ᠳᠠᠯᠳᠠ ᠤᠬᠠᠮᠰᠠᠷ ᠪᠠ ᠬᠡᠦᠬᠡᠳ ᠤᠨ ᠦᠰᠦᠨ ᠪᠤᠶᠢᠵᠢᠯᠳᠡ
ᠨᠡᠶᠢᠲᠡᠯᠡᠭᠰᠡᠨ ᠴᠠᠭ᠄
2021/2/22
    ᠪᠢᠳᠡᠨ ᠤ ᠮᠡᠳᠡᠭᠡᠵᠢ ᠪᠠᠷ ᠬᠦᠮᠦᠨ ᠤ ᠤᠬᠠᠮᠰᠠᠷ ᠤᠨ 95% ᠨᠢ ᠳᠠᠯᠳᠠ ᠤᠬᠠᠮᠰᠠᠷ᠂ 5% ᠨᠢ ᠢᠯᠡ ᠤᠬᠠᠮᠰᠠᠷ ᠪᠠᠶᠢᠵᠤ᠂ ᠳᠠᠯᠳᠠ ᠤᠬᠠᠮᠰᠠᠷ ᠨᠢ ᠪᠢᠳᠡᠨ ᠤ ᠠᠮᠢᠳᠤᠷᠠᠯ ᠢ ᠦᠯᠦ ᠮᠡᠳᠡᠭ ᠢᠶᠠᠷ ᠨᠦᠯᠦᠭᠡᠯᠡᠵᠤ᠂ ᠮᠠᠨ ᠤ ᠦᠵᠡᠯ ᠤᠬᠠᠮᠰᠠᠷ᠂ ᠦᠢᠯᠡ ᠠᠵᠢᠯᠯᠠᠭ᠎ᠠ ᠶᠢ ᠨᠦᠯᠦᠭᠡᠯᠡᠵᠤ᠂ ᠳᠠᠯᠳᠠ ᠤᠬᠠᠮᠰᠠᠷ ᠨᠢ ᠪᠢᠳᠡᠨ ᠤ ᠦᠰᠦᠨ ᠪᠤᠶᠢᠵᠢᠯᠳᠠ ᠶᠢᠨ ᠳᠤᠮᠳᠠ ᠪᠦᠷᠢᠯᠳᠦᠭᠰᠡᠨ ᠪᠠᠶᠢᠳᠠᠭ᠃ ᠰᠡᠳᠬᠢᠴᠡ ᠵᠦᠢ ᠶᠢᠨ ᠤᠬᠠᠭᠠᠨᠳᠠᠨ ᠤ ᠰᠤᠳᠤᠯᠭᠠᠨ ᠢᠶᠠᠷ ᠳᠠᠯᠳᠠ ᠤᠬᠠᠮᠰᠠᠷ ᠨᠢ ᠨᠢᠯᠬ᠎ᠠ ᠪᠠᠯᠴᠢᠷ ᠦᠶ᠎ᠡ ᠶᠢᠨ ᠬᠡᠷᠡᠭ ᠤᠴᠢᠷ ᠢ ᠴᠦ ᠳᠤᠳᠤᠬᠠᠨ ᠴᠡᠭᠡᠵᠢᠯᠡᠵᠤ ᠪᠠᠶᠢᠳᠠᠭ ᠪᠦᠬᠡᠳ ᠤᠯᠠᠩᠬᠢ ᠬᠦᠮᠦᠨ ᠤ ᠠᠮᠢᠳᠤᠷᠠᠯ ᠤᠨ ᠬᠡᠷᠡᠭ ᠤᠴᠢᠷ ᠢ ᠰᠢᠢᠳᠪᠦᠷᠢᠯᠡᠬᠦ ᠠᠷᠭ᠎ᠠ ᠮᠠᠶ᠋ᠢᠭ ᠨᠢ 10 ᠨᠠᠰᠤᠨ ᠤ ᠦᠶ᠎ᠡ ᠶᠢᠨ ᠬᠢ ᠲᠠᠢ ᠪᠠᠨ ᠤᠨᠴᠠᠭᠠᠢ ᠵᠦᠷᠢᠶ᠎ᠡ ᠦᠭᠡᠢ᠃ 10 ᠨᠠᠰᠤᠨ ᠳᠠᠭᠠᠨ ᠠᠭᠤᠷᠯᠠᠬᠤ ᠵᠦᠢᠯ ᠳᠤ ᠤᠳᠤ ᠴᠦ ᠭᠡᠰᠡᠨ ᠠᠭᠤᠷᠯᠠᠵᠤ᠂ ᠡᠭᠦᠳᠡ ᠰᠠᠪᠠᠵᠤ ᠭᠠᠷᠳᠠᠭ ᠪᠠᠶᠢᠬᠰᠠᠨ ᠪᠤᠯ ᠤᠳᠤ ᠴᠦ ᠭᠡᠰᠡᠨ ᠳᠡᠭᠡᠳᠡᠭ᠃ ᠡᠨᠡ ᠪᠤᠯ ᠳᠠᠷᠤᠢ ᠳᠠᠯᠳᠠ ᠤᠬᠠᠮᠰᠠᠷ ᠤᠨ ᠳᠤᠤᠷᠠᠬᠢ ᠢᠯᠡᠷᠡᠯ ᠪᠤᠶᠤ ᠦᠢᠯᠡ ᠠᠵᠢᠯᠯᠠᠭ᠎ᠠ᠂ ᠤᠷᠮ᠎ᠠ ᠰᠡᠳᠬᠢᠯᠭᠡ ᠶᠢᠨ ᠬᠡᠪ ᠵᠤᠷᠰᠢᠯ ᠪᠤᠯᠤᠨ᠎ᠠ᠃     ᠤᠯᠠᠩᠬᠢ ᠰᠡᠳᠬᠢᠴᠡ ᠶᠢᠨ ᠡᠪᠡᠳᠴᠢᠳᠠᠨ ᠤ ᠡᠪᠡᠳᠴᠢᠨ ᠤ ᠦᠨᠳᠦᠰᠦ ᠶᠢ ᠨᠢᠯᠬ᠎ᠠ ᠪᠠᠯᠴᠢᠷ ᠦᠶ᠎ᠡ ᠬᠦᠷᠳᠡᠯ᠎ᠡ ᠮᠦᠷᠳᠡᠵᠤ ᠪᠤᠯᠬᠤ ᠶᠤᠮ ᠭᠡᠨ᠎ᠡ᠃ ᠰᠡᠳᠬᠢᠴᠡ ᠶᠢᠨ ᠡᠮᠴᠢ ᠳᠠᠯᠳᠠ ᠤᠬᠠᠮᠰᠠᠷ ᠲᠠᠢ ᠣᠶᠢᠷᠠᠳᠴᠣ‌‍ᠰᠡᠳᠬᠢᠴᠡ ᠶᠢᠨ ᠡᠪᠡᠳᠴᠢᠨ ᠢ ᠵᠠᠰᠠᠳᠠᠭ᠃ ᠲᠡᠭᠡᠬᠦ ᠮᠦᠷᠳᠡᠭᠡᠨ ᠤᠯᠠᠩᠬᠢ ᠡᠪᠡᠳᠴᠢᠳᠠᠨ ᠤ ᠬᠠᠮᠤᠭ ᠶᠡᠭᠡ ᠰᠡᠳᠡᠯᠳᠡ᠂ ᠬᠠᠮᠤᠭ ᠶᠡᠭᠡ ᠰᠢᠨᠠᠯᠭᠠᠯ ᠦᠭᠬᠦᠭᠰᠡᠨ ᠬᠦᠮᠦᠨ ᠨᠢ ᠡᠵᠢ ᠠᠪᠤ ᠨᠢ ᠪᠠᠶᠢᠳᠠᠭ ᠭᠡᠨ᠎ᠡ᠃ ᠤᠨᠴᠠᠭᠠᠶᠢᠯᠠᠨ ᠡᠵᠢ ᠬᠦᠮᠦᠨ᠂ ᠬᠡᠦᠬᠡᠳ ᠤᠨ ᠬᠠᠮᠤᠭ ᠳᠤᠳᠤᠨᠤ᠂ ᠬᠠᠮᠤᠭ ᠢᠳᠡᠭᠡᠯ ᠲᠠᠢ ᠬᠦᠮᠦᠨ ᠬᠡᠦᠬᠡᠳ ᠤᠨ ᠳᠡᠯᠳᠡ ᠤᠬᠠᠮᠰᠠᠷ ᠲᠤ ᠬᠠᠮᠤᠭ ᠠᠴᠠ ᠶᠡᠭᠡ ᠨᠦᠯᠦᠭᠡ ᠦᠵᠡᠭᠦᠯᠳᠡᠭ ᠶᠤᠮ ᠪᠠᠶᠢᠨ᠎ᠠ᠃     ᠬᠡᠦᠬᠡᠳ ᠤᠨ ᠨᠢᠯᠬ᠎ᠠ ᠪᠠᠭ᠎ᠠ ᠬᠡᠯᠡ ᠳᠤ ᠤᠷᠤᠭ᠎ᠠ ᠦᠭᠡᠢ ᠦᠶ᠎ᠡ ᠳᠤ ᠡᠵᠢ ᠶᠢᠨ ᠬᠢᠨᠢ ᠨᠢᠭᠡ ᠠᠭᠤᠷᠯᠠᠬᠰᠠᠨ ᠶᠠᠪᠤᠳᠠᠯ ᠬᠡᠦᠬᠡᠳ ᠤᠨ ᠳᠠᠯᠳᠠ ᠤᠬᠠᠮᠰᠠᠷ ᠲᠤ ᠳᠤᠳᠤᠬᠠᠨ ᠬᠠᠳᠠᠭᠠᠯᠠᠬᠳᠠᠵᠤ ᠪᠠᠶᠢᠵᠤ ᠮᠡᠳᠡᠨ᠎ᠡ᠃ ᠡᠵᠢ ᠶᠢᠨ ᠬᠢᠨᠢ ᠳᠠᠩᠳᠠ ᠶᠡᠭᠡ ᠠᠭᠤᠷᠯᠠᠳᠠᠭ ᠪᠠᠴᠢᠮᠳᠠᠭᠤ ᠵᠠᠩ ᠨᠢ ᠬᠡᠦᠬᠡᠳ ᠲᠤ ᠪᠠᠴᠢᠮᠳᠠᠭᠤ ᠰᠡᠳᠬᠢᠯᠭᠡ ᠶᠢ ᠤᠯᠠᠮᠵᠢᠯᠠᠵᠤ᠂ ᠬᠡᠦᠬᠡᠳ ᠴᠦ ᠪᠠᠭ᠎ᠠ ᠬᠡᠷᠡᠭ ᠲᠤᠬᠢᠶᠠᠯᠳᠤᠪᠠᠯ ᠪᠠᠴᠢᠮᠳᠠᠵᠤ ᠳᠡᠪᠡᠳᠡᠬᠦ ᠪᠠᠶᠢᠳᠠᠯ ᠲᠠᠢ ᠪᠤᠯᠳᠠᠭ᠃ ᠡᠳᠦᠷᠵᠢᠨ ᠬᠠᠮᠤᠭ ᠠᠴᠠ ᠢᠯᠡᠬᠦᠦ ᠬᠠᠷᠢᠯᠴᠠᠵᠤ ᠪᠠᠶᠢᠬᠤ ᠡᠵᠢ ᠬᠦᠮᠦᠨ ᠤ ᠨᠦᠯᠦᠭᠡ ᠨᠢ ᠮᠠᠰᠢ ᠶᠡᠭᠡ᠂ ᠤᠯᠠᠩᠬᠢ ᠬᠡᠦᠬᠡᠳ ᠤᠨ ᠵᠠᠩ ᠠᠷᠠᠨᠰᠢᠨ ᠡᠵᠢ ᠲᠠᠢ ᠪᠠᠨ ᠠᠳᠠᠯᠢ ᠪᠠᠶᠢᠳᠠᠭ ᠨᠢ ᠮᠦᠨ ᠡᠭᠦᠨ ᠯᠦᠭᠡ ᠨᠢᠬᠳᠠ ᠬᠤᠯᠪᠤᠭ᠎ᠠ ᠲᠠᠢ᠃     ᠲᠡᠭᠡᠬᠦ ᠪᠠᠷ ᠬᠡᠷᠪᠡ ᠲᠠ ᠪᠡᠶ᠎ᠡ ᠳᠡᠭᠡᠷᠡᠬᠢ ᠶᠠᠮᠠᠷ ᠮᠠᠭᠤᠬᠠᠢ ᠵᠠᠩ ᠠᠷᠠᠨᠰᠢᠨ ᠢᠶᠠᠨ ᠮᠡᠳᠡᠷᠡᠪᠡᠯ ᠬᠡᠦᠬᠡᠳ ᠲᠡᠭᠡᠨ ᠤᠯᠠᠮᠵᠢᠯᠠᠬᠤ ᠠᠴᠠ ᠬᠢᠴᠢᠶᠠᠨ ᠦᠷᠭᠦᠯᠵᠢ ᠠᠩᠬᠠᠷᠴᠤ᠂ ᠪᠡᠶ᠎ᠡ ᠪᠠᠨ ᠪᠠᠷᠢᠵᠤ ᠢᠯᠡ ᠤᠬᠠᠮᠰᠠᠷ ᠤᠨ ᠦᠢᠯᠡᠳᠦᠯ ᠢᠶᠠᠨ ᠪᠠᠳᠠᠷᠠᠭᠤᠯᠵᠣ᠂ ᠦᠪᠡᠷ ᠢ ᠪᠠᠨ ᠦᠭᠡᠷᠡᠴᠢᠯᠡᠵᠤ᠂ ᠬᠡᠦᠬᠡᠳ ᠲᠡᠭᠡᠨ ᠰᠠᠶᠢᠨ ᠰᠠᠶᠢᠬᠠᠨ ᠵᠠᠩ ᠳᠠᠳᠬᠠᠯ ᠤᠯᠠᠮᠵᠢᠯᠠᠵᠤ ᠪᠠᠶᠢᠶ᠎ᠠ᠃ ᠰᠠᠶᠢᠨ ᠰᠠᠶᠢᠬᠠᠨ ᠵᠠᠩ ᠳᠠᠳᠬᠠᠯ ᠪᠤᠯ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠤᠨ ᠤᠷᠢᠳᠠᠯ᠂ ᠬᠡᠦᠬᠡᠳ ᠤᠨ ᠬᠤᠵᠢᠮ ᠤᠨ ᠦᠰᠦᠨ ᠪᠤᠶᠢᠵᠢᠯᠳᠠ᠂ ᠠᠮᠢᠳᠤᠷᠠᠯ ᠤᠨ ᠲᠠᠯ᠎ᠠ ᠪᠦᠷᠢ ᠳᠤ ᠢᠳᠡᠪᠬᠢ ᠦᠢᠯᠡᠳᠦᠯ ᠲᠠᠢ᠃ ᠬᠡᠷᠪᠡ ᠲᠠ ᠠᠮᠢᠳᠤᠷᠠᠯ ᠤᠨ ᠳᠠᠷᠤᠭᠠᠰᠤ ᠠᠴᠠ ᠪᠤᠯᠤᠬᠰᠠᠨ ᠭᠡᠷ ᠪᠦᠯᠢ ᠶᠢᠨ ᠬᠡᠷᠡᠭᠦᠯ ᠵᠢᠭᠤᠷᠠᠭᠠᠨ ᠤ ᠮᠠᠭᠤ ᠡᠨᠧᠷᠬᠢ ᠪᠠᠨ ᠬᠡᠦᠬᠡᠳ ᠲᠡᠭᠡᠨ ᠦᠷᠭᠦᠯᠵᠢ ᠭᠠᠷᠭᠠᠵᠤ ᠪᠠᠶᠢᠬᠰᠠᠨ ᠪᠤᠯ ᠬᠡᠦᠬᠡᠳ ᠤᠨ ᠢᠶᠠᠨ ᠰᠡᠳᠬᠢᠴᠡ ᠶᠢᠨ ᠲᠠᠯ᠎ᠠ ᠳᠤ ᠬᠤᠤᠷ ᠨᠦᠯᠦᠭᠡ ᠤᠴᠠᠷᠠᠭᠤᠯᠤᠬᠰᠠᠨ ᠨᠢ ᠳᠠᠮᠵᠢᠭ ᠦᠭᠡᠢ᠃     ᠳᠠᠯᠳᠠ ᠤᠬᠠᠮᠰᠠᠷ ᠤᠨ ᠬᠦᠴᠦᠨ ᠮᠠᠰᠢ ᠶᠡᠭᠡ ᠪᠠᠶᠢᠵᠤ᠂ ᠦᠯᠦ ᠮᠡᠳᠡᠭ ᠢᠶᠠᠷ ᠬᠦᠮᠦᠰ ᠤᠨ ᠠᠮᠢᠳᠤᠷᠠᠯ ᠢ ᠡᠵᠡᠮᠳᠡᠵᠤ ᠪᠠᠶᠢᠳᠠᠭ᠃ ᠮᠠᠭᠤ ᠳᠠᠯᠳᠠ ᠤᠬᠠᠮᠰᠠᠷ ᠨᠢ ᠬᠦᠮᠦᠰ ᠢ ᠮᠠᠭᠤ ᠮᠠᠭᠤᠬᠠᠢ ᠳᠡᠶᠢᠰᠢ ᠬᠦᠳᠦᠯᠳᠡᠭ ᠪᠤᠯ ᠡᠷᠡᠭᠦᠯ ᠰᠠᠶᠢᠨ ᠳᠠᠯᠳᠠ ᠤᠬᠠᠮᠰᠠᠷ ᠨᠢ ᠪᠢᠳᠡᠨ ᠢ ᠶᠡᠷᠦ ᠬᠡᠬᠡᠨ ᠰᠠᠷᠠᠭᠤᠯ ᠵᠦᠭ ᠬᠦᠳᠦᠯᠵᠤ ᠪᠠᠶᠢᠳᠠᠭ᠃ ᠲᠡᠭᠡᠬᠦ ᠪᠠᠷ ᠪᠢᠳᠡ ᠳᠠᠯᠳᠠ ᠤᠬᠠᠮᠰᠠᠷ ᠤᠨ ᠬᠦᠴᠦᠨ ᠢ ᠵᠤᠬᠢᠰᠳᠠᠢ ᠠᠰᠢᠬᠯᠠᠪᠠᠯ᠂ ᠬᠡᠦᠬᠡᠳ ᠤᠨ ᠦᠰᠦᠨ ᠪᠤᠶᠢᠵᠢᠯᠳᠠ ᠶᠢ ᠨᠡᠩ ᠡᠷᠡᠭᠦᠯ ᠰᠠᠷᠠᠭᠤᠯ᠂ ᠢᠷᠡᠭᠡᠳᠦᠢ ᠶᠢ ᠨᠢ ᠨᠡᠩ ᠬᠡᠬᠡᠨ ᠰᠠᠷᠠᠭᠤᠯ ᠪᠤᠯᠭᠠᠵᠤ ᠴᠢᠳᠠᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号