ᠲᠦᠷᠦᠭᠦᠤ  ᠭᠤᠷᠪᠠᠨ ᠤᠯᠠᠷᠢᠯ ᠳᠤ ᠮᠠᠨ ᠤ ᠠᠶᠢᠮᠠᠭ ᠤᠨ ︽ᠵᠢᠷᠭᠤᠭ᠎ᠠ ᠶᠢ ᠲᠣᠭᠳᠠᠪᠣᠷᠢᠵᠢᠭᠤᠯᠬᠤ︾  ᠪᠠ ︽ᠵᠢᠷᠭᠤᠭ᠎ᠠ ᠶᠢ ᠪᠠᠲᠤᠯᠠᠬᠤ︾ ᠠᠵᠢᠯ ᠢᠯᠡᠳᠲᠡ‌ᠦᠷ᠎ᠡ‌‍ᠪᠦ᠋ᠲᠦᠮᠵᠢ  ᠤᠯᠪᠠ
ᠨᠡᠶᠢᠲᠡᠯᠡᠭᠰᠡᠨ ᠴᠠᠭ᠄
2021/11/30
    ᠮᠠᠨ ᠤ ᠠᠶᠢᠮᠠᠭ ᠠᠵᠢᠯ ᠣᠯᠭᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠰᠠᠶᠢᠳᠣᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠲᠣᠭᠳᠠᠪᠣᠷᠢᠵᠢᠭᠤᠯᠣᠨ ᠦᠷᠭᠡᠳᠬᠡᠪᠡ᠃ ᠠᠵᠢᠯ ᠠᠯᠳᠠᠯᠳᠠ ᠶᠢᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠳᠣᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠳᠠᠭᠠᠳᠬᠠᠯ ᠳᠤ ᠣᠷᠣᠯᠴᠠᠭᠰᠠᠨ ᠪᠠᠶᠢᠭᠤᠯᠭ᠎ᠠ ᠨᠢᠭᠡᠴᠡ ᠶᠢᠨ ᠳᠠᠷᠤᠭᠠᠰᠤ ᠶᠢ 13105.94 ᠲᠦᠮᠡᠨ ᠲᠥᠭᠦᠷᠢᠭ ᠬᠦᠩᠭᠡᠷᠡᠭᠦᠯᠵᠣ᠂ 1234 ᠠᠵᠤ ᠠᠬᠤᠶᠢᠯᠠᠯ ᠳᠤ 812.66 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ  ᠣᠯᠭᠤᠵᠣ᠂ 31758 ᠠᠵᠢᠯᠲᠠᠨ ᠠᠵᠢᠯᠴᠢᠨ ᠳᠤ ᠠᠰᠢᠭ ᠬᠦᠷᠳᠡᠭᠡᠵᠣ᠂ 463 ᠠᠵᠢᠯᠲᠠᠨ ᠠᠵᠢᠯᠴᠢᠨ ᠳᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ 40.2 ᠲᠦᠮᠡᠨ ᠲᠥᠭᠦᠷᠢᠭ ᠲᠠᠷᠬᠠᠭᠠᠪᠠ᠃  9 ᠳ᠋ᠣᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠲᠠ ᠪᠠᠯᠭᠠᠰᠤᠨ ᠤ 9176 ᠬᠥᠮᠦᠨ ᠳᠤ ᠰᠢᠨ᠎ᠡ ᠪᠠᠷ ᠠᠵᠢᠯ ᠣᠯᠭᠤᠵᠤ᠂ 20665 ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠣᠯᠭᠤᠪᠠ᠃ ᠠᠵᠢᠯ ᠤᠯᠬᠤ ᠳᠤ ᠬᠦᠴᠢᠷᠲᠡᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠴᠢᠭᠯᠡᠭᠦᠯᠦᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ 265 ᠠᠵᠢᠯ ᠤᠨ ᠪᠠᠶᠢᠷᠢ ᠬᠠᠩᠭᠠᠵᠣ᠂ ᠣᠳᠣᠬᠠᠨ ᠳᠤ ᠨᠢᠭᠡᠨᠲᠡ 216 ᠬᠥᠮᠦᠨ ᠢ ᠲᠣᠬᠢᠷᠠᠭᠤᠯᠪᠠ᠃ ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢᠨ ᠬᠦᠷᠢᠶ᠎ᠡ ᠬᠡᠪᠴᠢᠶ᠎ᠡ ᠪᠠ ᠬᠡᠷᠡᠭᠵᠢᠭᠦᠯᠬᠦ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠠᠵᠢᠯ ᠢᠶᠠᠷ ᠪᠣᠯᠪᠠᠰᠤᠷᠠᠯ ᠢ ᠣᠷᠣᠯᠠᠭᠤᠯᠣᠭᠰᠠᠨ ᠨᠥᠬᠦᠪᠥᠷᠢ 1853.94 ᠲᠦᠮᠡᠨ ᠲᠥᠭᠦᠷᠢᠭ ᠲᠠᠷᠬᠠᠭᠠᠵᠤ᠂ 3.1 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃     ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠤᠰᠬᠠᠶ ᠲᠣᠷᠦᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 9 ᠳ᠋ᠣᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ 29.72 ᠲᠦᠮᠡᠨ ᠬᠥᠮᠦᠨ ᠣᠷᠣᠯᠴᠠᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ 15.56 ᠲᠦᠮᠡᠨ ᠬᠥᠮᠦᠨ ᠣᠷᠣᠯᠴᠠᠵᠤ᠂ ᠠᠵᠢᠯ ᠠᠯᠳᠠᠯᠳᠠ ᠶᠢᠨ ᠳᠠᠭᠠᠳᠬᠠᠯ ᠳᠤ 10.16 ᠲᠦᠮᠡᠨ ᠬᠥᠮᠦᠨ ᠣᠷᠣᠯᠴᠠᠪᠠ᠃ ᠠᠵᠤ ᠠᠬᠤᠶᠢᠯᠠᠯ ᠤᠨ ᠠᠵᠢᠯ ᠠᠴᠠ ᠪᠠᠨ ᠲᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ 9.53 ᠲᠦᠮᠡᠨ ᠬᠥᠮᠦᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠨ 2.89 ᠲᠦᠮᠡᠨ ᠬᠥᠮᠦᠨ᠂ ᠬᠤᠲᠠ ᠬᠥᠳᠡᠭᠡ ᠶᠢᠨ ᠨᠠᠰᠣᠵᠢᠯ ᠤᠨ ᠳᠠᠭᠠᠳᠬᠠᠯ ᠳᠤ ᠣᠷᠣᠯᠴᠠᠭᠰᠠᠨ 9.96 ᠲᠦᠮᠡᠨ ᠰᠠᠭᠤᠭᠠᠯᠢ ᠠᠷᠠᠳ ᠲᠤ ᠨᠡᠶᠢᠳᠡ 40.33 ᠳ᠋ᠦᠩᠰᠢᠭᠤᠷ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠵᠤ᠂ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠭᠰᠠᠨ ᠨᠣᠷᠮ᠎ᠠ ᠶᠢ 100% ᠳᠤ ᠭᠦᠷᠭᠡᠪᠡ᠃     ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠪᠠᠨ ᠬᠠᠮᠠᠭᠠᠯᠠᠬᠤ ᠶᠢ ᠴᠢᠩᠭᠠᠳᠬᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ  ᠪᠠᠶᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢᠨ ︽ᠡᠶ᠎ᠡ ᠵᠣᠬᠢᠴᠠᠯ ᠲᠠᠢ ᠬᠠᠮᠲᠤ  ᠪᠠᠷ ᠤᠷᠤᠭᠰᠢᠯᠠᠬᠤ︾ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠵᠣ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠲᠤᠰᠬᠠᠶ ᠲᠦᠷᠦᠯ ᠢᠶᠠᠷ ᠪᠠᠶᠢᠴᠠᠭᠠᠬᠤ᠂ ᠵᠥᠷᠢᠴᠡᠯ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠬᠦᠢᠴᠡᠳ ᠲᠤᠭ᠎ᠠ ᠪᠠᠷ ᠣᠯᠭᠤᠬᠤ ᠶᠢ ᠦᠨᠡᠨᠬᠦ ᠪᠠᠳᠣᠯᠠᠪᠠ᠃     ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠶᠢᠨ ᠬᠠᠮᠲᠤ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂  ᠮᠡᠷᠭᠡᠵᠢᠯ ᠴᠢᠳᠠᠪᠣᠷᠢ ᠪᠠᠷ ᠬᠠᠪᠰᠤᠷᠤᠨ ᠲᠡᠳᠬᠦᠬᠦ᠂ ᠨᠡᠶᠢᠭᠡᠮ ᠤᠨ ᠪᠠᠲᠤᠯᠠᠭ᠎ᠠ ᠪᠠᠷ ᠬᠠᠪᠰᠤᠷᠤᠨ ᠲᠡᠳᠬᠦᠬᠦ᠂ ᠴᠢᠳᠠᠪᠤᠷᠢᠲᠠᠨ ᠢᠶᠠᠷ ᠬᠠᠪᠰᠤᠷᠤᠨ ᠲᠡᠳᠬᠦᠬᠦ᠂ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ 5 ᠲᠤᠰᠬᠠᠢ ᠳᠤᠭᠤᠶᠢᠯᠠᠩ ᠪᠠᠶᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠪᠡ᠃ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠴᠢᠩᠭᠠᠷᠠᠭᠤᠯᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠬᠤ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠬᠦ᠂ ᠬᠥᠳᠡᠭᠡ ᠲᠣᠰᠬᠤᠨ ᠤ ᠴᠢᠳᠠᠪᠤᠷᠢᠲᠠᠨ ᠠᠵᠢᠯᠲᠠᠨ ᠤ ᠶᠠᠪᠤᠳᠠᠯ ᠢᠶᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠣᠯᠠᠨ ᠨᠡᠶᠢᠲᠡ  ᠶᠢᠨ ᠦᠢᠯᠡᠴᠢᠯᠡᠭᠡ  ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ  ᠪᠠᠷ ᠳᠠᠮᠵᠢᠭᠤᠯᠤᠨ᠂ ᠪᠦᠬᠦᠯᠢ ᠴᠣᠭᠴᠠ ᠪᠠᠷ ᠨᠢ ᠳᠡᠮᠵᠢᠬᠦ ᠡᠷᠴᠢᠮ  ᠢᠶᠠᠨ ᠪᠠᠭᠤᠷᠠᠭᠤᠯᠬᠤ ᠦᠭᠡᠢ ᠪᠠᠶᠢᠬᠤ ᠶᠢ ᠪᠠᠳᠣᠯᠠᠭᠰᠠᠨ ᠤᠷᠢᠲᠠᠯ ᠳᠣᠤᠷ᠎ᠠ᠂ ᠪᠠᠯᠠ ᠮᠦᠩᠭᠦᠨ ᠤ ᠳᠡᠮᠵᠢᠯᠭᠡ ᠶᠢᠨ ᠪᠦᠲᠦᠴᠡ ᠶᠢ ᠰᠢᠯᠢᠳᠡᠭᠵᠢᠭᠦᠯᠦᠨ ᠳᠣᠭᠢᠷᠠᠭᠤᠯᠵᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠳᠠᠰᠢ ᠬᠡᠯᠪᠡᠶᠢᠯᠭᠡᠪᠡ᠃    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号