ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠳᠤ ᠣᠴᠢᠭᠤᠯᠵᠤ ᠬᠢᠴᠢᠶᠡᠯ ᠣᠷᠤᠭᠤᠯᠬᠤ ᠪᠤᠶᠤ ᠬᠢᠴᠢᠶᠡᠯ ᠨᠦᠬᠦᠭᠦᠯᠵᠦ ᠪᠣᠯᠬᠤ ᠦᠭᠡᠢ
ᠨᠡᠶᠢᠲᠡᠯᠡᠭᠰᠡᠨ ᠴᠠᠭ᠄
2021/2/2
    ᠣᠶᠢᠷ᠎ᠠ ᠳᠤ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠎ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠯ᠎ᠡ ᠭᠠᠵᠠᠷ ᠤᠨ ᠡᠯ᠎ᠡ ᠰᠤᠷᠭᠠᠭᠤᠯᠢ  ᠎ ᠨᠤᠭᠤᠳ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ  ᠳᠤ ᠣᠴᠢᠭᠤᠯᠵᠤ ᠬᠠᠮᠲᠤ ᠎ ᠪᠠᠷ ᠬᠢᠴᠢᠶᠡᠯ ᠨᠦᠬᠦᠭᠦᠯᠬᠦ ᠪᠤᠶᠤ ᠰᠢᠨ᠎ᠡ ᠬᠢᠴᠢᠶᠡᠯ ᠣᠷᠤᠭᠤᠯᠬᠤ ᠶᠢ ᠴᠢᠩᠭ᠎ᠠ ᠬᠤᠷᠢᠭᠯᠠᠨ᠎ᠠ᠂  ᠪᠠᠭ᠎ᠠ  ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠳᠠᠰᠬᠠᠯ ᠲᠣᠬᠢᠷᠠᠭᠤᠯᠬᠤ ᠶᠢ ᠴᠢᠩᠭ᠎ᠠ ᠬᠤᠷᠢᠭᠯᠠᠨ᠎ᠠ ᠭᠡᠵᠡᠢ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠮᠡᠳᠡᠭᠳᠡᠯ ᠳᠤ ᠪᠠᠨ᠂ ᠥᠪᠥᠷ ᠮᠣᠩᠭᠤᠯ ᠤᠨ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠤᠨ ᠡᠪᠦᠯ ᠎ ᠤᠨ ᠠᠮᠠᠷᠠᠯᠲᠠ ᠪᠠ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠵᠢᠯ ᠢ ᠤᠷᠢᠳᠴᠢᠯᠠᠨ  ᠪᠠᠶᠢᠷᠢᠯᠠᠭᠤᠯᠵᠤ᠂  ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠳᠤ ᠣᠴᠢᠭᠤᠯᠵᠤ ᠬᠠᠮᠲᠤ ᠪᠠᠷ ᠬᠢᠴᠢᠶᠡᠯ ᠨᠦᠬᠦᠬᠦᠯᠬᠦ ᠪᠤᠶᠤ ᠰᠢᠨ᠎ᠡ ᠬᠢᠴᠢᠶᠡᠯ ᠣᠷᠤᠭᠤᠯᠬᠤ ᠶᠢ ᠴᠢᠩᠭ᠎ᠠ ᠬᠤᠷᠢᠭᠯᠠᠬᠤ ᠬᠡᠷᠡᠭᠲᠡᠢ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠣᠬᠢᠶᠠᠨ ᠪᠠᠶᠢᠭᠤᠯᠤᠯᠲᠠ ᠪᠤᠶᠤ ᠪᠤᠰᠤᠳ ᠪᠠᠭᠰᠢ᠂ ᠭᠡᠷ ᠤᠨ ᠠᠬᠠᠮᠠᠳ᠂ ᠭᠡᠷ ᠤᠨ ᠠᠬᠠᠮᠠᠳ ᠤᠨ ᠵᠥᠪᠯᠡᠯ ᠵᠡᠷᠭᠡ ᠶᠢᠨ ᠵᠣᠬᠢᠶᠠᠨ ᠪᠠᠶᠢᠭᠤᠯᠤᠭᠰᠠᠨ ᠲᠦᠯᠦᠪᠦᠷᠢ ᠲᠠᠢ ᠬᠢᠴᠢᠶᠡᠯ ᠨᠦᠬᠦᠬᠦ ᠳᠤ ᠣᠷᠣᠯᠴᠠᠬᠤ ᠪᠤᠶᠤ ᠰᠤᠷᠤᠭᠴᠢᠳ ᠢ ᠦᠳᠦᠭᠡᠨ ᠲᠤᠰ ᠬᠦᠮᠦᠨ᠂ ᠪᠤᠰᠤᠳ ᠬᠦᠮᠦᠨ ᠪᠤᠶᠤ  ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠲᠦᠯᠦᠪᠦᠷᠢ ᠲᠠᠢ ᠬᠢᠴᠢᠶᠡᠯ ᠨᠦᠬᠦᠬᠦ ᠳᠤ ᠣᠷᠣᠯᠴᠠᠭᠤᠯᠬᠤ ᠶᠢ ᠡᠷᠡᠰ ᠬᠤᠷᠢᠭᠯᠠᠨ᠎ᠠ᠂ ᠪᠠᠭᠰᠢ ᠨᠠᠷ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠰᠤᠷᠤᠭᠴᠢ ᠲᠠᠨᠢᠯᠴᠠᠭᠤᠯᠵᠤ ᠪᠣᠯᠬᠤ ᠦᠭᠡᠢ᠂ ᠬᠤᠯᠪᠣᠭᠳᠠᠯ  ᠪᠦᠬᠦᠢ ᠮᠡᠳᠡᠭᠡ ᠵᠠᠩᠭᠢ ᠬᠠᠩᠭᠠᠵᠤ ᠪᠣᠯᠬᠤ ᠦᠭᠡᠢ ᠭᠡᠵᠦ ᠴᠢᠩᠭ᠎ᠠ ᠱᠠᠭᠠᠷᠳᠠᠵᠠᠢ᠃  ᠣᠶᠢᠯᠠᠭᠠᠭᠰᠠᠨ ᠢᠶᠠᠷ᠂ ᠥᠪᠥᠷ ᠮᠣᠩᠭᠤᠯ ᠨᠢ  ᠠᠵᠢᠯᠯᠠᠵᠣ  ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠦᠯᠦᠪᠦᠷᠢ ᠲᠠᠢ ᠭᠡᠷ ᠤᠨ ᠰᠤᠷᠭᠠᠨ ᠬᠦᠮᠦᠵᠢᠯ ᠬᠢᠬᠦ ᠪᠤᠶᠤ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠢᠶᠠᠯ ᠬᠠᠪᠰᠤᠷᠭᠠᠬᠤ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠢᠯᠡᠴᠢᠯᠡᠨ ᠮᠡᠳᠡᠭᠦᠯᠬᠦ ᠤᠲᠠᠰᠤ ᠶᠢ ᠢᠯᠡ ᠨᠡᠶᠢᠲᠡᠯᠡᠨ᠂  ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠨ ᠪᠠᠶᠢᠯᠭᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠨ᠂ ᠲᠤᠰᠬᠠᠢ ᠵᠦᠢᠯ ᠢᠶᠠᠷ ᠬᠢᠨᠠᠨ ᠪᠠᠶᠢᠴᠠᠭᠠᠬᠤ ᠪᠠ ᠰᠢᠪᠠᠳᠠᠨ ᠪᠠᠶᠢᠴᠠᠭᠠᠯᠲᠠ ᠦᠷᠨᠢᠬᠦᠯᠦᠨ᠎ᠡ᠂ ᠡᠰᠡᠷᠭᠦᠴᠡᠯᠳᠦᠨ ᠰᠠᠬᠢᠯᠭ᠎ᠠ ᠪᠠᠲᠤ ᠎ ᠶᠢ  ᠵᠦᠷᠢᠴᠡᠭᠰᠡᠨ᠂ ᠰᠤᠷᠭᠠᠭᠤᠯᠢ ᠪᠠ ᠪᠠᠭᠰᠢ ᠶᠢ ᠳᠦᠷᠢᠮ ᠰᠠᠬᠢᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠢᠯᠡ ᠵᠠᠷᠯᠠᠨ᠎ᠠ ᠭᠡᠵᠡᠢ᠃        
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号