︽ᠬᠤᠣᠰ ᠵᠠᠭᠤᠨ ᠡᠳᠦᠷ︾ ᠤᠨ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠵᠦ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠳᠣᠳᠬᠠᠵᠣ ᠪᠠᠶᠢᠨ᠎ᠠ
ᠨᠡᠶᠢᠲᠡᠯᠡᠭᠰᠡᠨ ᠴᠠᠭ᠄
2021/12/8
    ︽ᠬᠤᠣᠰ ᠵᠠᠭᠤᠨ ᠡᠳᠦᠷ︾ ᠤᠨ ᠪᠣᠭᠤᠮᠲᠠ ᠰᠢᠪᠲᠤᠯᠬᠤ ᠠᠵᠢᠯᠯᠠᠭ᠎ᠠ ᠨᠢ ᠣᠳᠣᠬᠠᠨ ᠤ ᠮᠠᠨ ᠤ ᠠᠶᠢᠮᠠᠭ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠭᠤᠤᠯ ᠵᠥᠷᠢᠴᠡᠯ ᠪᠠ ᠲᠤᠯᠭᠠᠮ᠎ᠠ ᠰᠢᠢᠳᠪᠦᠷᠢᠯᠡᠬᠦ ᠠᠰᠠᠭᠤᠳᠠᠯ ᠳᠤ  ᠴᠢᠭᠯᠡᠭᠦᠯᠦᠨ ᠦᠷᠨᠢᠭᠦᠯᠦᠭᠰᠡᠨ ᠪᠥᠬᠦ ᠲᠠᠯ᠎ᠠ ᠶᠢ ᠳᠠᠶᠢᠴᠢᠯᠠᠬᠤ ᠴᠢᠬᠤᠯᠠ ᠠᠴᠢ ᠬᠤᠯᠪᠣᠭᠳᠠᠯ ᠲᠠᠢ ᠠᠵᠢᠯᠯᠠᠭ᠎ᠠ  ᠪᠣᠯᠬᠤ ᠶᠤᠮ᠃ ᠪᠦᠬᠦ ᠠᠶᠢᠮᠠᠭ ᠤᠨ ︽ᠬᠤᠣᠰ ᠵᠠᠭᠤᠨ ᠡᠳᠦᠷ︾  ᠤᠨ ᠪᠣᠭᠤᠮᠲᠠ ᠰᠢᠪᠲᠤᠯᠬᠤ ᠠᠵᠢᠯᠯᠠᠭ᠎ᠠ ᠡᠬᠢᠯᠡᠭᠰᠡᠨ ᠠᠴᠠ ᠨᠠᠰᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠠᠷᠣᠶᠢᠬᠠᠨ ᠲᠠᠶᠢᠴᠢᠯᠠᠯᠳᠠ ᠪᠠᠶᠢᠷᠢᠯᠠᠭᠤᠯᠣᠯᠳᠠ ᠬᠢᠵᠣ᠂ ᠠᠵᠢᠯ ᠤᠨ ᠬᠠᠷᠢᠭᠤᠴᠠᠯᠭ᠎ᠠ  ᠪᠠᠨ ᠴᠢᠩᠭ᠎ᠠ ᠪᠣᠳᠠᠳᠠᠶᠢᠵᠢᠭᠤᠯᠣᠨ᠂  ︽ᠬᠤᠣᠰ ᠵᠠᠭᠤᠨ ᠡᠳᠦᠷ︾ ᠤᠨ ᠪᠣᠭᠤᠮᠲᠠ ᠰᠢᠪᠲᠤᠯᠬᠤ ᠠᠵᠢᠯᠯᠠᠭᠠᠨ ᠤ ᠪᠣᠳᠠᠲᠠᠢ ᠳᠤ ᠨᠠᠶᠢᠳᠠᠪᠤᠷᠢᠵᠢᠭᠳᠠᠬᠤ ᠶᠢ ᠠᠬᠢᠭᠤᠯᠵᠠᠢ᠃ ᠡᠯ᠎ᠡ ᠬᠤᠰᠢᠭᠤ ᠰᠢᠶᠠᠨ ᠬᠤᠲᠠ ︵ᠣᠷᠣᠨ︶ ᠨᠢ ᠤᠷᠢᠳ ᠬᠤᠵᠢᠳ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠤᠭᠰᠠᠨ ᠤ ᠬᠠᠮᠳᠣ  ᠠᠵᠢᠯᠯᠠᠭᠠᠨ ᠤ ᠲᠥᠰᠦᠯ ᠵᠢᠴᠢ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠣ ᠲᠣᠭᠲᠠᠭᠠᠵᠤ᠂ ᠪᠠᠷᠠᠭᠤᠨ ᠦᠵᠦᠮᠦᠴᠢᠨ  ᠬᠤᠰᠢᠭᠤ ᠨᠢ ᠪᠥᠬᠦ ᠠᠶᠢᠮᠠᠭ ᠤᠨ 13 ᠬᠤᠰᠢᠭᠤ ᠰᠢᠶᠠᠨ ᠬᠤᠲᠠ ︵ᠣᠷᠣᠨ︶  ᠳᠤ ᠲᠦᠷᠦᠬᠦᠯᠣᠨ ᠬᠤᠷᠠᠯ ᠬᠤᠷᠠᠯᠳᠤᠭᠤᠯᠵᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠠᠵᠢᠯᠯᠠᠭᠠᠨ ᠤ ᠲᠥᠰᠦᠯ ᠪᠠ ᠨᠠᠷᠢᠨ ᠬᠠᠭᠤᠳᠠᠰᠣ ᠲᠣᠭᠲᠠᠭᠠᠬᠤ ᠶᠢ ᠡᠩ ᠲᠡᠷᠢᠬᠦᠨ ᠳᠤ ᠪᠡᠶᠡᠯᠡᠭᠦᠯᠵᠦ᠂ ᠪᠣᠭᠤᠮᠲᠠ ᠰᠢᠪᠲᠤᠯᠬᠤ ᠠᠵᠢᠯ  ᠢᠶᠠᠨ ᠡᠷᠲᠡ ᠰᠦᠪᠡᠭᠴᠢᠯᠡᠨ᠂ ᠲᠦᠷᠭᠡᠨ ᠬᠢᠵᠠᠢ᠃ ᠰᠥᠨᠢᠳ ᠵᠡᠭᠦᠨ ᠬᠤᠰᠢᠭᠤ ᠨᠢ ᠠᠰᠠᠭᠤᠳᠠᠯ ᠢ ᠡᠮᠬᠢᠯᠡᠨ ᠪᠦᠷᠢᠳᠬᠡᠬᠦ ᠶᠢ ᠪᠣᠭᠤᠮᠲᠠ ᠰᠢᠪᠲᠤᠯᠬᠤ ᠠᠵᠢᠯᠯᠠᠭᠠᠨ ᠤ ᠵᠠᠩᠭᠢᠯᠠᠭ᠎ᠠ ᠪᠣᠯᠭᠠᠵᠣ᠂ ᠠᠩᠬ᠎ᠠ 457 ᠠᠰᠠᠭᠤᠳᠠᠯ ᠢ ᠪᠠᠶᠢᠴᠠᠭᠠᠨ ᠡᠷᠢᠵᠣ ᠪᠠᠶᠢᠭᠰᠠᠨ ᠠᠴᠠ 857 ᠠᠰᠠᠭᠤᠳᠠᠯ ᠪᠣᠯᠭᠠᠨ ᠨᠡᠮᠡᠵᠣ᠂ ᠪᠦᠬᠦᠨ ᠢ ᠰᠢᠢᠳᠪᠦᠷᠢᠯᠡᠬᠦ ᠪᠠᠷ ᠴᠢᠷᠮᠠᠶᠢᠵᠣ ᠪᠠᠶᠢᠨ᠎ᠠ᠃ ᠠᠶᠢᠮᠠᠭ ᠤᠨ ᠡᠨᠧᠷᠭᠢ ᠶᠢᠨ ᠲᠣᠪᠴᠢᠶ᠎ᠠ ᠨᠢ ᠰᠠᠯᠠᠭ᠎ᠠ ᠮᠥᠴᠢᠷ ᠤᠨ ᠡᠭᠦᠷᠭᠡ  ᠴᠢᠳᠠᠪᠬᠢ ᠲᠠᠢ ᠪᠠᠨ ᠤᠶᠠᠯᠳᠤᠭᠤᠯᠤᠨ᠂  ᠨᠡᠭᠦᠷᠡᠰᠦᠨ ᠠᠭᠤᠷᠬᠠᠶ᠂ ᠴᠠᠬᠢᠯᠭᠠᠨ ᠬᠦᠴᠦ᠂ ᠲᠣᠰᠣ ᠬᠡᠶ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠵᠡᠷᠭᠡ 3 ᠲᠤᠰᠬᠠᠶ ᠴᠡᠭᠴᠡᠯᠡᠨ ᠵᠠᠰᠠᠬᠤ ᠲᠥᠰᠦᠯ ᠢ ᠬᠦᠷᠢᠶ᠎ᠡ ᠴᠠᠷᠠᠭ᠎ᠠ ᠬᠤᠪᠢᠶᠠᠨ ᠲᠣᠭᠲᠠᠭᠠᠵᠤ᠂ ᠡᠬᠡ ᠲᠠᠩᠰᠠ ᠨᠢ ᠪᠦᠷᠢᠨ᠂ ᠡᠭᠦᠷᠭᠡ ᠨᠢ ᠲᠣᠳᠣᠷᠬᠠᠶ᠂ ᠠᠷᠭ᠎ᠠ ᠬᠡᠮᠵᠢᠶ᠎ᠡ ᠨᠢ ᠪᠣᠳᠠᠲᠠᠶ ᠪᠠᠶᠢᠬᠤ ᠶᠢ ᠪᠡᠶᠡᠯᠡᠭᠦᠯᠵᠠᠢ᠃ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠥᠨᠳᠥᠷ ᠲᠤ ᠠᠵᠢᠯᠯᠠᠬᠤ᠂ ᠲᠦᠷ ᠴᠠᠭ ᠴᠠᠬᠢᠯᠭᠠᠨ ᠬᠡᠷᠡᠭᠯᠡᠬᠦ ᠵᠡᠷᠭᠡ ᠠᠳᠡᠯ ᠠᠮᠠᠷᠬᠠᠨ ᠡᠭᠦᠰᠬᠦ  ᠪᠣᠶᠣ ᠠᠳᠡᠯ ᠣᠯᠠᠨ  ᠡᠭᠦᠰᠬᠦ ᠬᠦᠷᠢᠶ᠎ᠡ ᠴᠠᠷᠠᠭ᠎ᠠ ᠵᠢᠴᠢ ᠰᠢᠲᠠᠮᠠᠬᠠᠶ ᠬᠡᠶ᠂ ᠢᠯᠴᠢ ᠬᠠᠩᠭᠠᠬᠤ᠂ ᠬᠤᠲᠠ ᠶᠢᠨ ᠤᠰᠤ ᠬᠠᠩᠭᠠᠬᠤ ᠵᠡᠷᠭᠡ ᠨᠡᠶᠢᠲᠡ ᠶᠢᠨ ᠬᠡᠷᠡᠭᠯᠡᠭᠡᠨ ᠤ ᠲᠦᠬᠦᠭᠡᠷᠣᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠬᠡᠮ ᠰᠣᠭᠤᠭ ᠢ ᠳᠠᠷᠣᠢ ᠲᠦᠷᠭᠡᠨ ᠠᠷᠢᠯᠭᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠠᠢ᠃     ᠣᠳᠣᠬᠠᠨ ᠳᠤ᠂ ᠪᠥᠬᠦ ᠠᠶᠢᠮᠠᠭ ᠤᠨ ᠡᠯ᠎ᠡ ᠱᠠᠲᠤᠨ ᠤ ᠪᠠᠶᠢᠭᠤᠯᠭ᠎ᠠ ᠨᠢᠭᠡᠴᠡ ᠪᠣᠯᠤᠨ ᠡᠯ᠎ᠡ ᠬᠤᠰᠢᠭᠤ ᠰᠢᠶᠠᠨ ᠬᠤᠲᠠ ︵ᠣᠷᠣᠨ︶ ᠨᠢ ᠪᠣᠭᠤᠮᠲᠠ ᠰᠢᠪᠲᠤᠯᠬᠤ ᠬᠠᠷᠠᠯᠲᠠ ᠪᠠᠨ ᠲᠣᠳᠣᠷᠬᠠᠶᠢᠯᠠᠵᠤ᠂ ᠪᠣᠭᠤᠮᠲᠠ ᠰᠢᠪᠲᠤᠯᠬᠤ ᠡᠭᠦᠷᠭᠡ ᠪᠠᠨ ᠨᠠᠷᠢᠯᠢᠬᠵᠢᠭᠤᠯᠤᠨ᠂ ᠪᠣᠭᠤᠮᠲᠠ ᠰᠢᠪᠲᠤᠯᠬᠤ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠩᠰᠠ ᠬᠠᠷᠭᠤᠭᠤᠯᠬᠤ ᠵᠦᠢᠯᠡᠰ ᠢ ᠲᠤᠰᠬᠠᠶ ᠬᠥᠮᠦᠨ ᠢᠶᠠᠷ ᠬᠠᠷᠭᠤᠭᠤᠯᠣᠨ ᠬᠢᠯᠭᠡᠬᠦ᠂  ᠴᠠᠭ ᠲᠣᠭᠳᠠᠭᠠᠨ ᠬᠢᠯᠭᠡᠬᠦ  ᠂ ᠦᠨᠡᠨᠬᠦ ᠠᠳᠬᠤᠨ ᠪᠣᠳᠠᠲᠠᠶ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠣ᠂ ᠪᠣᠭᠤᠮᠲᠠ ᠰᠢᠪᠲᠤᠯᠬᠤ ᠠᠵᠢᠯᠯᠠᠭᠠᠨ ᠤ   ᠪᠣᠳᠠᠳᠣ ᠦᠷ᠎ᠡ ᠪᠦᠲᠦᠮᠵᠢ ᠤᠯᠬᠤ ᠶᠢ ᠦᠨᠡᠨᠬᠦ  ᠪᠠᠳᠣᠯᠠᠵᠣ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号