ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠳᠤ ᠶᠡᠭᠡ ᠵᠠᠰᠠᠯᠲᠠ ᠣᠷᠣᠭᠤᠯᠪᠠ
ᠨᠡᠶᠢᠲᠡᠯᠡᠭᠰᠡᠨ ᠴᠠᠭ᠄
2021/12/23
    ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ  ᠬᠤᠷᠢᠶᠠᠨ ᠤ  ᠬᠤᠷᠠᠯᠳᠤᠭᠠᠨ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ᠂ ᠡᠨᠡ ᠪᠣᠯ ᠲᠣᠰ ᠬᠠᠤᠯᠢ ᠶᠢ ᠬᠡᠷᠡᠭᠵᠢᠭᠦᠯᠦᠭᠰᠡᠨ 30 ᠰᠢᠬᠠᠮ ᠵᠢᠯ ᠤᠨ ᠳᠣᠷᠰᠢᠬᠢ ᠪᠠᠰᠠ ᠨᠢᠭᠡ ᠣᠳᠠᠭᠠᠨ ᠤ ᠴᠢᠬᠤᠯᠠ ᠶᠡᠭᠡ ᠲᠣᠬᠢᠷᠠᠭᠤᠯᠤᠯᠲᠠ ᠬᠢᠵᠦ ᠪᠠᠶᠢᠭ᠎ᠠ ᠶᠠᠪᠤᠳᠠᠯ ᠮᠥᠨ᠃             ᠤᠯᠤᠰ ᠠᠴᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠡᠯ᠎ᠡ  ᠵᠦᠢᠯ ᠤᠨ  ᠳᠦᠷᠢᠮ ᠢ  ᠠᠯᠬᠤᠮ  ᠠᠯᠬᠤᠮ ᠢᠶᠠᠷ  ᠲᠡᠭᠦᠯᠳᠡᠷᠵᠢᠭᠦᠯᠵᠦ᠂   ᠡᠮᠡᠭᠲᠡᠶᠢᠴᠦᠳ ᠢ ᠭᠠᠳᠠᠭᠤᠷᠴᠢᠯᠠᠬᠤ ᠶᠠᠪᠤᠳᠠᠯ ᠢ ᠠᠷᠢᠯᠭᠠᠵᠤ᠂ ᠡᠮᠡᠭᠲᠡᠶᠢᠴᠦᠳ ᠤᠨ ᠬᠠᠤᠯᠢ ᠶᠣᠰᠣᠭᠠᠷ ᠡᠯ᠎ᠡ ᠵᠦᠢᠯ ᠤᠨ ᠡᠷᠬᠡ ᠠᠰᠢᠭ ᠢᠶᠠᠨ ᠡᠳ᠋ᠯᠡᠬᠦ ᠪᠠ ᠬᠡᠷᠡᠭᠵᠢᠭᠦᠯᠬᠦ ᠶᠢ ᠭᠠᠲᠠᠭᠤᠷᠴᠢᠯᠠᠬᠤ᠂  ᠬᠢᠵᠠᠭᠠᠷᠯᠠᠬᠤ   ᠶᠢ  ᠡᠷᠡᠰ  ᠬᠤᠷᠢᠭᠯᠠᠨ᠎ᠠ᠃ ᠲᠥᠰᠦᠯ ᠳᠤ ᠰᠤᠷᠭᠠᠨ ᠬᠥᠮᠦᠵᠢᠯ ᠠᠵᠢᠯ ᠣᠯᠭᠤᠯᠲᠠ ᠶᠢᠨ ᠬᠦᠷᠢᠶᠡᠨ ᠳᠠᠬᠢ ᠬᠦᠢᠰᠦ   ᠶᠢᠨ  ᠢᠯᠭᠠᠯ ᠤᠨ ᠭᠠᠳᠠᠭᠤᠷᠴᠢᠯᠠᠯ ᠳᠤ ᠴᠢᠭᠯᠡᠭᠦᠯᠦᠨ ᠲᠣᠭᠲᠠᠭᠠᠯ ᠭᠠᠷᠭᠠᠵᠤ᠂ ᠣᠷᠤᠭ ᠰᠠᠯᠬᠤ ᠦᠶ᠎ᠡ ᠳᠤ  ᠨᠥᠬᠦᠪᠥᠷᠢ ᠶᠢᠨ  ᠲᠤᠬᠠᠶ ᠲᠣᠭᠲᠠᠭᠠᠯ ᠨᠡᠮᠡᠪᠡ᠃          
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号