠭᠢ ᠪᠠᠶᠠᠯᠢᠭ ᠲᠤ ᠲᠥᠰᠢᠭᠯᠡᠨ  ᠂     ᠭᠡᠷ ᠪᠥᠯᠢ ᠶᠢᠨ ᠨᠡᠶᠢᠭᠡᠮ ᠲᠤᠭᠤᠷᠢᠭ   ᠤᠨ ᠨᠠᠰᠤᠵᠢᠯ ᠤᠨ  ᠠᠰᠠᠷᠠᠮᠵᠢ ᠶᠢᠨ ᠤᠶᠢᠯᠡᠴᠢᠯᠡᠭᠡᠨ ᠤ ᠪᠥᠳᠥᠭᠡᠨ ᠪᠠᠶᠢᠭᠤᠯᠤᠯᠳᠠ ᠬᠢᠵᠤ᠂  ᠪᠥᠳᠥᠭᠡᠨ ᠪᠠᠶᠢᠭᠤᠯᠤᠭᠰᠠᠨ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 2 . 4 ᠲᠦᠮᠡᠨ ᠲᠡᠭᠰᠢ ᠳᠥᠷᠪᠡᠯᠵᠢᠨ ᠮᠧᠲᠷ   ᠬᠥᠷᠥᠭᠰᠡᠨ ᠪᠠᠶᠢᠨ᠎ᠠ᠃   100 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ ᠪᠥᠬᠦ ᠠᠶᠢᠮᠠᠭ ᠤᠨ  ᠤᠶᠤᠨᠴᠢ ᠨᠠᠰᠤᠳᠠᠶᠢᠴᠤᠳ ᠤᠨ ᠠᠰᠠᠷᠠᠮᠵᠢ ᠶᠢᠨ ᠲᠤᠭ᠎ᠠ ᠪᠠᠷᠢᠮᠲᠠ ᠶᠢᠨ ᠲᠠᠪᠴᠠᠩ ᠤᠨ ᠦᠶᠯᠡᠴᠢᠯᠡᠭᠡᠨ ᠤ ᠲᠥᠪ ᠢ  ᠪᠠᠶᠢᠭᠤᠯᠤᠨ᠂  ︽ ᠪᠥᠬᠦ ᠣᠷᠣᠨ ᠤ ᠬᠡᠷ  ᠪᠥᠯᠢ ᠶᠢᠨ  ᠨᠡᠶᠢᠭᠡᠮ ᠲᠣᠭᠤᠷᠢᠭ ᠤᠨ ᠨᠠᠰᠤᠳᠠᠶᠢᠴᠤᠳ ᠤᠨ  ᠠᠰᠠᠷᠠᠮᠵᠢ ᠶᠢᠨ ᠰᠢᠰᠲ᠋ᠧᠮ  ︾     ᠢ ᠵᠣᠯᠭᠠᠯᠳᠤᠭᠤᠯᠤᠨ ᠡᠵᠡᠩᠨᠡᠬᠦ ᠠᠵᠢᠯ ᠳᠤ ᠭᠦᠶᠴᠡᠳ ᠪᠡᠯᠡᠳᠬᠡᠯ ᠬᠢᠵᠠᠢ᠃     ︽ᠬᠤᠤᠰ ᠵᠠᠭᠤᠨ︾ ᠤ ᠪᠣᠭᠤᠮᠲᠠ ᠰᠢᠪᠲᠤᠯᠬᠤ ᠠᠵᠢᠯ ᠢ ᠨᠠᠷᠢᠯᠢᠭ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠠᠶᠢᠮᠠᠭ ᠤᠨ ᠠᠷᠠᠳ ᠤᠨ ᠶᠠᠪᠤᠳᠠᠯ  ᠤᠨ ᠲᠣᠪᠴᠢᠶ᠎ᠠ  ︽ᠬᠤᠤᠰ ᠵᠠᠭᠤᠨ  ︾   ᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠠᠵᠢᠯ ᠤᠨ ᠲᠤᠰᠬᠠᠶ ᠠᠩᠭᠢ  ᠶᠢ ᠪᠠᠶᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠥᠨᠳᠥᠷᠵᠢᠭᠦᠯᠵᠦ᠂ ᠱᠠᠲᠤ ᠱᠠᠲᠤ ᠪᠠᠷ  ᠪᠤᠳᠠᠳᠠᠶᠢᠵᠢᠭᠤᠯᠤᠨ᠂ ᠬᠦᠴᠦᠨ ᠢᠶᠠᠨ  ᠲᠥᠪᠯᠡᠷᠡᠭᠦᠯᠵᠤ ᠭᠤᠤᠯᠳᠠᠯᠭ᠎ᠠ ᠲᠠᠢ ᠠᠵᠢᠯ ᠢ  ᠠᠬᠢᠭᠤᠯᠤᠭᠰᠠᠨ ᠪᠠᠶᠢᠨ᠎ᠠ᠃     ᠣᠳᠣᠬᠠᠨ ᠳᠤ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ 9 ᠲᠠᠯ᠎ᠠ ᠶᠢᠨ ᠠᠷᠠᠳ ᠤᠨ ᠶᠠᠪᠤᠳᠠᠯ  ᠤᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠨᠡᠶᠢᠭᠡᠮ  ᠤᠨ ᠠᠮᠤᠷ ᠲᠦᠪᠰᠢᠨ ᠲᠣᠭᠲᠠᠭᠤᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ  ︽ᠵᠠᠭᠤᠨ ᠡᠳᠦᠷ ᠤᠨ ᠪᠣᠭᠤᠮᠲᠠ ᠰᠢᠪᠲᠤᠯᠬᠤ  ︾ ᠠᠵᠢᠯᠯᠠᠭ᠎ᠠ ᠶᠢᠨ ᠡᠬᠡ ᠲᠠᠩᠰᠠ ᠶᠢ ᠲᠣᠭᠲᠠᠭᠠᠵᠤ᠂ ᠠᠵᠢᠯ ᠢᠶᠠᠨ ᠦᠷᠭᠦᠯᠵᠢᠯᠡᠨ ᠠᠬᠢᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠠᠮᠤᠷ ᠲᠦᠪᠰᠢᠨ ᠤ ᠠᠳᠡᠯ ᠭᠠᠷᠬᠤ ᠥᠬᠡᠶ ᠪᠠᠶᠢᠬᠤ ᠶᠢ  ᠥᠨᠡᠨᠬᠦ ᠪᠠᠳᠤᠯᠠᠭᠰᠠᠨ ᠪᠠᠶᠢᠨ᠎ᠠ᠃ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ 《 ᠵᠠᠭᠤᠨ ᠡᠳᠦᠷ  ᠤᠨ ᠪᠣᠭᠤᠮᠲᠠ ᠰᠢᠪᠲᠤᠯᠬᠤ 》 ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠲᠠᠩᠰᠠ ᠳᠤ 4 ᠲᠠᠯ᠎ᠠ ᠶᠢᠨ ᠭᠤᠤᠯᠳᠠᠯᠭ᠎ᠠ ᠲᠠᠢ ᠠᠭᠤᠯᠭ᠎ᠠ ᠶᠢ ᠲᠣᠭᠲᠠᠭᠠᠵᠤ᠂ 23 ᠵᠦᠶᠯ ᠤᠨ ᠲᠤᠰᠬᠠᠶ ᠠᠵᠢᠯ ᠤᠨ ᠡᠭᠦᠷᠭᠡ ᠶᠢ ᠨᠠᠷᠢᠯᠢᠬᠵᠢᠭᠤᠯᠤᠨ ᠵᠢᠭᠰᠠᠭᠠᠵᠤ᠂ ᠣᠳᠣᠬᠠᠨ ᠳᠤ ᠨᠢᠭᠡᠨᠲᠡ 6 ᠵᠦᠶᠯ ᠢ ᠪᠡᠶᠡᠯᠡᠭᠦᠯᠵᠦ᠂ ᠪᠤᠰᠤᠳ 17 ᠵᠦᠶᠯ ᠢ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠬᠦ   ᠶᠢ ᠪᠠᠳᠤᠯᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号