ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠪᠠᠴᠢᠮ ᠮᠡᠳᠡᠭᠳᠡᠯ ᠪᠠᠭᠤᠯᠭᠠᠪᠠ
ᠨᠡᠶᠢᠲᠡᠯᠡᠭᠰᠡᠨ ᠴᠠᠭ᠄
2021/12/7
    ᠣᠳᠣᠬᠠᠨ ᠤ ᠬᠢᠵᠢᠭ ᠢ ᠰᠡᠷᠭᠡᠶᠢᠯᠡᠨ ᠬᠤᠷᠢᠬᠯᠠᠵᠤ ᠪᠠᠶᠢᠭ᠎ᠠ ᠪᠠᠶᠢᠳᠠᠯ ᠢ ᠦᠨᠳᠦᠰᠦᠯᠡᠨ᠂   ᠥᠪᠥᠷ ᠮᠣᠩᠭᠤᠯ ᠤᠨ ᠥᠪᠡᠷᠲᠡᠭᠡᠨ  ᠵᠠᠰᠠᠬᠤ  ᠣᠷᠣᠨ ᠤ  ᠰᠤᠷᠭᠠᠨ  ᠬᠥᠮᠦᠵᠢᠯ ᠤᠨ  ᠲᠢᠩᠬᠢᠮ  ᠪᠠᠴᠢᠮ  ᠮᠡᠳᠡᠭᠳᠡᠯ ᠪᠠᠭᠤᠯᠭᠠᠵᠤ᠂ ᠪᠥᠬᠦ ᠣᠷᠣᠨ ᠤ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠳᠠᠷᠤᠶ ᠲᠦᠷᠭᠡᠨ  ᠪᠥᠬᠦ  ᠠᠵᠢᠯᠲᠠᠨ ᠤ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠳᠠ ᠬᠢᠵᠦ ᠲᠡᠳᠡᠨ   ᠤ  ᠵᠠᠮ  ᠮᠥᠷ ᠢ  ᠤᠶᠢᠯᠠᠭᠠᠨ  ᠮᠡᠳᠡᠵᠦ᠂  ᠴᠠᠭ  ᠲᠤᠬᠠᠶ ᠳᠤᠨᠢ ᠪᠦᠷᠢᠳᠭᠡᠨ ᠮᠡᠳᠡᠬᠦᠯᠬᠦ ᠶᠢᠨ ᠬᠠᠮᠲᠤ ᠲᠥᠷᠥᠯ ᠬᠤᠪᠢᠶᠠᠭᠰᠠᠨ ᠡᠬᠡ ᠲᠠᠩᠰᠠ ᠶᠢᠨ ᠬᠠᠮᠢᠶᠠᠷᠤᠯᠲᠠ ᠬᠢᠵᠦ᠂  ︽ᠨᠢᠭᠡ  ᠬᠥᠮᠦᠨ ᠳᠤ ᠨᠢᠭᠡ ᠲᠠᠩᠰᠠ︾ ᠭᠠᠷᠭᠠᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂  ᠬᠥᠳᠡᠯᠦᠩᠭᠦᠶ  ᠰᠢᠯᠭᠠᠨ  ᠪᠠᠶᠢᠴᠠᠭᠠᠯᠳᠠ ᠬᠢᠬᠦ ᠪᠠ ᠮᠥᠷᠳᠡᠨ ᠬᠠᠮᠢᠶᠠᠷᠬᠤ ᠠᠵᠢᠯ ᠢ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠰᠤᠷᠭᠠᠭᠤᠯᠢ ᠳᠤ ︽ᠲᠠᠪᠤᠨ  ᠲᠠᠷᠤᠢ  ᠲᠦᠷᠭᠡᠨ  ᠰᠢᠢᠳᠪᠦᠷᠢᠯᠡᠬᠦ︾ ᠱᠠᠭᠠᠷᠳᠠᠯᠭ᠎ᠠ ᠳᠤᠷᠠᠳᠴᠤ᠂ ᠬᠢᠵᠢᠭ ᠢ ᠰᠡᠷᠭᠡᠶᠢᠯᠡᠨ ᠬᠤᠷᠢᠬᠯᠠᠬᠤ  ᠪᠠᠴᠢᠮ  ᠪᠠᠶᠢᠳᠠᠯ ᠢ  ᠠᠷᠭᠠᠴᠠᠨ  ᠰᠢᠢᠳᠪᠦᠷᠢᠯᠡᠬᠦ  ᠠᠵᠢᠯ   ᠢ ᠴᠢᠨᠠᠭᠰᠢᠳᠠ ᠴᠢᠩᠭᠠᠳᠬᠠᠪᠠ᠃ ᠬᠢᠵᠢᠭ ᠢ ᠰᠡᠷᠭᠡᠶᠢᠯᠡᠨ ᠬᠤᠷᠢᠬᠯᠠᠬᠤ ᠪᠠᠴᠢᠮ  ᠪᠠᠶᠢᠳᠠᠯ ᠢ  ᠠᠷᠭᠠᠴᠠᠬᠤ  ᠪᠡᠯᠡᠳᠬᠡᠯ  ᠲᠥᠰᠦᠯ ᠢ ᠳᠠᠷᠤᠢ ᠲᠦᠷᠭᠡᠨ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠢ ᠬᠥᠭᠵᠢᠭᠡᠵᠦ᠂ ᠪᠠᠴᠢᠮ ᠪᠠᠶᠢᠳᠠᠯ ᠢ‌ᠠᠷᠭᠠᠴᠠᠨ ᠰᠢᠢᠳᠪᠦᠷᠢᠯᠡᠬᠦ  ᠲᠣᠭᠲᠠᠴᠠ ᠳᠤ  ᠣᠷᠣᠬᠤ  ᠬᠡᠷᠡᠭᠲᠡᠢ᠃  ᠬᠢᠵᠢᠭ ᠢ  ᠰᠡᠷᠭᠡᠶᠢᠯᠡᠨ  ᠬᠤᠷᠢᠬᠯᠠᠬᠤ  24  ᠴᠠᠭ ᠤᠨ ᠵᠢᠵᠢᠭᠦᠷ ᠤᠨ ᠲᠦᠷᠢᠮ ᠢ ᠳᠠᠷᠤᠢ ᠲᠦᠷᠭᠡᠨ  ᠡᠬᠢᠯᠡᠭᠦᠯᠵᠦ᠂  ︽ᠡᠳᠦᠷ  ᠪᠦᠷᠢ  ᠡᠪᠡᠳᠴᠢᠳᠡᠨ   ᠢ  ᠮᠡᠳᠡᠭᠦᠯᠬᠦ᠂  ᠡᠪᠡᠳᠴᠢᠳᠡᠨ ᠭᠠᠷᠤᠬᠰᠠᠨ ᠦᠭᠡᠢ ᠴᠤ  ᠮᠡᠳᠡᠭᠦᠯᠬᠦ᠂  ᠴᠢᠬᠤᠯᠠ  ᠶᠡᠭᠡ  ᠭᠡᠷᠡᠭ  ᠤᠴᠢᠷ ᠢ  ᠴᠠᠭ  ᠲᠤᠬᠠᠢ ᠳᠤᠨᠢ  ᠮᠡᠳᠡᠭᠦᠯᠬᠦ︾  ᠲᠦᠷᠢᠮ ᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠵᠥᠪ ᠣᠨᠣᠪᠴᠢᠲᠠᠢ ᠮᠡᠳᠡᠭᠦᠯᠬᠦ ᠶᠢ  ᠪᠠᠲᠤᠯᠠᠬᠤ ᠬᠡᠷᠡᠭᠲᠡᠢ᠃ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠵᠢᠯᠣᠭᠤᠳᠬᠤ ᠰᠠᠯᠠᠭ᠎ᠠ ᠮᠥᠴᠢᠷ᠂  ᠪᠥᠭᠡᠮ  ᠬᠦᠴᠢᠯ   ᠤᠨ  ᠰᠢᠯᠭᠠᠨ‌‍ᠪᠠᠶᠢᠴᠠᠭᠠᠯᠳᠠ ᠬᠢᠬᠦ ᠪᠠᠶᠢᠭᠤᠯᠤᠮᠵᠢ᠂ ᠲᠤᠰᠠᠭᠠᠷᠯᠠᠬᠤ ᠲᠠᠯᠠᠪᠤᠷ᠂  ᠲᠣᠭᠲᠠᠭᠰᠠᠨ  ᠴᠡᠭ ᠤᠨ  ᠡᠮᠨᠡᠯᠭᠡ ᠶᠢᠨ  ᠬᠤᠷᠢᠶ᠎ᠠ ᠯᠤᠭ᠎ᠠ ᠶᠢᠨ ᠬᠠᠷᠢᠯᠴᠠᠭ᠎ᠠ ᠶᠢ ᠲᠠᠷᠤᠢ ᠲᠦᠷᠭᠡᠨ ᠰᠢᠯᠤᠭᠤᠳᠬᠠᠬᠤ ᠬᠡᠷᠡᠭᠲᠡᠶ᠃ ᠰᠤᠷᠭᠠᠭᠤᠯᠢ ᠶᠢᠨ ᠲᠤᠳᠤᠷ᠎ᠠ ᠣᠨᠣᠰᠢᠯᠠᠭᠳᠠᠭᠰᠠᠨ ᠡᠪᠡᠳᠴᠢᠲᠡᠨ ᠭᠠᠷᠪᠠᠯ᠂ ᠲᠠᠷᠤᠢ ᠲᠦᠷᠭᠡᠨ ᠰᠤᠷᠭᠠᠭᠤᠯᠢ ᠶᠢᠨ ᠬᠦᠷᠢᠶ᠎ᠡ ᠶᠢ ᠪᠢᠲᠡᠭᠦᠮᠵᠢᠯᠡᠨ ᠬᠠᠮᠢᠶᠠᠷᠬᠤ᠂ ᠡᠪᠡᠳᠴᠢᠳᠡᠨ ᠢ  ᠲᠣᠬᠢᠷᠠᠭᠤᠯᠬᠤ  ᠪᠠ ᠨᠢᠭᠲᠠ ᠤᠶᠢᠷᠠᠳᠤᠬᠰᠠᠳ ᠢ ᠲᠤᠰᠠᠭᠠᠷᠯᠠᠨ ᠬᠠᠮᠢᠶᠠᠷᠬᠤ ᠬᠡᠷᠡᠭᠲᠡᠶ︔ ᠰᠦᠯᠵᠢᠶᠡᠨ  ᠭᠠᠳᠠᠨᠠᠬᠢ  ᠵᠢᠭᠠᠨ  ᠰᠤᠷᠭᠠᠯᠲᠠ ᠶᠢ  ᠳᠠᠷᠤᠶ‌‍ᠲ᠋ᠦ᠋ᠷᠭᠡᠨ ᠵᠣᠭᠰᠣᠭᠠᠵᠤ ᠰᠦᠯᠵᠢᠶᠡᠨ  ᠳᠡᠭᠡᠷᠡᠬᠢ  ᠵᠢᠭᠠᠨ  ᠰᠤᠷᠭᠠᠯᠲᠠ ᠶᠢ  ᠡᠬᠢᠯᠡᠭᠦᠯᠬᠦ ᠶᠢᠨ  ᠬᠠᠮᠲᠤ᠂  ᠡᠪᠡᠳᠴᠢᠨ  ᠡᠮᠭᠡᠭ ᠢ‌‍ᠰᠡᠷᠭᠡᠶᠢᠯᠡᠨ  ᠡᠵᠡᠮᠳᠡᠬᠦ  ᠰᠠᠯᠠᠭ᠎ᠠ  ᠮᠥᠴᠢᠷ ᠲᠠᠢ  ᠬᠠᠮᠵᠢᠯᠴᠠᠨ  ᠰᠤᠷᠭᠠᠭᠤᠯᠢ ᠶᠢᠨ  ᠬᠦᠷᠢᠶᠡᠨ ᠤ   ᠬᠠᠮᠢᠶᠠᠷᠤᠨ   ᠡᠵᠡᠮᠳᠡᠬᠦ᠂ ᠭᠤᠤᠯᠳᠠᠯᠭ᠎ᠠ ᠲᠠᠢ ᠬᠥᠮᠦᠰ ᠢ ᠲᠤᠰᠠᠭᠠᠷᠯᠠᠨ ᠰᠢᠯᠵᠢᠭᠦᠯᠦᠨ ᠵᠥᠭᠡᠭᠡᠪᠦᠷᠢᠯᠡᠬᠦ᠂ ᠬᠠᠯᠳᠠᠪᠤᠷᠢᠳᠦ ᠡᠪᠡᠳᠴᠢᠨ ᠤ ᠪᠠᠶᠢᠴᠠᠭᠠᠯᠳᠠ   ᠶᠢᠨ ᠥᠯᠢᠭᠡᠷ ᠠᠪᠬᠤ᠂ ᠪᠥᠬᠦ ᠠᠵᠢᠯᠲᠠᠨ ᠳᠤ ᠪᠥᠭᠡᠮ  ᠬᠦᠴᠢᠯ ᠤᠨ  ᠰᠢᠯᠭᠠᠨ  ᠪᠠᠶᠢᠴᠠᠭᠠᠯᠳᠠ  ᠬᠢᠬᠦ  ᠵᠡᠷᠭᠡ  ᠪᠠᠴᠢᠮ  ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠳᠡᠢ ᠭᠡᠵᠦ ᠱᠠᠭᠠᠷᠳᠠᠵᠠᠢ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号