ᠯᠦᠸᠧ ᠴᠢᠩ ᠵᠠᠬᠢᠷᠭ᠎ᠠ ᠶᠢᠨ 2021 ᠣᠨ ᠤ ᠬᠤᠷᠢᠨ ᠳᠥᠷᠪᠡᠳᠦᠭᠡᠷ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/9
    12 ᠳ᠋ᠤᠭᠠᠷ ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠦᠸᠧ ᠴᠢᠩ ᠠᠶᠢᠮᠠᠭ ᠤᠨ ᠵᠠᠬᠢᠷᠭ᠎ᠠ ᠶᠢᠨ 2021 ᠣᠨ ᠤ ᠬᠤᠷᠢᠨ ᠳᠥᠷᠪᠡᠳᠦᠭᠡᠷ ᠣᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠭᠡᠭᠡᠯᠲᠡ ᠶᠢᠨ ᠣᠷᠣᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠵᠡᠷᠭᠡ ᠵᠦᠢᠯᠡᠰ ᠢ ᠰᠣᠳᠣᠯᠪᠠ᠃     ᠬᠤᠷᠠᠯ ᠠᠴᠠ ᠵᠢᠭᠠᠬᠤ ᠳᠠᠭᠠᠨ᠂ ᠨᠡᠭᠡᠭᠡᠯᠲᠡ ᠶᠢᠨ ᠣᠷᠣᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢᠶᠠᠨ ᠰᠠᠶᠢᠲᠤᠷ ᠬᠢᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢᠨ ᠳᠦᠷᠢᠮᠵᠢᠯᠳᠡ ᠪᠠᠶᠢᠩᠭᠤᠵᠢᠯᠳᠠ ᠶᠢ ᠠᠬᠢᠭᠤᠯᠬᠤ ᠪᠣᠯ ᠡᠬᠢ ᠡᠭᠦᠰᠦᠯ ᠠᠴᠠ ᠨᠢ ᠬᠡᠪ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠶᠢᠨ ᠬᠦᠴᠦᠲᠡᠢ ᠭᠠᠷᠳᠠᠴᠠ ᠪᠠᠶᠢᠵᠣ᠂ ᠤᠯᠤᠰ ᠲᠦᠷᠦ ᠶᠢᠨ ᠣᠷᠴᠢᠨ ᠠᠬᠤᠢ ᠶᠢ ᠴᠡᠪᠡᠷᠰᠢᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠪᠡ᠃     ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠬᠡᠷᠡᠭ ᠢᠶᠠᠷ ᠥᠭᠡᠷᠡᠴᠢᠯᠡᠯᠲᠡ ᠶᠢ  ᠠᠬᠢᠭᠤᠯᠵᠣ ᠰᠡᠷᠡᠮᠵᠢᠯᠡᠬᠦᠯᠦᠨ ᠬᠦᠮᠦᠵᠢᠬᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠡᠷᠭᠡᠳᠡᠬᠢ ᠶᠠᠪᠣᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠬᠥᠮᠦᠵᠢᠭᠦᠯᠵᠦ᠂ ᠬᠡᠷᠡᠭ ᠢᠶᠠᠷ ᠵᠢᠭᠠᠨ ᠰᠣᠷᠭᠠᠵᠣ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠴᠡᠭᠡᠷᠯᠡᠯ ᠪᠣᠯᠭᠠᠵᠤ᠂ ᠪᠠᠶᠢᠩᠭᠤ ᠰᠡᠷᠡᠮᠵᠢᠯᠡᠬᠦᠯᠬᠦ ᠬᠡᠷᠡᠭᠲᠡᠢ᠃ ᠤᠯᠤᠰ ᠲᠦᠷᠦ ᠶᠢᠨ ᠴᠢᠭᠯᠡᠯ ᠢᠶᠠᠨ ᠪᠠᠳᠣ ᠡᠵᠡᠮᠳᠡᠨ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠠᠴᠠ ᠨᠢ ᠵᠡᠷᠭᠡᠪᠡᠷ ᠵᠠᠰᠠᠬᠤ  ᠶᠢ ᠪᠠᠷᠢᠮᠲᠠᠯᠠᠵᠤ᠂ ᠱᠠᠯᠠᠪᠳᠠᠭᠤᠯᠣᠨ ᠴᠡᠭᠴᠡᠯᠡᠨ ᠰᠠᠶᠢᠵᠢᠷᠠᠭᠤᠯᠬᠤ  ᠶᠢ ᠴᠢᠩᠭᠠᠷᠠᠭᠤᠯᠵᠣ᠂ ᠴᠡᠭᠴᠡᠯᠡᠨ ᠰᠠᠶᠢᠵᠢᠷᠠᠭᠤᠯᠬᠤ ᠡᠭᠦᠷᠭᠡ  ᠪᠠᠨ ᠲᠣᠭᠳᠠᠭᠰᠠᠨ ᠴᠠᠭ ᠲᠤ ᠪᠡᠶᠡᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠤᠨ ᠪᠠᠶᠢᠷᠢ ᠪᠣᠯᠤᠨ ᠵᠠᠩᠭᠢᠯᠠᠭ᠎ᠠ ᠶᠢᠨ ᠭᠤᠭᠴᠣᠭᠠᠨ ᠤ ᠲᠣᠭᠤᠷᠢᠨ ᠳᠤ᠂ ᠨᠢᠭᠡ ᠠᠴᠠ ᠨᠦᠬᠦᠭᠡ ᠶᠢ ᠵᠦᠢᠴᠢᠯᠡᠨ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠰᠡᠷᠭᠡᠶᠢᠯᠡᠬᠦ ᠬᠤᠷᠢᠭᠯᠠᠬᠤ ᠠᠷᠭ᠎ᠠ  ᠬᠡᠮᠵᠢᠶ᠎ᠡ ᠪᠠᠨ ᠨᠠᠶᠢᠳᠠᠪᠤᠷᠢᠵᠢᠭᠤᠯᠤᠨ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠴᠢᠩᠭ᠎ᠠ ᠠᠷᠭ᠎ᠠ ᠬᠡᠮᠵᠢᠶ᠎ᠡ᠂ ᠪᠣᠳᠠᠲᠠᠢ ᠬᠡᠪ ᠰᠤᠷᠲᠠᠯ ᠢᠶᠠᠷ ᠬᠡᠷᠡᠭ ᠢᠶᠠᠷ ᠥᠭᠡᠷᠡᠴᠢᠯᠡᠯᠲᠡ  ᠶᠢ ᠠᠬᠢᠭᠤᠯᠬᠤ ᠳᠦᠷᠢᠮᠵᠢᠯᠲᠡ ᠪᠠᠶᠢᠩᠭᠤᠵᠢᠯᠲᠠ ᠶᠢ ᠠᠬᠢᠭᠤᠯᠵᠤ ᠂ ᠢᠯᠵᠢᠷᠡᠯ ᠢ ᠡᠰᠡᠷᠭᠦᠴᠡᠬᠦ ᠠᠵᠢᠯ  ᠢᠶᠠᠨ ᠦᠨᠡᠨᠬᠦ ᠰᠢᠨ᠎ᠡ ᠲᠦᠪᠰᠢᠨ ᠳᠤ ᠬᠦᠷᠭᠡᠬᠦ ᠬᠡᠷᠡᠭᠲᠡᠢ ᠭᠡᠪᠡ᠃     ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠣᠳᠣᠯᠪᠠ  ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号