ᠨᠡᠶᠢᠭᠡᠮ ᠤᠨ ᠰᠢᠯᠢᠳᠡᠭ ᠴᠢᠳᠠᠪᠤᠷᠢᠲᠠᠨ ᠢ ᠥᠷᠭᠡᠨ ᠢᠶᠠᠷ ᠤᠷᠢᠵᠤ ᠴᠡᠷᠢᠭ ᠠᠩᠭᠢ ᠶᠢᠨ ᠪᠥᠲᠥᠭᠡᠨ | ᠪᠠᠶᠢᠭᠤᠯᠤᠯᠲᠠ ᠳᠤ ᠦᠢᠯᠡᠴᠢᠯᠡᠬᠦᠯᠬᠦ ᠶᠢᠨ ᠲᠥᠯᠥᠭᠡ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ | ᠲᠥᠷᠥ ᠶᠢᠨ ᠠᠵᠢᠯ ᠤᠨ ᠬᠡᠯᠲᠡᠰ ᠣᠶᠢᠷ᠎ᠠ ᠳᠤ 2022 ᠣᠨ ᠤ ᠪᠥᠬᠦ ᠴᠡᠷᠢᠭ ᠤᠨ ᠨᠡᠶᠢᠭᠡᠮ ᠨᠡᠶᠢᠲᠡ ᠠᠴᠠ | ᠢᠯᠡ ᠪᠠᠷ ᠪᠢᠴᠢᠭ ᠤᠨ ᠲᠤᠰᠢᠶᠠᠯᠲᠠᠨ ᠡᠯᠰᠡᠬᠦ ᠠᠵᠢᠯ ᠢ ᠪᠠᠶᠢᠷᠢᠯᠠᠭᠤᠯᠪᠠ᠃ ᠲᠥᠯᠥᠪᠯᠡᠭᠡ ᠶᠢᠨ | ᠲᠣᠬᠢᠷᠠᠭᠤᠯᠤᠯᠲᠠ ᠶᠢ ᠦᠨᠳᠦᠰᠦᠯᠡᠪᠡᠯ᠂ ᠰᠢᠯᠭᠠᠯᠲᠠ ᠳᠤ ᠨᠡᠷ᠎ᠡ ᠮᠡᠳᠡᠭᠦᠯᠦᠭᠰᠡᠳ 2021 ᠣᠨ ᠤ 12 ᠰᠠᠷ᠎ᠠ ᠶᠢᠨ | 5 ᠤ ᠡᠳᠦᠷ ᠠᠴᠠ 9 ᠤ ᠡᠳᠦᠷ ᠪᠣᠯᠲᠠᠯ᠎ᠠ ᠴᠡᠷᠢᠭ ᠠᠩᠭᠢ ᠶᠢᠨ ᠴᠢᠳᠠᠪᠤᠷᠢᠲᠠᠨ ᠤ ᠰᠦᠯᠵᠢᠶ᠎ᠡ ᠳᠤ ᠤᠷᠤᠵᠤ ᠨᠡᠷ᠎ᠡ | ᠮᠡᠳᠡᠭᠦᠯᠵᠦ ᠪᠤᠯᠤᠨ᠎ᠠ᠂ 2022 ᠣᠨ ᠤ 1 ᠰᠠᠷ᠎ᠠ ᠶᠢᠨ 9 ᠤ ᠡᠳᠦᠷ ᠪᠥᠬᠦ ᠴᠡᠷᠢᠭ ᠤᠨ ᠨᠢᠭᠡᠳᠦᠯᠲᠡᠶ | ᠰᠢᠯᠭᠠᠯᠲᠠ ᠶᠢ ᠵᠣᠬᠢᠶᠠᠨ ᠪᠠᠶᠢᠭᠤᠯᠵᠤ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠤᠷᠲᠠᠨ ᠰᠢᠯᠭᠠᠯᠲᠠ ᠬᠢᠬᠦ᠂ | ᠤᠯᠤᠰ ᠲᠥᠷᠥ ᠶᠢᠨ ᠬᠢᠨᠠᠨ ᠪᠠᠶᠢᠴᠠᠭᠠᠯᠲᠠ ᠬᠢᠬᠦ᠂ ᠵᠠᠷᠯᠠᠨ ᠨᠡᠶᠢᠲᠡᠯᠡᠵᠦ ᠬᠢᠨᠠᠨ ᠵᠥᠪᠰᠢᠶᠡᠷᠡᠬᠦ ᠪᠠ | ᠨᠥᠬᠦᠪᠥᠷᠢᠯᠡᠨ ᠡᠯᠰᠡᠬᠦ ᠵᠡᠷᠭᠡ ᠠᠵᠢᠯ ᠢ ᠪᠡᠶᠡᠯᠡᠬᠦᠯᠬᠦ ᠪᠣᠯᠤᠨ᠎ᠠ᠃ ᠡᠨᠡ ᠤᠳᠠᠭ᠎ᠠ ᠢᠯᠡ ᠪᠠᠷ ᠰᠢᠯᠭᠠᠵᠤ | ᠡᠯᠰᠡᠬᠦ ᠳᠡᠭᠡᠨ᠂ ᠴᠡᠷᠢᠭ ᠠᠩᠭᠢ ᠶᠢᠨ ᠥᠭᠡᠷᠡᠴᠢᠯᠡᠯᠲᠡ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ | ᠬᠡᠷᠡᠭᠴᠡᠭᠡ ᠳᠤ ᠵᠣᠬᠢᠴᠠᠭᠤᠯᠤᠨ᠂ ᠴᠢᠳᠠᠪᠤᠷᠢᠲᠠᠨ ᠣᠷᠣᠭᠤᠯᠬᠤ ᠶᠠᠰᠤ ᠴᠢᠨᠠᠷ ᠦᠷ᠎ᠡ ᠠᠰᠢᠭ ᠢᠲ᠋ᠡᠭᠡᠭᠰᠢᠯᠡᠭᠦᠯᠬᠦ᠂ | ᠴᠠᠭ ᠤᠨ ᠲᠣᠬᠢᠷᠠᠭᠤᠯᠤᠯᠲᠠ ᠶᠢ ᠳᠣᠭᠢᠷᠠᠭᠤᠯᠬᠤ᠂ ᠠᠵᠢᠯ ᠤᠨ ᠪᠠᠶᠢᠷᠢ ᠶᠢᠨ ᠬᠡᠪᠴᠢᠶ᠎ᠡ ᠶᠢ ᠰᠢᠯᠢᠳᠡᠭᠵᠢᠭᠦᠯᠬᠦ᠂ | ᠪᠠᠷᠢᠮᠵᠢᠶ᠎ᠠ ᠨᠥᠬᠦᠴᠡᠯ ᠢ ᠴᠢᠩᠭ᠎ᠠ ᠠᠳᠬᠤᠬᠤ ᠶᠢ ᠪᠤᠳᠤᠯᠬᠢᠯᠠᠨ᠎ᠠ︔ ᠴᠡᠷᠢᠭ ᠤᠨ ᠭᠡᠷ ᠪᠦᠯᠢ ᠪᠠ | ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠳᠤ ᠬᠠᠷᠠᠭᠠᠯᠵᠠᠯ ᠦᠵᠡᠭᠦᠯᠬᠦ ᠤᠳᠤᠷᠢᠳᠤᠮᠵᠢ ᠶᠢ ᠪᠣᠶ ᠪᠤᠯᠭᠠᠬᠤ ᠶᠢ | ᠴᠢᠬᠤᠯᠠᠴᠢᠯᠠᠵᠤ᠂ ᠪᠥᠬᠦ ᠶᠠᠪᠤᠴᠠ ᠳᠤ ᠬᠢᠨᠠᠯᠲᠠ ᠲᠠᠯᠪᠢᠬᠤ ᠦᠢᠯᠡᠴᠢᠯᠡᠭᠡ ᠶᠢ ᠴᠢᠩᠭᠠᠳᠬᠠᠨ᠂ ᠬᠢᠵᠢᠭ ᠢ | ᠰᠡᠷᠭᠡᠶᠢᠯᠡᠨ ᠬᠤᠷᠢᠭᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠮᠦᠨ ᠡᠯᠰᠡᠬᠦ ᠰᠢᠯᠭᠠᠯᠲᠠ ᠶᠢᠨ | ᠠᠵᠢᠯ ᠤᠨ ᠡᠷᠬᠡ ᠲᠡᠭᠰᠢ ᠲᠥᠪ ᠭᠤᠤᠯᠴᠢ᠂ ᠡᠮᠬᠢ ᠵᠢᠷᠤᠮ ᠲᠠᠢ ᠶᠠᠪᠤᠬᠳᠠᠬᠤ ᠶᠢ ᠦᠨᠡᠨ ᠬᠦ ᠪᠠᠲᠤᠯᠠᠨ᠎ᠠ ᠬᠡᠪᠡ᠃ | | |