ᠪᠤᠭᠤᠮᠳᠠ ᠰᠢᠪᠳᠤᠯᠵᠦ ᠬᠦᠴᠢᠷ ᠢ ᠰᠦᠷᠦᠨ ᠡᠷᠡᠮᠡᠭᠡᠶᠢᠯᠡᠨ ᠤᠷᠤᠭᠰᠢᠯᠠᠨᠠᠮ
ᠨᠡᠶᠢᠲᠡᠯᠡᠭᠰᠡᠨ ᠴᠠᠭ᠄
2021/2/10
    2020 ᠤᠨ ᠪᠤᠯ ᠲᠦᠢᠯ ᠤᠨ ᠶᠡᠷᠦ ᠪᠤᠰᠤ ᠶᠢᠨ ᠨᠢᠭᠡᠨ ᠵᠢᠯ ᠪᠤᠯᠤᠨ᠎ᠠ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠡᠨᠡᠳᠲᠡ ᠲᠠᠭᠠᠷᠢᠨ ᠢᠷᠡᠬᠦ ᠳᠤ ᠪᠦᠬᠦ ᠠᠶᠢᠮᠠᠭ ᠲᠠᠶᠠᠭᠠᠷ ᠡᠷᠡᠮᠡᠭᠡᠶᠢᠯᠡᠨ ᠤᠷᠤᠭᠰᠢᠯᠠᠵᠤ᠂ ᠬᠦᠴᠢᠷ ᠢ ᠰᠦᠷᠦᠨ ᠨᠤᠭᠤᠷᠠᠰᠢ ᠦᠭᠡᠢ ᠲᠡᠮᠡᠴᠡᠪᠠ᠃     ᠨᠢᠭᠡ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ ᠰᠢᠯᠢ ᠶᠢᠨ ᠭᠤᠤᠯ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠦᠴᠢᠷ ᠬᠢᠵᠢᠭ ᠤᠨ ᠪᠠᠶᠢᠳᠠᠯ ᠤᠨ ᠨᠦᠯᠦᠭᠡ ᠶᠢ ᠴᠢᠷᠮᠠᠶᠢᠨ ᠠᠷᠭᠠᠴᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠲᠦᠯᠲᠡᠢ ᠲᠦᠯᠦᠪᠵᠢᠬᠦᠯᠦᠨ ᠠᠬᠢᠭᠤᠯᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠷᠭ᠎ᠠ ᠭᠡᠮᠵᠢᠶ᠎ᠠ ᠶᠢ ᠴᠢᠩᠭᠠᠳᠬᠠᠵᠤ᠂ ︽ᠵᠢᠷᠭᠤᠭ᠎ᠠ ᠶᠢ ᠪᠠᠳᠤᠯᠠᠬᠤ︾ ᠡᠬᠦᠷᠭᠡ ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠠᠵᠤ ᠠᠬᠤᠢ ᠶᠢᠨ ᠭᠤᠤᠯ ᠴᠤᠭᠴᠠ ᠶᠢᠨ ᠬᠦᠭᠵᠢᠯᠲᠡ ᠶᠢᠨ ᠬᠦᠴᠢᠷᠲᠡᠯ ᠢ ᠰᠢᠢᠳᠪᠤᠷᠢᠯᠡᠬᠦ ᠲᠦᠷᠦ ᠶᠢᠨ ᠪᠤᠳᠤᠯᠭ᠎ᠠ ᠶᠢᠨ ᠠᠷᠭ᠎ᠠ ᠭᠡᠮᠵᠢᠶ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠭᠦᠭᠵᠢᠯᠲᠡ ᠶᠢᠨ ᠲᠡᠯᠳᠡ ᠬᠦᠴᠦᠨ ᠢ ᠪᠠᠳᠠᠷᠠᠭᠤᠯᠵᠠᠢ᠃     ᠨᠢᠭᠡᠲᠦᠭᠡᠷ ᠠᠵᠤ ᠦᠢᠯᠡᠰ᠄ ᠨᠡᠷᠡᠲᠦ ᠲᠡᠮᠳᠡᠭ ᠪᠠ ᠪᠦᠲᠦᠴᠡ ᠶᠢ ᠴᠢᠬᠤᠯᠠᠴᠢᠯᠠᠨ ᠠᠳᠬᠤᠪᠠ     ᠠᠮᠢ ᠠᠬᠤᠢ ᠶᠢ ᠣᠷᠢᠳᠠᠪᠡᠷ ᠪᠤᠳᠤᠯᠬᠢᠯᠠᠭᠰᠠᠨ᠂ ᠪᠤᠬᠢᠷᠳᠦᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠡᠷᠢᠯᠬᠢᠯᠡᠬᠦ  ᠳᠡᠭᠡᠨ ᠰᠢᠯᠢ ᠶᠢᠨ ᠭᠤᠤᠯ ᠠᠶᠢᠮᠠᠭ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠲᠡ ᠶᠢ ᠠᠬᠢᠭᠤᠯᠵᠤ᠂ ᠮᠠᠯ ᠤᠨ ᠠᠰᠢᠭ ᠰᠢᠮ᠎ᠠ ᠶᠢᠨ ᠪᠦᠲᠦᠭᠡᠭᠲᠡᠬᠦᠨ ᠤ ᠴᠢᠨᠠᠷ ᠰᠠᠶᠢᠨ ᠦᠨ᠎ᠠ ᠦᠨᠳᠤᠷ᠂ ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠲᠡᠯ ᠢ ᠪᠡᠶᠡᠯᠡᠬᠦᠯᠵᠤ᠂ ᠤᠯᠤᠰ ᠤᠨ ᠠᠮᠢ ᠠᠬᠤᠢ ᠶᠢᠨ ᠲᠡᠭᠡᠳᠥ ᠲᠡᠰ ᠤᠨ ᠮᠠᠯ ᠤᠨ ᠠᠰᠢᠭ ᠰᠢᠮ᠎ᠠ ᠶᠢᠨ ᠪᠦᠲᠦᠭᠡᠭᠲᠡᠬᠦᠨ ᠤ ᠲᠦᠪ ᠢ ᠪᠦᠬᠦ ᠬᠦᠴᠦᠨ ᠢᠶᠠᠷ ᠪᠠᠶᠢᠭᠤᠯᠵᠤ ᠪᠠᠶᠢᠨ᠎ᠠ᠃     ᠠᠵᠤ ᠦᠢᠯᠡᠰᠵᠢᠯᠳᠠ ᠪᠤᠯ ᠨᠡᠷᠡᠳᠤ ᠲᠡᠮᠳᠡᠭ ᠤᠨ ᠪᠠᠶᠢᠭᠤᠯᠤᠯᠳᠠ ᠶᠢ ᠠᠬᠢᠭᠤᠯᠬᠤ ᠴᠢᠬᠤᠯᠠ ᠠᠴᠢᠶᠠᠯᠠᠭᠴᠢ ᠪᠤᠯᠤᠨ᠎ᠠ᠂ ᠨᠢᠳᠤᠨᠤᠨ᠂ ᠮᠠᠨ ᠤ ᠠᠶᠢᠮᠠᠭ 16 ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠢᠢᠯᠠᠭᠴᠢ ᠠᠵᠤ ᠠᠬᠤᠢᠢᠯᠠᠯ ᠢ ᠲᠤᠭᠳᠠᠭᠠᠵᠤ᠂ ᠠᠵᠤ ᠤᠢᠢᠯᠡᠰᠵᠢᠯᠳᠠ ᠶᠢᠨ ᠲᠤᠯᠤᠭᠠᠢᠢᠯᠠᠭᠴᠢ ᠠᠵᠤ ᠠᠬᠤᠢᠢᠯᠠᠯ 94 ᠪᠤᠯᠵᠤ᠂ ᠡᠬᠦᠨ ᠳᠤ ᠤᠯᠤᠰ ᠤᠨ ᠲᠡᠰ ᠤᠨ 3᠂ ᠦᠪᠡᠷᠲᠡᠭᠡᠨ ᠵᠠᠰᠠᠬᠤ ᠤᠷᠤᠨ ᠤ ᠳᠡᠰ ᠤᠨ 42 ᠂ ᠠᠶᠢᠮᠠᠭ ᠤᠨ ᠲᠠᠰ ᠤᠨ 49 ᠪᠤᠯᠵᠠᠢ᠃ ᠡᠬᠦᠨ ᠤ ᠬᠠᠮᠳᠤ᠂ 7 ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠤᠯᠪᠤᠭᠠᠳᠤ ᠴᠤᠭᠴᠠ ᠶᠢ ᠦᠨᠡᠯᠡᠨ ᠲᠤᠭᠳᠠᠭᠠᠵᠤ᠂ ᠨᠡᠶᠢᠲᠡ 37 ᠪᠤᠯᠵᠤ᠂ ᠦᠪᠡᠷᠲᠡᠭᠡᠨ ᠵᠠᠰᠠᠬᠤ ᠤᠷᠤᠨ ᠤ ᠲᠠᠰ ᠤᠨ ᠠᠵᠤ ᠦᠢᠯᠡᠰᠵᠢᠭᠰᠡᠨ ᠵᠢᠱᠢᠶ᠎ᠠ ᠦᠵᠡᠬᠦᠯᠬᠦ ᠬᠤᠯᠪᠤᠭᠠᠳᠤ ᠴᠤᠭᠴᠠ ᠪᠠᠷ 5 ᠶᠢ ᠡᠷᠡᠮᠡᠯᠵᠡᠬᠦ ᠪᠠᠷ ᠪᠠᠶᠢᠨ᠎ᠠ᠃     2020 ᠤᠨ ᠳᠤ᠂ ᠪᠦᠬᠦ ᠠᠶᠢᠮᠠᠭ ᠤᠨ ᠠᠮᠤ ᠪᠤᠳᠠᠭ᠎ᠠ ᠡᠯᠪᠡᠭ ᠬᠤᠷᠢᠶᠠᠯᠳᠠ ᠤᠯᠵᠤ᠂ ᠲᠠᠷᠢᠵᠤ ᠦᠷᠡᠵᠢᠬᠦᠯᠬᠦ ᠪᠦᠲᠦᠴᠡ ᠲᠡᠬᠢᠨ ᠰᠢᠯᠢᠳᠡᠭᠵᠢᠵᠠᠢ᠃     ᠠᠮᠤ  ᠪᠣᠳᠠᠭᠠᠨ ᠤ ᠤᠨᠠᠯᠳᠠ ᠶᠢᠨ ᠭᠡᠮᠵᠢᠶ᠎ᠠ 51.42 ᠲᠦᠮᠡᠨ ᠲᠤᠨ ᠬᠦᠷᠴᠤ᠂ ᠠᠳᠠᠯᠢ ᠬᠤᠭᠤᠴᠠᠭᠠᠨ ᠤ ᠬᠢ ᠠᠴᠠ 3.42 ᠲᠦᠮᠡᠨ ᠲᠤᠨ ᠨᠡᠮᠡᠭᠲᠡᠵᠤ᠂ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠪᠤᠷᠳᠤᠭ᠎ᠠ ᠶᠢᠨ ᠬᠠᠷᠢᠴᠠᠯ 68᠄ 18᠄ 14 ᠪᠤᠯᠵᠠᠢ᠃     ᠮᠠᠯ ᠤᠨ ᠲᠤᠭ᠎ᠠ ᠲᠤᠯᠤᠭᠠᠢ 1312 ᠲᠦᠮᠡ ᠬᠦᠷᠴᠤ᠂ ᠠᠳᠠᠯᠢ ᠬᠤᠭᠤᠴᠠᠭᠠᠨ ᠤ ᠬᠢ ᠠᠴᠠ 14.3 ᠲᠦᠮᠡ ᠨᠡᠮᠡᠭᠲᠡᠪᠠ︔ 23.24 ᠳ᠋ᠦᠩᠰᠢᠭᠤᠷ ᠺᠢᠯᠦᠭᠷᠡᠮ ᠡᠪᠡᠰᠤ ᠬᠠᠳᠤᠵᠤ ᠬᠤᠷᠢᠶᠠᠨ᠂ ᠠᠳᠠᠯᠢ ᠬᠤᠭᠤᠴᠠᠭᠠᠨ ᠤ ᠬᠢ ᠠᠴᠠ 1.22 ᠳ᠋ᠦᠩᠰᠢᠭᠤᠷ ᠺᠢᠯᠦᠭᠷᠡᠮ ᠨᠡᠮᠡᠭᠲᠡᠵᠡᠢ᠃     ᠤᠳᠤ  ᠦᠶ᠎ᠠ  ᠶᠢᠨ  ᠮᠢᠬᠠᠨ ᠤ ᠦᠭᠡᠷ ᠤᠨ ᠠᠵᠤ ᠦᠢᠯᠡᠰ ᠢ ᠬᠦᠭᠵᠢᠬᠦᠯᠵᠦ᠂ ᠨᠢᠳᠤᠨᠤᠨ 3.1 ᠲᠦᠮᠡᠨ ᠰᠢᠯᠢᠳᠡᠭ ᠡᠬᠦᠯᠳᠡᠷ ᠤᠨ ᠦᠭᠡᠷ ᠤᠷᠤᠭᠤᠯᠵᠤ᠂ ᠡᠬᠦᠷᠭᠡ ᠪᠠᠨ 103% ᠪᠠᠷ ᠪᠡᠶᠡᠯᠡᠬᠦᠯᠵᠡᠢ︔ ᠡᠬᠦᠯᠲᠡᠷ ᠰᠠᠶᠢᠵᠢᠷᠠᠭᠤᠯᠤᠭᠰᠠᠨ ᠨᠢ 84.4 ᠲᠦᠮᠡᠨ ᠲᠤᠯᠤᠭᠠᠢ ᠬᠦᠷᠴᠤ᠂ ᠡᠬᠦᠷᠭᠡ ᠪᠠᠨ 104% ᠪᠠᠷ ᠪᠡᠶᠡᠯᠡᠬᠦᠯᠵᠤ᠂ ᠦᠭᠡᠷ ᠤᠨ ᠦᠷᠡᠵᠢᠯᠳᠠ ᠶᠢᠨ ᠨᠤᠷᠮ᠎ᠠ 79.9% ᠬᠦᠷᠴᠡᠢ᠃     ᠮᠢᠬᠠᠨ ᠤ ᠬᠤᠨᠢ ᠶᠢᠨ ᠠᠵᠤ ᠦᠢᠯᠡᠰ ᠢ ᠰᠢᠯᠢᠳᠡᠭᠵᠢᠬᠦᠯᠦᠨ ᠬᠦᠴᠦᠷᠭᠡᠭᠵᠢᠬᠦᠯᠵᠦ᠂ ᠨᠢᠳᠤᠨᠤᠨ 11 ᠦᠷ᠎ᠠ ᠶᠢᠨ ᠮᠠᠯ ᠤᠨ ᠲᠠᠯᠠᠪᠠᠢ ᠶᠢ ᠦᠭᠡᠷᠡᠴᠢᠯᠡᠨ ᠪᠠᠶᠢᠭᠤᠯᠵᠤ᠂ ᠦᠷᠡᠵᠢᠭᠦᠯᠬᠦ ᠲᠠᠯᠠᠪᠠᠢ ᠰᠢᠨ᠎ᠠ ᠪᠠᠷ 40 ᠶᠢ ᠪᠠᠶᠢᠭᠤᠯᠵᠤ᠂ 300 ᠭᠤᠤᠯᠯᠠᠬᠤ ᠰᠦᠷᠦᠭ ᠢ ᠬᠢᠨᠠᠨ ᠲᠤᠭᠳᠠᠭᠠᠵᠤ᠂ 3 ᠲᠦᠮᠡᠡ ᠰᠢᠯᠢᠳᠡᠭ ᠬᠤᠴᠠ ᠲᠠᠢ ᠪᠤᠯᠪᠠ᠃ ︽ᠬᠤᠨᠢ ᠶᠢ ᠴᠦᠭᠡᠳᠭᠡᠵᠤ ᠦᠭᠡᠷ ᠢ ᠨᠡᠮᠡᠭᠲᠡᠬᠦᠯᠬᠦ︾ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠦᠭᠵᠢᠯᠲᠡ ᠶᠢ ᠴᠢᠩᠭᠠᠳᠬᠠᠵᠤ᠂ 2020 ᠤᠨ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠲᠡ ᠶᠢ ᠮᠠᠯᠵᠢᠬᠤ᠂ ᠪᠤᠷᠤᠯᠠᠭᠤᠯᠬᠤ᠂ ᠡᠳ᠋ᠰᠢᠬᠦᠯᠦᠨ ᠪᠤᠯᠪᠠᠰᠤᠷᠠᠭᠤᠯᠬᠤ ᠡᠯ᠎ᠡ ᠭᠤᠭᠴᠤᠭᠠᠨ ᠳᠤ ᠠᠭᠤᠰᠤᠯᠴᠠᠭᠤᠯᠵᠤ᠂ ᠮᠠᠯᠵᠢᠬᠤ ᠤᠷᠤᠨ ᠤ ᠦᠢᠯᠡᠳᠪᠤᠷᠢᠯᠠᠯ ᠡᠵᠡᠩᠨᠡᠯᠲᠡ ᠶᠢᠨ ᠪᠦᠲᠦᠴᠡ ᠶᠢ ᠠᠯᠬᠤᠮ ᠠᠯᠬᠤᠮ ᠢᠶᠠᠷ ᠲᠤᠬᠢᠷᠠᠭᠤᠯᠵᠤ᠂ ᠡᠯ᠎ᠡ ᠲᠦᠷᠦᠯ ᠤᠨ ᠭᠤᠤᠯ ᠡᠯᠧᠮᠧᠨ᠋ᠲ ᠢ ᠰᠢᠯᠢᠳᠡᠭᠵᠢᠬᠦᠯᠦᠨ ᠲᠤᠬᠢᠷᠠᠭᠤᠯᠵᠤ ᠪᠤᠢ᠃     ᠬᠤᠶᠠᠳᠤᠭᠠᠷ ᠠᠵᠤ ᠦᠢᠯᠡᠰ᠄ ᠰᠦᠭᠡᠷᠬᠦ ᠠᠴᠠ ᠡᠶᠡᠷᠬᠦ ᠪᠤᠯᠵᠤ ᠪᠦᠬᠦ ᠲᠠᠯ᠎ᠠ ᠪᠠᠷ ᠨᠡᠮᠡᠭᠲᠡᠪᠠ     ᠨᠢᠳᠤᠨᠤᠨ ᠵᠢᠯ ᠤᠨ ᠡᠬᠢᠨ ᠳᠤ᠂ ᠠᠵᠤ ᠠᠬᠤᠢᠢᠯᠠᠯ ᠤᠨ ᠠᠵᠢᠯ ᠦᠢᠯᠡᠳᠪᠤᠷᠢᠯᠡᠯ ᠢᠶᠠᠨ ᠰᠡᠷᠬᠦᠭᠡᠬᠦ ᠶᠠᠪᠤᠴᠠ ᠲᠤᠮᠳᠠ ᠮᠠᠨ ᠤ ᠠᠶᠢᠮᠠᠭ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠢᠢᠯᠠᠯ ᠳᠤ ︽ᠨᠢᠭᠡ ᠠᠵᠤ ᠠᠬᠤᠢᠢᠯᠠᠯ ᠳᠤ ᠨᠢᠭᠡ ᠠᠷᠭ᠎ᠠ ᠪᠤᠳᠤᠯᠭ᠎ᠠ︾ ᠶᠢᠨ ᠬᠠᠪᠰᠤᠷᠤᠨ ᠲᠡᠳᠬᠦᠬᠦ ᠲᠦᠷᠢᠮ ᠢ ᠭᠡᠷᠡᠭᠵᠢᠬᠦᠯᠵᠤ᠂ ᠠᠵᠤ ᠠᠬᠤᠢᠢᠯᠠᠯ ᠤᠨ ᠦᠢᠯᠡᠳᠪᠤᠷᠢᠯᠡᠯ ᠤᠨ ᠭᠤᠤᠯ ᠡᠯᠧᠮᠧᠨ᠋ᠲ ᠤᠨ ᠬᠠᠩᠭᠠᠯᠭ᠎ᠠ ᠭᠡᠷᠡᠭᠴᠡᠭᠡ ᠶᠢ ᠭᠡᠮᠵᠢᠨ ᠪᠠᠶᠢᠴᠠᠭᠠᠵᠤ᠂ ᠠᠵᠤ ᠠᠬᠤᠢᠢᠯᠠᠯ ᠢ ᠬᠠᠪᠰᠤᠷᠤᠨ ᠲᠡᠳᠬᠦᠬᠦ ᠡᠯ᠎ᠡ ᠲᠠᠯ᠎ᠠ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠭᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢᠢᠯᠠᠯ ᠤᠨ ᠦᠢᠯᠡᠳᠪᠤᠷᠢᠯᠡᠯ ᠡᠵᠡᠩᠨᠡᠯᠲᠡ ᠶᠢᠨ ᠲᠤᠮᠳᠠ ᠲᠤᠬᠢᠶᠠᠯᠳᠤᠭᠰᠠᠨ ᠬᠦᠴᠢᠷᠲᠡᠯ ᠪᠠ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠤᠷᠢᠯᠡᠵᠤ᠂ ᠨᠢᠳᠤᠨᠤᠨ ᠤ 3 ᠰᠠᠷ᠎ᠠ ᠶᠢᠨ ᠰᠡᠬᠦᠯᠴᠢ ᠪᠤᠯᠳᠠᠯ᠎ᠠ᠂ ᠪᠦᠬᠦ ᠠᠶᠢᠮᠠᠭ ᠤᠨ ᠪᠤᠢ ᠪᠦᠬᠦᠢ ᠠᠵᠤ ᠦᠢᠯᠡᠳᠪᠤᠷᠢ ᠶᠢᠨ ᠠᠵᠤ ᠠᠬᠤᠢᠢᠯᠠᠯ ᠠᠵᠢᠯ ᠦᠢᠯᠡᠳᠪᠤᠷᠢᠯᠡᠯ ᠢᠶᠠᠨ ᠰᠡᠷᠬᠦᠭᠡᠵᠠᠢ᠃ ᠨᠢᠳᠤᠨᠤᠨ ᠤ 1 ᠰᠠᠷ᠎ᠠ ᠠᠴᠠ 11 ᠰᠠᠷ᠎ᠠ ᠬᠦᠷᠲᠡᠯ᠎ᠡ᠂ ᠪᠦᠬᠦ ᠠᠶᠢᠮᠠᠭ ᠤᠨ 211 ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠢᠢᠯᠠᠯ ᠤᠨ ᠦᠢᠯᠡᠳᠪᠤᠷᠢᠯᠡᠯ ᠤᠨ ᠦᠷᠲᠡᠭ 590.6 ᠳ᠋ᠦᠩᠰᠢᠭᠤᠷ ᠲᠦᠬᠦᠷᠢᠭ ᠢ ᠪᠡᠶᠡᠯᠡᠬᠦᠯᠵᠤ᠂ 10.2% ᠢᠶᠠᠷ ᠨᠡᠮᠡᠭᠲᠡᠵᠤ᠂ ᠨᠡᠮᠡᠭᠲᠡᠯ ᠦᠷᠲᠡᠭ ᠨᠢ ᠠᠳᠠᠯᠢ ᠬᠤᠭᠤᠴᠠᠭᠠᠨ ᠤ ᠬᠢ ᠠᠴᠠ 15.3% ᠪᠠᠷ ᠨᠡᠮᠡᠭᠲᠡᠵᠤ᠂ ᠪᠦᠬᠦ ᠤᠷᠤᠨ ᠳᠤ ᠲᠦᠷᠦᠬᠦᠯᠡᠵᠤ᠂ 2013 ᠤᠨ ᠠᠴᠠ ᠨᠠᠭᠠᠰᠢᠬᠢ ᠰᠢᠨ᠎ᠠ ᠲᠡᠮᠳᠡᠭᠯᠡᠯ ᠢ ᠡᠬᠦᠳᠴᠡᠢ᠃ ᠠᠵᠤ ᠦᠢᠯᠡᠳᠪᠤᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 241 ᠳ᠋ᠦᠩᠰᠢᠭᠤᠷ ᠲᠦᠬᠦᠷᠢᠭ ᠬᠦᠷᠴᠤ᠂ ᠨᠡᠮᠡᠭᠲᠡᠯ ᠤᠨ ᠬᠤᠷᠳᠤᠴᠠ ᠪᠦᠬᠦ ᠤᠷᠤᠨ ᠳᠤ ᠬᠤᠶᠠᠳᠤᠭᠠᠷ ᠪᠠᠶᠢᠷᠢᠨ ᠳᠤ ᠵᠢᠭᠰᠠᠭᠠᠭᠳᠠᠵᠤ᠂ ᠠᠵᠤ ᠠᠬᠤᠢ ᠶᠢᠨ ᠲᠠᠷᠤᠯᠳᠠ ᠶᠢ ᠲᠤᠯᠵᠤ ᠭᠠᠷᠪᠠ᠃     ᠨᠢᠭᠡ ᠵᠢᠯ ᠤᠨ ᠲᠤᠳᠤᠷ᠎ᠠ᠂ ᠪᠦᠬᠦ ᠠᠶᠢᠮᠠᠭ ᠤᠨ ᠳ᠋ᠦᠩᠰᠢᠭᠤᠷ ᠲᠦᠬᠦᠷᠢᠭ ᠠᠴᠠ ᠲᠡᠭᠡᠭᠰᠢᠬᠢ 55 ᠭᠤᠤᠯᠳᠠᠯᠭ᠎ᠠ ᠲᠠᠢ ᠠᠵᠤ ᠦᠢᠯᠡᠳᠪᠤᠷᠢ ᠶᠢᠨ ᠲᠦᠷᠦᠯ ᠵᠦᠢᠯ ᠠᠴᠠ ᠠᠵᠢᠯ ᠦᠢᠯᠡᠳᠪᠤᠷᠢᠯᠡᠯ  ᠢᠶᠠᠨ ᠰᠡᠷᠬᠦᠭᠡᠭᠰᠡᠨ ᠨᠢ 50 ᠪᠠᠶᠢᠵᠤ᠂ 163.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠡᠢ᠃ ᠡᠬᠦᠨ‌ᠡᠴᠠ ᠭᠠᠳᠠᠨ᠎ᠠ᠂ ᠲᠤᠨᠤᠭ ᠦᠢᠯᠡᠳᠭᠡᠯ  ᠤᠨ ᠦᠢᠯᠡᠰ 66.2% ᠢᠶᠠᠷ ᠨᠡᠮᠡᠭᠲᠡᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠳᠠᠮᠠᠬᠠᠢ ᠭᠡᠢ ᠵᠢᠴᠢ ᠤᠰᠤᠨ ᠤ ᠦᠢᠯᠡᠳᠪᠤᠷᠢᠯᠡᠯ ᠪᠠ ᠬᠠᠩᠭᠠᠯᠭ᠎ᠠ ᠶᠢᠨ ᠦᠢᠯᠡᠰ 13.7% ᠪᠠᠷ ᠨᠡᠮᠡᠭᠲᠡᠵᠤ᠂ ᠨᠡᠯᠢᠶᠡᠳ ᠦᠨᠳᠤᠷ ᠨᠡᠮᠡᠭᠲᠡᠯ ᠢ ᠪᠠᠳᠤᠯᠠᠵᠠᠢ︔ ᠠᠵᠤ ᠦᠢᠯᠡᠳᠪᠤᠷᠢ ᠶᠢᠨ ᠪᠦᠲᠦᠭᠡᠭᠳᠡᠬᠦᠨ ᠤ ᠦᠢᠯᠡᠳᠪᠤᠷᠢᠯᠡᠯ ᠪᠤᠷᠤᠯᠠᠭᠤᠯᠭ᠎ᠠ ᠶᠢᠨ ᠨᠤᠷᠮ᠎ᠠ ᠲᠡᠭᠡᠭᠰᠢᠯᠡᠵᠤ᠂ 98.1% ᠬᠦᠷᠴᠤ᠂ ᠠᠳᠠᠯᠢ ᠬᠤᠭᠤᠴᠠᠭᠠᠨ ᠤ ᠬᠢ ᠠᠴᠠ 2.7 ᠵᠠᠭᠤᠨ ᠤ ᠬᠤᠪᠢ ᠨᠡᠮᠡᠭᠲᠡᠵᠡᠢ︔ ᠠᠵᠤ ᠠᠬᠤᠢᠢᠯᠠᠯ ᠤᠨ ᠠᠰᠢᠭ ᠤᠷᠤᠯᠭ᠎ᠠ ᠶᠢᠨ ᠶᠡᠷᠦᠩᠭᠡᠢ ᠭᠡᠮᠵᠢᠶ᠎ᠠ 31.70 ᠳ᠋ᠦᠩᠰᠢᠭᠤᠷ ᠲᠦᠬᠦᠷᠢᠭ ᠬᠦᠷᠴᠤ᠂ ᠠᠳᠠᠯᠢ ᠬᠤᠭᠤᠴᠠᠭᠠᠨ ᠤ ᠬᠢ ᠠᠴᠠ 8.7% ᠨᠡᠮᠡᠭᠲᠡᠵᠤ᠂ ᠲᠡᠭᠡᠷ᠎ᠠ ᠬᠠᠭᠠᠰ ᠵᠢᠯ ᠤᠨ ᠰᠦᠭᠡᠷᠬᠦ ᠨᠡᠮᠡᠭᠲᠡᠯ ᠪᠠᠶᠢᠭᠰᠠᠨ ᠠᠴᠠ ᠡᠶᠡᠷᠬᠦ ᠨᠡᠮᠡᠭᠲᠡᠯ ᠪᠤᠯᠵᠤ᠂ 21 ᠵᠠᠭᠤᠨ ᠤ ᠬᠤᠪᠢ ᠪᠠᠷ ᠨᠡᠮᠡᠭᠲᠡᠵᠡᠢ᠃     ᠰᠢᠨ᠎ᠠ ᠬᠦᠭᠵᠢᠯᠲᠡ ᠶᠢᠨ ᠪᠠᠶᠢᠷᠢᠰᠢᠯ ᠲᠦᠷᠭᠡᠨ  ᠪᠤᠢ  ᠪᠤᠯᠵᠤ᠂ ᠴᠢᠨᠠᠷ ᠰᠠᠶᠢᠳᠠᠢ ᠬᠦᠭᠵᠢᠯᠲᠡ ᠶᠢ ᠬᠦᠨᠵᠡᠭᠡᠢ ᠭᠡᠷᠡᠭᠵᠢᠬᠦᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠰᠡᠬᠦᠯ ᠬᠤᠷᠢᠶᠠᠵᠦ᠂ ︽ᠠᠷᠪᠠᠨ ᠲᠦᠷᠪᠡᠲᠦᠭᠡᠷ ᠲᠠᠪᠤᠨ ᠵᠢᠯ︾ ᠢ ᠤᠬᠳᠤᠬᠤ 2020 ᠤᠨ ᠳᠤ ᠰᠢᠯᠢ ᠶᠢᠨ ᠭᠤᠤᠯ ᠠᠶᠢᠮᠠᠭ ᠤᠨ ᠠᠵᠤ ᠦᠢᠯᠡᠳᠪᠤᠷᠢ ᠨᠡᠮᠡᠭᠳᠠᠯ ᠢᠶᠠᠨ ᠪᠠᠳᠤᠯᠠᠵᠤ᠂ ᠠᠵᠤ ᠠᠬᠤᠢᠢᠯᠠᠯ ᠤᠨ ᠠᠰᠢᠭ ᠤᠷᠤᠯᠭ᠎ᠠ ᠨᠡᠮᠡᠭᠲᠠᠵᠠᠢ᠃     ᠭᠤᠷᠪᠠᠳᠤᠭᠠᠷ ᠠᠵᠤ ᠦᠢᠯᠡᠰ᠄ ᠠᠮᠢᠯᠠᠨ ᠰᠡᠷᠭᠦᠵᠦ ᠲᠦᠷᠭᠡᠨ ᠨᠡᠮᠡᠭᠲᠡᠯ ᠲᠠᠢ ᠪᠤᠯᠪᠠ     2020 ᠤᠨ ᠳᠤ᠂ ᠪᠦᠬᠦ ᠠᠶᠢᠮᠠᠭ 12 ᠭᠤᠤᠯᠳᠠᠯᠭ᠎ᠠ ᠲᠠᠢ ᠰᠤᠶᠤᠯ ᠵᠢᠭᠤᠯᠴᠢᠯᠠᠯ ᠤᠨ ᠲᠦᠷᠦᠯ ᠵᠦᠢᠯ ᠢ ᠭᠡᠷᠡᠭᠵᠢᠬᠦᠯᠬᠦ ᠪᠠᠷ ᠲᠦᠯᠦᠪᠯᠡᠵᠤ᠂ 4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠠᠶᠡᠯᠡᠬᠦᠯᠵᠤ᠂ ᠤᠳᠤᠬᠠᠨ ᠪᠤᠯᠳᠠᠯ᠎ᠠ 12 ᠲᠦᠷᠦᠯ ᠵᠦᠢᠯ ᠪᠦᠬᠦᠨ ᠢᠶᠠᠷ ᠢᠶᠠᠨ ᠠᠵᠢᠯ ᠦᠢᠯᠡᠳᠪᠤᠷᠢᠯᠡᠯ ᠢᠶᠠᠨ ᠰᠡᠷᠬᠦᠭᠡᠭᠰᠡᠨ ᠪᠤᠶᠤ ᠪᠦᠲᠦᠭᠡᠨ ᠪᠠᠶᠢᠭᠤᠯᠵᠤ᠂ 3.7 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠡᠬᠦᠨ ᠳᠤ 4 ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠦᠷᠦᠯ ᠵᠦᠢᠯ ᠳᠤ ᠨᠢᠭᠡᠨᠲᠡ 1.7 ᠳ᠋ᠦᠩᠰᠢᠭᠤᠷ ᠲᠦᠬᠦᠷᠢᠭ ᠪᠡᠯᠡ ᠤᠷᠤᠭᠤᠯᠵᠠᠢ᠃     2020 ᠤᠨ ᠳᠤ᠂ ᠦᠢᠯᠡᠴᠢᠯᠡᠭᠡᠨ ᠤ ᠦᠢᠯᠡᠰ ᠬᠢᠵᠢᠭ ᠤᠨ ᠪᠠᠶᠢᠳᠠᠯ ᠤᠨ ᠨᠦᠯᠦᠭᠡ ᠶᠢ ᠬᠠᠮᠤᠭ ᠶᠡᠭᠡ ᠬᠦᠷᠲᠡᠵᠤ᠂ ᠲᠡᠭᠡᠷ᠎ᠠ ᠬᠠᠭᠠᠰ ᠵᠢᠯ ᠪᠦᠬᠦ ᠠᠶᠢᠮᠠᠭ ᠤᠨ ᠦᠢᠯᠡᠴᠢᠯᠡᠭᠡᠨ ᠤ ᠦᠢᠯᠡᠰ ᠪᠠᠭᠤᠷᠠᠯᠳᠠ ᠲᠠᠢ ᠪᠤᠯᠪᠠ᠂ ᠬᠢᠵᠢᠭ ᠤᠨ ᠨᠦᠯᠦᠭᠡ ᠶᠢ ᠪᠦᠲᠦᠮᠵᠢᠳᠠᠢ  ᠠᠷᠭᠠᠴᠠᠬᠤ ᠶᠢᠨ ᠲᠦᠯᠦᠭᠡ᠂ ᠮᠠᠨ ᠤ ᠠᠶᠢᠮᠠᠭ ᠤᠯᠠᠷᠢᠯ ᠪᠤᠯᠭᠠᠨ ᠬᠤᠷᠠᠯ ᠬᠤᠷᠠᠯᠳᠤᠭᠤᠯᠤᠨ ᠲᠤᠬᠢᠷᠠᠭᠤᠯᠤᠯᠳᠠ ᠬᠢᠵᠤ᠂ ᠰᠠᠯᠠᠭ᠎ᠠ ᠮᠦᠴᠢᠷ ᠭᠤᠤᠯᠳᠠᠯᠭ᠎ᠠ ᠲᠠᠢ ᠲᠦᠷᠦᠯ ᠵᠦᠢᠯ ᠭᠤᠤᠯᠳᠠᠯᠭ᠎ᠠ ᠲᠠᠢ ᠠᠵᠤ ᠠᠬᠤᠢᠢᠯᠠᠯ ᠲᠠᠢ ᠬᠠᠷᠢᠯᠴᠠᠵᠤ ᠦᠢᠯᠡᠴᠢᠯᠡᠬᠦ ᠠᠵᠢᠯ ᠤᠨ ᠲᠤᠭᠳᠠᠴᠠ ᠶᠢ ᠪᠠᠶᠢᠭᠤᠯᠵᠤ᠂ 1.18 ᠳ᠋ᠦᠩᠰᠢᠭᠤᠷ ᠲᠦᠬᠦᠷᠢᠭ ᠪᠡᠯᠡ ᠤᠷᠤᠭᠤᠯᠤᠨ ᠦᠢᠯᠡᠴᠢᠯᠡᠭᠡᠨ ᠤ ᠦᠢᠯᠡᠰ ᠤᠨ ᠭᠤᠤᠯᠳᠠᠯᠭ᠎ᠠ ᠲᠠᠢ ᠠᠵᠢᠯ ᠲᠦᠷᠦᠯ ᠢ ᠲᠡᠮᠵᠢᠨ ᠲᠡᠳᠬᠦᠪᠡ᠃     ᠲᠦᠷᠦᠬᠦᠤ ᠭᠤᠷᠪᠠᠨ ᠤᠯᠠᠷᠢᠯ ᠳᠤ᠂ ᠪᠦᠬᠦ ᠠᠶᠢᠮᠠᠭ ᠤᠨ ᠭᠤᠷᠪᠠᠳᠤᠭᠠᠷ ᠠᠵᠤ ᠦᠢᠯᠡᠰ ᠤᠨ ᠨᠡᠮᠡᠭᠲᠡᠯ ᠦᠷᠲᠡᠭ ᠤᠨ ᠪᠠᠭᠤᠷᠠᠯᠳᠠ ᠶᠢᠨ ᠭᠡᠮᠵᠢᠶ᠎ᠠ ᠲᠡᠭᠡᠷ᠎ᠠ ᠬᠠᠭᠠᠰ ᠵᠢᠯ ᠤᠨ ᠬᠢ ᠠᠴᠠ 3.0 ᠵᠠᠭᠤᠨ ᠤ ᠬᠤᠪᠢ ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠰᠡᠷᠬᠦᠨ ᠬᠦᠭᠵᠢᠵᠤ᠂ ᠲᠦᠷᠪᠡᠲᠦᠭᠡᠷ ᠤᠯᠠᠷᠢᠯ ᠳᠤ ᠰᠠᠶᠢᠨ ᠢᠯᠡᠷᠡᠯ ᠲᠠᠢ ᠪᠤᠯᠵᠦ᠂ ᠦᠢᠯᠡᠴᠢᠯᠡᠭᠡᠨ ᠤ ᠦᠢᠯᠡᠰ ᠲᠦᠷᠭᠡᠨ ᠰᠡᠷᠬᠦᠵᠡᠢ᠃     ᠦᠢᠯᠡᠴᠢᠯᠡᠭᠡᠨ ᠤ ᠦᠢᠯᠡᠰ ᠰᠡᠷᠬᠦᠨ ᠬᠦᠭᠵᠢᠬᠦ ᠶᠢᠨ ᠬᠠᠮᠳᠤ ᠰᠢᠤᠳᠠᠨ ᠵᠢᠴᠢ ᠲᠦᠷᠭᠡᠨ ᠭᠤᠪᠢᠭᠤᠯᠭ᠎ᠠ ᠶᠢᠨ ᠦᠢᠯᠡᠰ ᠰᠠᠶᠢᠵᠢᠷᠠᠵᠤ᠂ 1 — 8 ᠰᠠᠷ᠎ᠠ ᠳᠤ ᠪᠦᠬᠦ ᠠᠶᠢᠮᠠᠭ ᠤᠨ ᠰᠢᠤᠳᠠᠨ ᠴᠠᠬᠢᠯᠭᠠᠠ ᠬᠤᠯᠪᠤᠭ᠎ᠠ ᠶᠢᠨ ᠦᠢᠯᠡᠰ ᠤᠨ ᠶᠡᠷᠦᠩᠭᠡᠢ ᠭᠡᠮᠵᠢᠶ᠎ᠠ 44.28 ᠳ᠋ᠦᠩᠰᠢᠭᠤᠷ ᠲᠦᠬᠦᠷᠢᠭ ᠬᠦᠷᠴᠤ᠂ ᠠᠳᠠᠯᠢ ᠬᠤᠭᠤᠴᠠᠭᠠᠨ ᠤ ᠬᠢ ᠠᠴᠠ 42.4% ᠪᠠᠷ ᠨᠡᠮᠡᠭᠲᠡᠵᠤ᠂ ᠡᠬᠦᠨ ᠳᠤ ᠰᠢᠤᠳᠠᠨ ᠤ ᠦᠢᠯᠡᠰ ᠤᠨ ᠶᠡᠷᠦᠩᠭᠡᠢ ᠭᠡᠮᠵᠢᠶ᠎ᠠ 1.44 ᠳ᠋ᠦᠩᠰᠢᠭᠤᠷ ᠲᠦᠬᠦᠷᠢᠭ ᠬᠦᠷᠴᠤ᠂ ᠠᠳᠠᠯᠢ ᠬᠤᠭᠤᠴᠠᠭᠠᠨ ᠤ ᠬᠢ ᠠᠴᠠ 18.5% ᠪᠠᠷ ᠨᠡᠮᠡᠭᠲᠡᠪᠡ᠃ ᠲᠦᠷᠭᠡᠨ ᠭᠤᠪᠢᠭᠤᠯᠭ᠎ᠠ ᠶᠢᠨ ᠦᠢᠯᠡᠰ ᠤᠨ ᠶᠡᠷᠦᠩᠭᠡᠢ ᠭᠡᠮᠵᠢᠶ᠎ᠠ 397 ᠲᠦᠮᠡᠨ ᠪᠠᠭᠯᠠᠭ᠎ᠠ ᠬᠦᠷᠴᠤ᠂ ᠠᠳᠠᠯᠢ ᠬᠤᠭᠤᠴᠠᠭᠠᠨ ᠤ ᠬᠢ ᠠᠴᠠ 42.8% ᠪᠠᠷ ᠨᠡᠮᠡᠭᠲᠡᠪᠡ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号