ᠠᠵᠠ ᠲᠤᠬᠢᠶᠠᠯ ᠢ ᠡᠵᠡᠮᠳᠡᠬᠦ ᠪᠤᠯ ᠠᠵᠤ ᠠᠮᠢᠳᠤᠷᠠᠯ ᠢᠶᠠᠨ ᠦᠭᠡᠳᠡᠯᠡᠬᠦᠯᠬᠦ ᠶᠢᠨ ᠵᠠᠩᠬᠢᠯᠠᠭ᠎ᠠ
ᠨᠡᠶᠢᠲᠡᠯᠡᠭᠰᠡᠨ ᠴᠠᠭ᠄
2021/11/3
    ᠠᠵᠠ ᠲᠤᠬᠢᠶᠠᠯ ᠨᠢ ᠶᠠᠮᠠᠷ ᠴᠤ ᠴᠠᠭ ᠦᠶ᠎ᠡ᠂ ᠶᠠᠮᠠᠷ ᠴᠤ ᠠᠵᠢᠯ ᠲᠦᠷᠦᠯ ᠳᠤ ᠴᠦᠮ ᠲᠠᠭᠠᠯᠳᠤᠵᠤ ᠪᠠᠶᠢᠳᠠᠭ᠃ ᠡᠬᠦᠨ ᠳᠤ ᠠᠵᠠ ᠲᠤᠬᠢᠶᠠᠯ ᠢ ᠡᠵᠡᠮᠳᠡᠵᠦ ᠴᠢᠳᠠᠬᠤ ᠬᠤᠷᠴᠠ ᠰᠡᠷᠬᠡᠭ ᠮᠡᠳᠡᠷᠡᠮᠵᠢ ᠪᠠᠶᠢᠬᠤ ᠡᠰᠡᠬᠦ ᠨᠢ ᠵᠠᠩᠬᠢᠯᠠᠭ᠎ᠠ ᠪᠤᠯᠤᠨ᠎ᠠ᠃ ᠨᠢᠭᠡ ᠤᠳᠠᠭᠠᠨ ᠤ ᠠᠵᠠ ᠲᠤᠬᠢᠶᠠᠯ ᠢ ᠵᠠᠪᠳᠤᠨ ᠡᠵᠡᠮᠳᠡᠵᠦ ᠴᠢᠳᠠᠪᠠᠯ ᠮᠠᠭᠠᠳ ᠦᠭᠡᠢ ᠨᠢᠭᠡ ᠨᠠᠰᠤᠨ ᠤ ᠠᠮᠢᠳᠤᠷᠠᠯ ᠦᠭᠡᠷᠡᠴᠢᠯᠡᠭᠳᠡᠬᠦ ᠳᠤ ᠨᠢᠭᠡ ᠰᠠᠶᠢᠨ ᠠᠵᠠ ᠲᠤᠬᠢᠶᠠᠯ ᠢ ᠠᠯᠳᠠᠪᠠᠰᠤ ᠬᠠᠮᠤᠭ ᠪᠠᠶᠢᠳᠠᠭ ᠢᠶᠠᠨ ᠠᠯᠳᠠᠳᠠᠭ ᠤᠴᠢᠷ ᠴᠤ ᠪᠤᠢ᠃     ᠬᠦᠪᠡᠭᠡᠳᠦ ᠰᠢᠷ᠎ᠠ ᠬᠤᠰᠢᠭᠤ ᠪᠤᠯ ᠴᠠᠭᠠᠨ ᠢᠳᠡᠭᠡᠨ ᠤ ᠨᠤᠳᠤᠭ ᠭᠡᠰᠡᠨ ᠰᠠᠶᠢᠬᠠᠨ ᠠᠯᠳᠠᠷᠳᠠᠢ᠃ ᠡᠨᠡ ᠨᠤᠳᠤᠭ ᠤᠨ ᠰᠠᠭᠠᠯᠢᠴᠢᠳ ᠤᠢᠢᠷ᠎ᠠ ᠶᠢᠨ ᠵᠢᠯ ᠠᠴᠠ ᠶᠡᠬᠡᠪᠡᠷ ᠦᠷᠨᠢᠨ ᠬᠦᠭᠵᠢᠵᠤ ᠪᠠᠶᠢᠭ᠎ᠠ ᠴᠠᠭᠠᠨ ᠢᠳᠡᠭᠡᠨ ᠤ ᠤᠢᠢᠯᠡᠰ ᠤᠨ ᠬᠦᠭᠵᠢᠯᠳᠡ ᠶᠢᠨ ᠠᠵᠠ ᠲᠤᠬᠢᠶᠠᠯ ᠢ ᠠᠰᠢᠭᠯᠠᠨ᠂ ᠤᠯᠠᠮᠵᠢᠯᠠᠯᠳᠤ ᠪᠠ ᠰᠢᠨ᠎ᠠ ᠮᠠᠶ᠋ᠢᠭ ᠤᠨ ᠴᠠᠭᠠᠨ ᠢᠳᠡᠭᠡᠨ ᠪᠤᠯᠪᠠᠰᠤᠷᠠᠭᠤᠯᠬᠤ ᠶᠢ ᠤᠢᠢᠯᠡᠰ ᠢᠶᠠᠨ ᠪᠤᠯᠭᠠᠨ᠂ ᠭᠠᠳᠠᠭᠰᠢ ᠪᠤᠷᠤᠯᠠᠭᠤᠯᠤᠭᠠᠳ ᠤᠷᠤᠯᠭ᠎ᠠ ᠪᠠᠨ ᠨᠡᠮᠡᠭᠳᠡᠬᠦᠯᠵᠤ ᠪᠠᠶᠢᠨ᠎ᠠ᠃ ᠪᠦᠷᠢᠨ ᠪᠤᠰᠤ ᠪᠦᠷᠢᠳᠭᠡᠯ ᠢᠶᠠᠷ᠂ ᠪᠦᠬᠦ ᠬᠤᠰᠢᠭᠤᠨ ᠤ ᠴᠠᠭᠠᠨ ᠢᠳᠡᠭᠡᠨ ᠤ ᠠᠵᠤ ᠤᠢᠢᠯᠡᠰ ᠡᠷᠬᠢᠯᠡᠵᠤ ᠪᠠᠶᠢᠭ᠎ᠠ ᠬᠦᠮᠦᠨ 1000 ᠰᠢᠬᠠᠮ ᠪᠠᠶᠢᠵᠤ᠂ ᠴᠠᠭᠠᠨ ᠢᠳᠡᠭᠡᠨ ᠪᠤᠯᠪᠠᠰᠤᠷᠠᠭᠤᠯᠵᠤ ᠪᠠᠶᠢᠭ᠎ᠠ ᠬᠦᠮᠦᠰ ᠤᠨ ᠬᠦᠮᠦᠨ ᠲᠤᠮᠳᠠᠴᠢ ᠶᠢᠨ ᠵᠢᠯ ᠤᠨ ᠴᠡᠪᠡᠷ ᠤᠷᠤᠯᠭ᠎ᠠ 3 ᠲᠦᠮᠡᠨ ᠲᠦᠭᠦᠷᠢᠭ ᠲᠤ ᠬᠦᠷᠴᠤ᠂ ᠪᠤᠷᠤᠯᠠᠭᠤᠯᠵᠤ ᠪᠠᠶᠢᠭ᠎ᠠ ᠬᠦᠮᠦᠰ ᠤᠨ ᠬᠦᠮᠦᠨ ᠲᠤᠮᠳᠠᠴᠢ ᠶᠢᠨ ᠵᠢᠯ ᠤᠨ ᠴᠡᠪᠡᠷ ᠤᠷᠤᠯᠭ᠎ᠠ 1.5 ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃     ᠬᠥᠪᠡᠭᠡᠳᠦ ᠰᠢᠷ᠎ᠠ ᠶᠢᠨ ᠮᠠᠯᠴᠢᠳ ᠤᠵᠠᠭᠤᠷ ᠠᠴᠠ ᠪᠠᠨ ᠤᠯᠠᠮᠵᠢᠯᠠᠯᠳᠤ ᠴᠠᠭᠠᠨ ᠢᠳᠡᠭᠡᠨ ᠤ ᠪᠦᠳᠦᠭᠡᠭᠳᠡᠬᠦᠨ ᠢ ᠤᠯᠠᠨ ᠲᠦᠷᠦᠯᠵᠢᠬᠦᠯᠦᠨ᠂ ᠠᠮᠳᠠ ᠰᠢᠮᠳᠠ ᠲᠠᠢ ᠰᠠᠶᠢᠬᠠᠨ ᠪᠤᠯᠪᠠᠰᠤᠷᠠᠭᠤᠯᠬᠤ ᠤᠷ᠎ᠠ ᠮᠡᠷᠭᠡᠵᠢᠯ ᠢᠶᠠᠨ ᠦᠨᠤ ᠳᠤ ᠬᠦᠷᠳᠡᠯ᠎ᠡ ᠭᠡᠷᠡᠭᠯᠡᠭᠰᠡᠭᠡᠷ ᠢᠷᠡᠭᠰᠠᠨ ᠪᠢᠯᠡ᠃ ᠰᠢᠨ᠎ᠠ ᠴᠠᠭ ᠦᠶ᠎ᠠ ᠳᠤ ᠤᠷᠤᠵᠤ ᠢᠷᠡᠭᠡᠳ ᠤᠯᠠᠮᠵᠢᠯᠠᠯᠳᠤ ᠪᠤᠬᠢᠷᠳᠤᠯ ᠦᠭᠡᠢ ᠴᠠᠭᠠᠨ ᠢᠳᠡᠭᠡᠨ ᠨᠢ ᠬᠠᠷᠢᠨ ᠦᠷᠭᠡᠨ ᠤᠯᠠᠨ ᠭᠡᠷᠡᠭᠯᠡᠭᠴᠢᠳ ᠤᠨ ᠦᠨ᠎ᠠ ᠬᠠᠶᠢᠷᠠᠯᠠᠯ ᠦᠭᠡᠢ ᠠᠪᠬᠤ ᠰᠢᠯᠢᠳᠡᠭ ᠰᠤᠩᠭᠤᠯᠳᠠ ᠲᠠᠢ ᠪᠦᠳᠦᠭᠡᠭᠳᠡᠬᠦᠨ ᠪᠤᠯᠤᠭᠰᠠᠨ ᠨᠢ ᠡᠨᠡ ᠨᠤᠳᠤᠭ ᠤᠨ ᠠᠵᠢᠯᠴᠢ ᠬᠦᠳᠡᠯᠮᠤᠷᠢᠴᠢ᠂ ᠬᠤᠷᠴᠠ ᠰᠡᠷᠬᠡᠭ ᠰᠠᠭᠠᠯᠢᠴᠢᠳ ᠲᠤ ᠰᠠᠭᠠᠯᠢ ᠶᠢᠨ ᠤᠢᠢᠯᠡᠰ ᠢᠶᠠᠨ ᠬᠦᠭᠵᠢᠬᠦᠯᠦᠨ᠂ ᠤᠷᠤᠯᠭ᠎ᠠ ᠪᠠᠨ ᠨᠡᠮᠡᠭᠳᠡᠬᠦᠯᠬᠦ ᠰᠠᠶᠢᠨ ᠠᠵᠠ ᠲᠤᠬᠢᠶᠠᠯ ᠪᠤᠯᠵᠠᠢ᠃ ᠭᠡᠷᠡᠯᠴᠢᠮᠡᠭ ᠪᠤᠯ ᠰᠦᠨ ᠤ ᠤᠢᠢᠯᠡᠰ ᠤᠨ ᠬᠦᠭᠵᠢᠯᠳᠡ ᠶᠢᠨ ᠬᠠᠨᠳᠤᠰᠢ ᠪᠠ ᠭᠡᠷᠡᠭᠯᠡᠭᠴᠢᠳ ᠤᠯᠠᠰᠢᠷᠠᠵᠤ ᠪᠤᠢ ᠠᠵᠠ ᠲᠤᠬᠢᠶᠠᠯ ᠢ ᠵᠠᠪᠳᠤᠨ᠂ ᠴᠠᠭᠠᠨ ᠢᠳᠡᠭᠡᠨ ᠤ ᠤᠢᠢᠯᠡᠳᠪᠤᠷᠢᠯᠡᠯ ᠢᠶᠠᠨ ᠦᠷᠭᠡᠳᠭᠡᠨ᠂ ᠬᠦᠪᠡᠭᠡᠳᠦ ᠰᠢᠷ᠎ᠠ ᠬᠤᠰᠢᠭᠤᠨ ᠤ ᠤᠡᠭᠭᠤᠨ ᠬᠤᠨᠢᠴᠢᠨ ᠰᠦᠨ ᠤ ᠤᠢᠢᠯᠡᠰ ᠤᠨ ᠬᠢᠵᠠᠭᠠᠷᠳᠤ ᠺᠤᠮᠫᠠᠨᠢ ᠪᠠᠶᠢᠭᠤᠯᠤᠨ᠂ ᠤᠷᠤᠯᠭ᠎ᠠ ᠶᠢᠨ ᠰᠢᠨ᠎ᠠ ᠨᠡᠮᠡᠭᠳᠡᠯ ᠢ ᠪᠤᠢ ᠪᠤᠯᠭᠠᠵᠤ ᠴᠢᠳᠠᠭᠰᠠᠨ ᠮᠠᠯᠴᠢᠨ ᠪᠦᠰᠡᠬᠦᠢ ᠪᠠᠶᠢᠭ᠎ᠠ ᠶᠤᠮ᠃ ᠲᠡᠷᠡ ᠺᠤᠮᠫᠠᠨᠢ ᠪᠠᠶᠢᠭᠤᠯᠤᠭᠰᠠᠨ ᠭᠤᠷᠪᠠ ᠲᠦᠷᠪᠠᠨ ᠵᠢᠯ ᠳᠤ ᠴᠠᠭᠠᠨ ᠢᠳᠡᠭᠡᠨ ᠤ ᠪᠦᠳᠦᠭᠡᠭᠳᠡᠬᠦᠨ ᠤ ᠪᠠᠨ ᠤᠢᠢᠯᠡᠳᠪᠤᠷᠢᠯᠡᠯ ᠢ ᠶᠡᠬᠡᠪᠡᠷ ᠨᠡᠮᠡᠭᠳᠡᠬᠦᠯᠦᠭᠰᠨᠨ ᠢᠶᠠᠷ ᠤᠳᠤ ᠴᠠᠭᠠᠨ ᠢᠳᠡᠭᠡᠨ ᠤ ᠵᠢᠯ ᠤᠨ ᠴᠡᠪᠡᠷ ᠤᠷᠤᠯᠭ᠎ᠠ ᠨᠢ ᠲᠦᠴᠢ ᠰᠢᠬᠠᠮ ᠲᠦᠮᠡᠨ ᠲᠦᠭᠦᠷᠢᠭ ᠲᠤ ᠬᠦᠷᠳᠡᠭ ᠪᠤᠯᠵᠠᠢ᠃ ᠡᠭᠦᠨ ᠠᠴᠠ ᠪᠢᠳᠡ ᠠᠵᠠ ᠲᠤᠬᠢᠶᠠᠯ ᠢ ᠠᠳᠬᠤᠵᠤ ᠰᠤᠷᠬᠤ ᠨᠢ ᠴᠢᠬᠤᠯᠠ ᠭᠡᠳᠡᠭ ᠢ ᠤᠢᠢᠯᠠᠭᠠᠵᠤ ᠪᠤᠯᠤᠨ᠎ᠠ᠃ ᠪᠢᠳᠡ ᠪᠥᠬᠦᠨ ᠳᠤ ᠡᠷᠬᠢᠨ ᠲᠤᠭᠤᠷᠢᠨ ᠢᠶᠠᠷ ᠡᠷᠬᠢᠯᠳᠤᠵᠤ ᠪᠤᠢ ᠠᠵᠠ ᠲᠤᠬᠢᠶᠠᠯ ᠪᠦᠬᠦᠨ ᠢ ᠠᠳᠬᠤᠨ ᠳᠤ ᠪᠠᠨ ᠤᠷᠤᠭᠤᠯᠵᠤ ᠠᠪᠬᠤ ᠰᠡᠷᠬᠡᠭ ᠤᠬᠠᠭᠠᠨ᠂ ᠵᠤᠷᠢᠮᠠᠭ ᠰᠤᠷᠢᠯᠳᠠ ᠂ ᠰᠢᠢᠳᠮᠡᠭ ᠤᠷᠤᠯᠳᠤᠯᠭ᠎ᠠ ᠲᠠᠢ ᠪᠠᠶᠢᠵᠠᠭᠠᠪᠠᠯ ᠠᠵᠤ ᠠᠮᠢᠳᠤᠷᠠᠯ ᠢᠶᠠᠨ ᠡᠷᠳᠡ ᠤᠷᠤᠢ ᠦᠭᠡᠢ ᠦᠭᠡᠳᠡᠯᠡᠬᠦᠯᠵᠤ ᠴᠢᠳᠠᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号