ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ  《ᠬᠤᠤᠰ ᠵᠠᠭᠤᠨ ᠡᠳᠤᠷ ᠤᠨ ᠪᠣᠭᠤᠮᠲᠠ  ᠰᠢᠪᠳᠤᠯᠬᠤ》 ᠠᠵᠢᠯᠯᠠᠭ᠎ᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ  ᠪᠡᠶᠡᠯᠡᠬᠦᠯᠵᠤ ᠪᠠᠶᠢᠨ᠎ᠡ
ᠨᠡᠶᠢᠲᠡᠯᠡᠭᠰᠡᠨ ᠴᠠᠭ᠄
2021/12/7
    ᠬᠤᠤᠰ ᠵᠠᠭᠤᠨ ᠡᠳᠤᠷ ᠤᠨ ᠪᠣᠭᠤᠮᠲᠠ  ᠰᠢᠪᠳᠤᠯᠬᠤ ᠠᠵᠢᠯᠯᠠᠭ᠎ᠠ   ᠶᠢ ᠥᠷᠨᠢᠭᠦᠯᠦᠭᠰᠡᠨ ᠠᠴᠠ ᠨᠠᠰᠢ᠂ ᠰᠢᠯᠢ  ᠶᠢᠨ ᠬᠤᠲᠠ ᠶᠢᠨ ᠡᠯ᠎ᠡ ᠰᠠᠯᠠᠭ᠎ᠠ ᠮᠥᠴᠢᠷ ᠢᠳᠡᠪᠬᠢᠲᠡᠶ ᠴᠤᠤᠷᠢᠶᠠᠲᠤᠨ ᠳᠠᠭᠠᠵᠤ᠂ ᠬᠠᠷᠠᠯᠲᠠ ᠪᠠᠨ ᠲᠣᠳᠣᠷᠬᠠᠶᠢᠯᠠᠨ᠂ ᠡᠭᠦᠷᠭᠡ ᠪᠠᠨ ᠨᠠᠷᠢᠯᠢᠬᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠱᠠᠭᠠᠷᠳᠠᠵᠤ᠂ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠤᠨ ᠦᠷ᠎ᠡ ᠪᠦᠲᠦᠮᠵᠢ ᠤᠯᠬᠤ ᠶᠢ ᠦᠨᠡᠨ ᠬᠦ  ᠪᠠᠳᠤᠯᠠᠭᠰᠠᠨ ᠪᠠᠶᠢᠨ᠎ᠠ᠃《ᠬᠤᠤᠰ ᠵᠠᠭᠤᠨ ᠡᠳᠤᠷ ᠤᠨ ᠪᠣᠭᠤᠮᠲᠠ  ᠰᠢᠪᠳᠤᠯᠬᠤ》 ᠠᠵᠢᠯᠯᠠᠭ᠎ᠠ ᠶᠢ ᠥᠷᠨᠢᠭᠦᠯᠦᠭᠰᠡᠨ ᠠᠴᠠ  ᠨᠠᠰᠢ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠶᠯᠭᠡᠭᠡᠨ ᠤ ᠠᠵᠢᠯ ᠲᠥᠷᠥᠯ ᠤᠨ ᠠᠶᠤᠯ ᠥᠬᠡᠶ ᠦᠶᠯᠡᠳᠪᠦᠷᠢᠯᠡᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠰᠢᠯᠢ ᠶᠢᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠶᠤᠯ ᠥᠬᠡᠶ ᠦᠶᠯᠡᠳᠪᠦᠷᠢᠯᠡᠯ  ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠬᠤᠲᠠ ᠶᠢᠨ ᠡᠯ᠎ᠡ ᠲᠣᠰᠣ ᠨᠡᠮᠡᠬᠦ ᠥᠷᠲᠡᠭᠡ ᠳᠤ ᠭᠦᠨᠵᠡᠭᠡᠶᠢᠷᠡᠨ ᠠᠶᠤᠯ ᠥᠬᠡᠶ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠠᠶᠤᠯ ᠥᠬᠡᠶ ᠦᠶᠯᠡᠳᠪᠦᠷᠢᠯᠡᠯ ᠤᠨ ᠠᠵᠢᠯ ᠤᠨ ᠲᠣᠭᠲᠠᠭᠤᠨ ᠦᠷᠭᠦᠯᠵᠢᠯᠡᠬᠦ ᠶᠢ ᠦᠨᠡᠨ ᠬᠦ  ᠪᠠᠳᠤᠯᠠᠵᠤ ᠪᠠᠶᠢᠨ᠎ᠡ᠃ ᠣᠶᠢᠷ᠎ᠠ ᠶᠢᠨ ᠡᠳᠦᠷ᠂ ᠰᠢᠯᠢ ᠶᠢᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠷᠢᠶ᠎ᠠ ᠤᠷᠤᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠣᠰᠣᠭᠠᠷ᠂ ᠠᠵᠢᠯ ᠤᠨ ᠬᠤᠪᠢᠶᠠᠷᠢᠯᠠᠯ ᠢᠶᠠᠨ ᠨᠢᠭᠡᠳᠦᠯᠲᠡᠶ ᠲᠥᠯᠥᠪᠯᠡᠨ᠂ ᠪᠣᠯᠪᠠᠰᠤᠷᠠᠭᠤᠯᠤᠭᠰᠠᠨ ᠲᠣᠰᠣᠨ ᠤ ᠡᠵᠡᠩᠨᠡᠯᠲᠡ ᠶᠢᠨ ᠬᠢᠷᠢ ᠬᠡᠮ ᠢ ᠭᠤᠤᠯᠳᠠᠯᠭ᠎ᠠ ᠲᠠᠢ  ᠪᠠᠶᠢᠴᠠᠭᠠᠭᠰᠠᠨ ᠪᠠᠶᠢᠨ᠎ᠡ  ᠃  ᠡᠬᠦᠨ ᠤ ᠬᠠᠮᠳᠤ᠂ ᠰᠢᠯᠢ ᠶᠢᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ  ᠰᠢᠯᠢ ᠶᠢᠨ ᠬᠤᠳᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠬᠠᠷᠢᠶ᠎ᠠ ᠣᠷᠣᠨ ᠤ ᠳᠣᠲᠣᠷᠠᠬᠢ ᠣᠯᠠᠨ ᠬᠤᠳᠠᠯᠳᠤᠭᠠᠨ ᠤ ᠲᠠᠯᠠᠪᠤᠷ ᠲᠤ ᠭᠦᠨᠵᠡᠭᠡᠶᠢᠷᠡᠵᠦ᠂ ᠡᠯ᠎ᠡ ᠬᠤᠳᠠᠯᠳᠤᠭᠠᠨ ᠤ ᠲᠠᠯᠠᠪᠤᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠵᠢᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ  ᠤ ᠬᠠᠷᠢᠭᠤᠴᠠᠯᠭ᠎ᠠ ᠶᠢᠨ ᠲᠦᠷᠢᠮ᠂ ᠨᠠᠶᠢᠳᠠᠪᠤᠷᠢᠵᠢᠭᠤᠯᠤᠯᠲᠠ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ᠂ ᠪᠠᠶᠢᠴᠠᠭᠠᠯᠲᠠ ᠶᠢᠨ ᠲᠦᠷᠢᠮ᠂ ᠲᠠᠷᠬᠠᠭᠠᠬᠤ ᠵᠠᠮ᠂ ᠱᠠᠲᠤ ᠪᠠ ᠠᠮᠤᠷ ᠲᠦᠪᠰᠢᠨ ᠭᠠᠷᠴᠤ ᠤᠷᠤᠬᠤ ᠡᠭᠦᠳᠡ ᠶᠢ ᠪᠢᠲᠡᠭᠦᠮᠵᠢᠯᠡᠭᠰᠡᠨ᠂ ᠪᠢᠲᠡᠭᠦᠮᠵᠢᠯᠡᠵᠦ ᠪᠥᠭᠯᠡᠭᠰᠡᠨ ᠪᠤᠶᠤ ᠡᠵᠡᠯᠡᠨ ᠬᠡᠷᠡᠭᠯᠡᠭᠰᠡᠨ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ᠂ ᠭᠠᠯ ᠤᠨᠲᠠᠷᠠᠭᠠᠬᠤ ᠬᠡᠷᠡᠭᠰᠡᠯ ᠢ ᠬᠠᠯᠬᠠᠯᠠᠭᠰᠠᠨ ᠪᠤᠶᠤ ᠨᠡᠭᠦᠯᠭᠡᠨ ᠬᠡᠷᠡᠭᠯᠡᠭᠰᠡᠨ ᠡᠰᠡᠬᠦ ᠵᠡᠷᠭᠡ ᠪᠠᠶᠢᠳᠠᠯ  ᠳᠤ ᠬᠠᠮᠲᠤᠷᠠᠨ ᠪᠠᠶᠢᠴᠠᠭᠠᠯᠲᠠ ᠬᠢᠵᠦ᠂ ᠭᠠᠯ ᠤᠨ ᠠᠶᠤᠯ ᠤᠨ ᠠᠳᠡᠯ ᠭᠠᠷᠬᠤ ᠶᠢ ᠡᠬᠢ ᠡᠭᠦᠰᠦᠯ ᠠᠴᠠ ᠨᠢ  ᠬᠤᠷᠢᠭᠯᠠᠭᠰᠠᠨ ᠪᠠᠶᠢᠨ᠎ᠡ᠃      ᠡᠨᠡ ᠤᠳᠠᠭᠠᠨ ᠤ ᠪᠠᠶᠢᠴᠠᠭᠠᠯᠲᠠ ᠨᠢ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠤᠨ ᠬᠠᠷᠢᠭᠤᠴᠠᠯᠭᠠᠲᠠᠨ  ᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠲᠠᠬᠢ ᠭᠠᠯ ᠤᠨ ᠠᠶᠤᠯ ᠤᠨ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠥᠷᠭᠡᠨ ᠣᠯᠠᠨ ᠬᠤᠲᠠ ᠶᠢᠨ ᠠᠷᠠᠳ ᠲᠦᠮᠡᠨ ᠳᠤ ᠠᠮᠤᠷ ᠲᠦᠪᠰᠢᠨ ᠨᠠᠶᠢᠳᠠᠪᠤᠷᠢᠲᠠᠶ ᠪᠠᠷᠠᠭ᠎ᠠ ᠬᠤᠳᠠᠯᠳᠤᠨ ᠠᠪᠬᠤ᠂ ᠬᠡᠷᠡᠭᠯᠡᠭᠡᠨ ᠤ ᠲᠠᠯᠠᠪᠤᠷ ᠬᠠᠩᠭᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠬᠡᠯᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号