ᠠᠶᠢᠮᠠᠭ ᠤᠨ ᠵᠠᠮ ᠬᠠᠷᠢᠯᠴᠠᠭ᠎ᠠ  ᠵᠥᠭᠡᠭᠡᠪᠥᠷᠢ  ᠶᠢᠨ  ᠲᠤᠪᠴᠢᠶᠠᠨ ᠤ  ︽ᠬᠤᠤᠰ ᠵᠠᠭᠤᠨ ︾  ᠤ ᠪᠣᠭᠤᠮᠲᠠ ᠰᠢᠪᠲᠤᠯᠬᠤ ᠠᠵᠢᠯᠯᠠᠭᠠᠨ ᠤ  ᠡᠯ᠎ᠡ ᠲᠥᠷᠥᠯ  ᠤᠨ ᠠᠵᠢᠯ ᠡᠮᠬᠢ ᠵᠢᠷᠤᠮ ᠲᠠᠢ  ᠶᠠᠪᠤᠭᠳᠠᠵᠤ  ᠪᠠᠶᠢᠨ᠎ᠠ
ᠨᠡᠶᠢᠲᠡᠯᠡᠭᠰᠡᠨ ᠴᠠᠭ᠄
2021/11/29
    ︽ ᠬᠤᠤᠰ ᠵᠠᠭᠤᠨ  ︾ ᠤ ᠪᠣᠭᠤᠮᠲᠠ ᠰᠢᠪᠲᠤᠯᠬᠤ ᠠᠵᠢᠯᠯᠠᠭ᠎ᠠ ᠡᠬᠢᠯᠡᠭᠰᠡᠨ ᠠᠴᠠ  ᠨᠠᠰᠢ᠂  ᠠᠶᠢᠮᠠᠭ ᠤᠨ ᠵᠠᠮ ᠬᠠᠷᠢᠯᠴᠠᠭ᠎ᠠ  ᠵᠥᠭᠡᠭᠡᠪᠥᠷᠢ ᠶᠢᠨ ᠲᠣᠪᠴᠢᠶ᠎ᠠ  ︽ᠬᠤᠤᠰ ᠵᠠᠭᠤᠨ  ︾ ᠤ ᠪᠣᠭᠤᠮᠲᠠ ᠰᠢᠪᠲᠤᠯᠬᠤ  ᠠᠵᠢᠯᠯᠠᠭᠠᠨ  ᠤ ᠵᠣᠷᠢᠭ ᠰᠠᠨᠠᠭᠠᠨ ᠤ ᠮᠥᠨ ᠴᠢᠨᠠᠷ ᠪᠠ ᠪᠣᠳᠠᠲᠠᠶ ᠴᠢᠭᠯᠡᠯ ᠢ ᠣᠨᠣᠪᠴᠢᠲᠠᠶ ᠡᠵᠡᠮᠳᠡᠵᠦ᠂  ︽ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠡᠷ᠎ᠡ  ᠪᠤᠯᠢᠶᠠᠯᠳᠤᠨ ᠤᠷᠤᠨ ᠲᠡᠪᠰᠢᠭᠦ᠂  ᠠᠮᠤᠷ ᠲᠥᠪᠰᠢᠨ ᠲᠤᠭᠳᠠᠭᠤᠨ ᠢ ᠪᠠᠳᠤᠯᠠᠬᠤ︾  ᠵᠡᠷᠭᠡ‌‍ᠲ᠋ᠥ᠋ᠷᠪᠡᠨ ᠲᠠᠯ᠎ᠠ  ᠶᠢᠨ ᠠᠵᠢᠯ ᠢ ᠡᠮᠬᠢᠯᠡᠨ ᠭᠠᠷᠭᠠᠵᠤ᠂ ᠬᠦᠴᠦᠨ ᠢᠶᠠᠨ ᠵᠣᠬᠢᠶᠠᠨ ᠪᠠᠶᠢᠭᠤᠯᠤᠨ ᠡᠮᠬᠢ ᠵᠢᠷᠤᠮ ᠲᠠᠢ  ᠠᠬᠢᠭᠤᠯᠵᠤ ᠪᠠᠶᠢᠨ᠎ᠠ᠃     12328 ᠵᠠᠮ ᠬᠠᠷᠢᠯᠴᠠᠭ᠎ᠠ  ᠵᠥᠭᠡᠭᠡᠪᠥᠷᠢ ᠶᠢᠨ ᠦᠢᠯᠡᠴᠢᠯᠡᠭᠡᠨ ᠤ ᠬᠢᠨᠠᠯᠲᠠ ᠲᠠᠯᠪᠢᠬᠤ ᠤᠲᠠᠰᠤ   ᠨᠢ ᠬᠤᠳᠠ ᠶᠢᠨ ᠠᠷᠠᠳ ᠤᠨ   ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠶᠢᠮᠠᠭ ᠤᠨ ᠵᠠᠮ ᠬᠠᠷᠢᠯᠴᠠᠭ᠎ᠠ  ᠵᠥᠭᠡᠭᠡᠪᠥᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠬᠢ ᠰᠦᠪᠡᠭᠴᠢ ᠶᠣᠰᠣᠭᠠᠷ᠂ ᠲᠡᠷᠡ ᠳᠠᠷᠤᠢ ᠳᠤᠨᠢ ᠲᠣᠭᠤᠷᠢᠨ  ᠪᠠᠶᠢᠴᠠᠭᠠᠭᠰᠠᠨ ᠪᠠᠶᠢᠨ᠎ᠠ᠃ ᠤᠯᠤᠰ ᠤᠨ ᠵᠠᠮ ᠤᠨ 207 ᠱᠤᠭᠤᠮ  ᠤᠨ k 615 ᠭᠠᠵᠠᠷ ᠲᠤ᠂ ᠬᠠᠤᠯᠢ ᠬᠡᠷᠡᠭᠵᠢᠭᠦᠯᠬᠦ ᠠᠵᠢᠯᠲᠠᠨ  ᠬᠠᠤᠯᠢ ᠪᠤᠰᠤ ᠪᠠᠷ  ᠵᠥᠭᠡᠭᠡᠪᠥᠷᠢᠯᠡᠭᠰᠡᠨ   ᠰᠡᠵᠢᠭᠯᠡᠯᠲᠡᠶ ᠲᠡᠷᠭᠡ ᠬᠥᠰᠬᠡ ᠶᠢ    ᠪᠠᠶᠢᠴᠠᠭᠠᠨ  ᠂   ᠲᠡᠷᠭᠡᠨ  ᠲᠤᠳᠤᠷᠠᠬᠢ  3 ᠠᠶᠠᠨᠴᠢᠨ   ᠠᠴᠠ ᠯᠠᠪᠯᠠᠨ ᠠᠰᠠᠭᠤᠬᠤ ᠪᠠᠷ ᠳᠡᠮᠵᠢᠨ᠂ ᠠᠶᠠᠨᠴᠢᠳ ᠪᠣᠯᠤᠨ ᠵᠢᠯᠣᠭᠤᠴᠢ ᠬᠠᠷᠢᠯᠴᠠᠨ ᠲᠠᠨᠢᠬᠤ ᠥᠬᠡᠶ   ᠪᠠᠶᠢᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠨᠠᠷᠢᠨ ᠲᠣᠳᠣᠷᠬᠠᠶ ᠲᠡᠮᠳᠡᠭᠯᠡᠯ ᠬᠢᠵᠦ  ᠲᠤᠰ ᠲᠡᠷᠭᠡ   ᠶᠢ   ᠲᠦᠷ ᠦᠯᠡᠳᠡᠭᠡᠨ  ᠠᠪᠴᠤ  ᠲᠠᠷᠠᠭᠠᠴᠢ ᠶᠢᠨ ᠠᠯᠬᠤᠮ ᠤᠨ  ᠲᠤᠷᠭᠠᠨ ᠰᠢᠳᠭᠡᠭᠦ   ᠶᠢ   ᠬᠥᠯᠢᠶᠡᠭᠦ   ᠪᠠᠷ ᠪᠤᠯᠤᠭᠰᠠᠨ ᠪᠠᠶᠢᠨ᠎ᠠ  ᠃     ᠣᠶᠢᠯᠠᠭᠠᠭᠰᠠᠨ ᠢᠶᠠᠷ᠂ ᠵᠠᠮ ᠬᠠᠷᠢᠯᠴᠠᠭ᠎ᠠ  ᠵᠥᠭᠡᠭᠡᠪᠥᠷᠢ ᠶᠢᠨ ᠰᠠᠯᠠᠭ᠎ᠠ ᠮᠥᠴᠢᠷ ᠲᠤ ᠬᠤᠯᠪᠣᠭᠳᠠᠯ ᠪᠥᠬᠦᠶ ᠭᠠᠷ ᠭᠦᠶᠴᠡᠳᠬᠡᠯ ᠬᠢᠭᠰᠡᠨ ᠥᠬᠡᠶ᠂  ᠵᠥᠭᠡᠭᠡᠪᠥᠷᠢ ᠶᠢᠨ ᠡᠵᠡᠩᠨᠡᠯᠲᠡ ᠶᠢᠨ ᠫᠠᠶᠢᠰᠠ ᠦᠨᠡᠮᠯᠡᠯ   ᠥᠬᠡᠶ ᠪᠠᠷ ᠦᠨ᠎ᠡ ᠲᠥᠯᠥᠪᠦᠷᠢ ᠲᠠᠢ ᠦᠶᠯᠡᠴᠢᠯᠡᠭᠡ ᠬᠠᠩᠭᠠᠵᠤ ᠬᠠᠤᠯᠢ ᠪᠤᠰᠤ ᠪᠠᠷ  ᠵᠥᠭᠡᠭᠡᠪᠥᠷᠢᠯᠡᠨ‌ᠡᠵᠡᠩᠨᠡᠵᠦ ᠪᠠᠶᠢᠭ᠎ᠠ ᠲᠡᠷᠭᠡ ᠪᠣᠯ ᠳᠠᠷᠤᠶ ᠪᠢᠳᠡᠨ ᠤ ᠦᠷᠭᠦᠯᠵᠢ  ᠶᠠᠷᠢᠳᠠᠭ  ︽ ᠬᠠᠷ᠎ᠠ ᠲᠡᠷᠭᠡ  ︾ ᠪᠠᠶᠢᠵᠤ᠂ ᠵᠠᠮ ᠬᠠᠷᠢᠯᠴᠠᠭᠠᠨ ᠤ ᠡᠮᠬᠢ ᠵᠢᠷᠤᠮ ᠪᠠ ᠠᠮᠤᠷ ᠲᠦᠪᠰᠢᠨ ᠢ ᠬᠦᠨᠳᠦ ᠨᠣᠴᠢᠲᠠᠶ ᠨᠥᠯᠥᠭᠡᠯᠡᠵᠦ  ᠪᠠᠶᠢᠳᠠᠭ᠃  ︽ᠬᠤᠤᠰ ᠵᠠᠭᠤᠨ  ︾   ᠤ ᠪᠣᠭᠤᠮᠲᠠ ᠰᠢᠪᠲᠤᠯᠬᠤ ᠠᠵᠢᠯᠯᠠᠭ᠎ᠠ   ᠶᠢ ᠥᠷᠨᠢᠭᠦᠯᠥᠭᠰᠡᠨ ᠠᠴᠠ   ᠨᠠᠰᠢ᠂ ᠠᠶᠢᠮᠠᠭ ᠤᠨ ᠵᠠᠮ ᠬᠠᠷᠢᠯᠴᠠᠭ᠎ᠠ  ᠵᠥᠭᠡᠭᠡᠪᠥᠷᠢ ᠶᠢᠨ ᠲᠣᠪᠴᠢᠶ᠎ᠠ ᠡᠭᠦᠨ ᠢ   ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ   ︽ᠵᠠᠭᠤᠨ ᠡᠳᠦᠷ ᠤᠨ ᠪᠣᠭᠤᠮᠲᠠ ᠰᠢᠪᠲᠤᠯᠬᠤ  ︾ ᠠᠵᠢᠯᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠳᠤ ᠣᠷᠣᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠭᠰᠠᠨ ᠪᠠᠶᠢᠨ᠎ᠠ᠃     ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠠᠶᠢᠮᠠᠭ ᠤᠨ ᠵᠠᠮ ᠬᠠᠷᠢᠯᠴᠠᠭ᠎ᠠ  ᠵᠥᠭᠡᠭᠡᠪᠥᠷᠢ ᠶᠢᠨ ᠲᠣᠪᠴᠢᠶ᠎ᠠ ᠪᠣᠯᠤᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤᠷᠠᠨ᠂ ᠪᠥᠬᠦ ᠠᠶᠢᠮᠠᠭ ᠤᠨ ᠬᠡᠪᠴᠢᠶᠡᠨ ᠳᠤ ᠬᠠᠤᠯᠢ ᠪᠤᠰᠤ ᠪᠠᠷ   ᠵᠥᠭᠡᠭᠡᠪᠥᠷᠢᠯᠡᠭᠦ ᠠᠶᠠᠨᠴᠢᠳ ᠤᠨ ᠵᠥᠭᠡᠭᠡᠪᠥᠷᠢ ᠶᠢᠨ ᠲᠦᠷᠢᠶᠡᠰᠦᠨ ᠮᠠᠰᠢᠨ ᠲᠡᠷᠭᠡ   ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ  ᠥᠷᠨᠢᠭᠦᠯᠵᠤ᠂ ᠣᠲᠣ ᠪᠣᠯᠲᠠᠯ᠎ᠠ᠂ ᠰᠢᠯᠢ ᠶᠢᠨ ᠬᠤᠲᠠ ᠳᠤ ᠳᠥᠷᠪᠡᠨ  ︽ᠬᠠᠷ᠎ᠠ ᠲᠡᠷᠭᠡ  ︾ ᠶᠢᠨ ᠴᠤᠭᠯᠠᠷᠠᠯ ᠤᠨ ᠭᠠᠵᠠᠷ ᠢ  ᠢᠯᠡᠷᠡᠭᠦᠯᠵᠤ᠂ 30  ︽ᠬᠠᠷ᠎ᠠ ᠲᠡᠷᠭᠡ  ︾ ᠶᠢ ᠪᠠᠶᠢᠴᠠᠭᠠᠨ  ᠬᠤᠷᠢᠶᠠᠮᠵᠢᠯᠠᠭᠰᠠᠨ ᠪᠠᠶᠢᠨ᠎ᠠ᠃     ᠣᠶᠢᠯᠠᠭᠠᠭᠰᠠᠨ ᠢᠶᠠᠷ᠂  ︽ᠬᠤᠤᠰ ᠵᠠᠭᠤᠨ  ︾ ᠤ ᠪᠣᠭᠤᠮᠲᠠ ᠰᠢᠪᠲᠤᠯᠬᠤ ᠠᠵᠢᠯᠯᠠᠭ᠎ᠠ ᠳᠤᠮᠳᠠ᠂ ᠠᠶᠢᠮᠠᠭ  ᠤᠨ ᠵᠠᠮ ᠬᠠᠷᠢᠯᠴᠠᠭ᠎ᠠ ᠵᠥᠭᠡᠭᠡᠪᠥᠷᠢ ᠶᠢᠨ ᠲᠣᠪᠴᠢᠶ᠎ᠠ ᠢᠳᠡᠪᠬᠢᠲᠡᠶ ᠰᠤᠳᠤᠯᠤᠨ ᠲᠥᠯᠥᠪᠯᠡᠵᠦ᠂ ᠴᠠᠭ ᠲᠤᠬᠠᠶ ᠳᠤᠨᠢ ᠪᠠᠶᠢᠷᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠲᠠᠯ᠎ᠠ ᠪᠠᠷ 5 ᠶᠡᠭᠡ ᠲᠥᠷᠥᠯ 25 ᠪᠠᠭ᠎ᠠ ᠡᠭᠦᠷᠭᠡ  ᠶᠢ ᠡᠮᠬᠢᠯᠡᠨ ᠭᠠᠷᠭᠠᠵᠤ᠂ ᠨᠡᠶᠢᠭᠡᠮ ᠤᠨ ᠲᠣᠭᠲᠠᠭᠤᠨ ᠤ ᠲᠠᠯ᠎ᠠ ᠪᠠᠷ 4 ᠶᠡᠭᠡ ᠲᠥᠷᠥᠯ 17 ᠪᠠᠭ᠎ᠠ ᠡᠭᠦᠷᠭᠡ ᠶᠢ ᠡᠮᠬᠢᠯᠡᠨ ᠭᠠᠷᠭᠠᠵᠤ᠂ ᠠᠶᠤᠯᠭᠦᠶ ᠦᠶᠯᠡᠳᠪᠦᠷᠢᠯᠡᠯ ᠤᠨ ᠲᠠᠯ᠎ᠠ ᠪᠠᠷ 5 ᠶᠡᠭᠡ ᠲᠥᠷᠥᠯ 8 ᠪᠠᠭ᠎ᠠ ᠡᠭᠦᠷᠭᠡ ᠶᠢ ᠡᠮᠬᠢᠯᠡᠨ  ᠭᠠᠷᠭᠠᠵᠠᠢ᠃   ᠠᠶᠢᠮᠠᠭ ᠤᠨ ᠵᠠᠮ ᠬᠠᠷᠢᠯᠴᠠᠭ᠎ᠠ  ᠵᠥᠭᠡᠭᠡᠪᠥᠷᠢ ᠶᠢᠨ ᠲᠣᠪᠴᠢᠶ᠎ᠠ ᠡᠭᠦᠷᠭᠡ ᠶᠢᠨ ᠨᠠᠷᠢᠨ ᠬᠠᠭᠤᠳᠠᠰᠤ ᠶᠢ ᠳᠠᠬᠢᠨ ᠰᠤᠳᠤᠯᠬᠤ᠂ ᠳᠠᠬᠢᠨ ᠡᠮᠬᠢᠯᠡᠬᠦ᠂ ᠳᠠᠬᠢᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠳᠠᠬᠢᠨ ᠲᠣᠳᠣᠷᠬᠠᠶᠢᠯᠠᠵᠤ᠂ ᠳᠠᠬᠢᠨ ᠨᠠᠷᠢᠯᠢᠬᠵᠢᠭᠤᠯᠵᠤ᠂ ᠳᠠᠬᠢᠨ  ᠪᠤᠳᠠᠳᠠᠶᠢᠵᠢᠭᠤᠯᠤᠨ᠂   ᠲᠣᠭᠲᠠᠭᠰᠠᠨ ᠴᠠᠭ ᠲᠤ ᠲᠣᠬᠢᠷᠠᠭᠤᠯᠤᠨ ᠠᠬᠢᠭᠤᠯᠬᠤ᠂ ᠲᠣᠭᠲᠠᠭᠰᠠᠨ ᠬᠤᠭᠤᠴᠠᠭᠠᠨ ᠳᠤ ᠦᠷ᠎ᠡ ᠪᠦᠲᠦᠮᠵᠢ ᠶᠢ ᠠᠰᠠᠭᠤᠵᠤ ᠶᠠᠰᠤ ᠴᠢᠨᠠᠷ ᠢ ᠡᠷᠬᠢᠮᠯᠡᠬᠦ ᠰᠠᠶᠢᠨ ᠰᠠᠶᠢᠬᠠᠨ ᠪᠠᠶᠢᠳᠠᠯ ᠢ  ᠪᠥᠷᠢᠯᠳᠥᠭᠦᠯᠥᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号