2021 ᠣᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠭᠤᠣᠯᠳᠠᠯᠭ᠎ᠠ
ᠨᠡᠶᠢᠲᠡᠯᠡᠭᠰᠡᠨ ᠴᠠᠭ᠄
2021/2/23
    1. ᠰᠤᠷᠭᠠᠨ  ᠬᠥᠮᠦᠵᠢᠯ   ᠤᠨ  ᠦᠨᠡᠯᠡᠯᠲᠡ   ᠶᠢᠨ ᠥᠭᠡᠷᠡᠴᠢᠯᠡᠯᠲᠡ   ᠶᠢᠨ  ᠪᠠᠶᠢᠳᠠᠯ   ᠢ  ᠲᠣᠭᠤᠷᠢᠨ  ᠪᠠᠶᠢᠴᠠᠭᠠᠵᠤ  ᠱᠠᠯᠠᠪᠳᠠᠭᠤᠯᠤᠨ ᠪᠠᠶᠢᠴᠠᠭᠠᠬᠤ ᠠᠭᠤᠯᠭ᠎ᠠ ᠳᠤ ᠣᠷᠣᠭᠤᠯᠤᠨ᠎ᠠ     ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ   ᠶᠢ  ᠠᠬᠢᠭᠤᠯᠤᠭᠰᠠᠨ  ᠪᠠᠶᠢᠳᠠᠯ   ᠢ  ᠰᠠᠬᠢᠯᠭ᠎ᠠ  ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂  ᠲᠣᠭᠤᠷᠢᠨ  ᠪᠠᠶᠢᠴᠠᠭᠠᠬᠤ  ᠠᠵᠢᠯ᠂  ᠬᠢᠨᠠᠨ  ᠬᠠᠮᠢᠶᠠᠷᠬᠤ  ᠵᠢᠴᠢ  ᠥᠭᠡᠷᠡᠴᠢᠯᠡᠯᠲᠡ   ᠶᠢ ᠱᠠᠯᠠᠪᠳᠠᠭᠤᠯᠤᠨ ᠪᠠᠶᠢᠴᠠᠭᠠᠬᠤ᠂ ᠰᠤᠷᠭᠠᠨ  ᠬᠥᠮᠦᠵᠢᠯ   ᠢ  ᠱᠠᠯᠠᠪᠳᠠᠭᠤᠯᠤᠨ  ᠵᠢᠯᠣᠭᠤᠳᠬᠤ   ᠶᠢᠨ  ᠴᠢᠬᠤᠯᠠ  ᠠᠭᠤᠯᠭ᠎ᠠ   ᠳᠤ ᠣᠷᠣᠭᠤᠯᠤᠨ᠎ᠠ᠃ ᠳᠤᠮᠳᠠᠳᠤ ᠰᠤᠷᠭᠠᠭᠤᠯᠢ ᠶᠢᠨ ᠰᠣᠷᠣᠭᠴᠢ   ᠶᠢᠨ  ᠶᠡᠷᠦᠩᠬᠡᠶᠢᠯᠡᠭᠰᠡᠨ  ᠬᠡᠪ  ᠴᠢᠨᠠᠷ   ᠤᠨ  ᠦᠨᠡᠯᠡᠯᠲᠡ   ᠶᠢᠨ ᠬᠡᠷᠡᠭᠵᠢᠭᠦᠯᠬᠦ ᠵᠦᠭᠯᠡᠭᠦᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ  ᠴᠢᠨᠠᠷ   ᠤᠨ  ᠦᠨᠡᠯᠡᠯᠲᠡ   ᠶᠢᠨ  ᠵᠦᠭᠯᠡᠭᠦᠷ᠂ ᠬᠡᠦᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠶᠠᠰᠤ ᠴᠢᠨᠠᠷ ᠤᠨ ᠦᠨᠡᠯᠡᠯᠲᠡ ᠶᠢᠨ ᠵᠦᠭᠯᠡᠭᠦᠷ᠂  ᠡᠩ   ᠤᠨ  ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠤᠨ ᠦᠨᠡᠯᠡᠯᠲᠡ ᠶᠢᠨ ᠵᠦᠭᠯᠡᠭᠦᠷ᠂ ᠶᠡᠭᠡ ᠳᠡᠭᠡᠳᠦ ᠰᠤᠷᠭᠠᠭᠤᠯᠢ ᠪᠠᠭᠰᠢ ᠶᠢᠨ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠵᠢᠯᠣᠭᠤᠳᠬᠤ ᠰᠠᠨᠠᠯ ᠵᠡᠷᠭᠡ ᠲᠥᠬᠦᠷ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢ ᠠᠬᠢᠭᠤᠯᠤᠨ᠎ᠠ᠃             2. ᠠᠩᠬ᠎ᠠ ᠳᠤᠮᠳᠠᠳᠤ ᠶᠢᠨ ᠰᠤᠷᠤᠯᠭ᠎ᠠ ᠶᠢᠨ  ᠬᠢᠷᠢ  ᠲᠦᠪᠰᠢᠨ   ᠤ  ᠰᠢᠯᠭᠠᠯᠲᠠ  ᠪᠠ  ᠡᠩ ᠤᠨ  ᠶᠡᠭᠡ  ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢ ᠠᠬᠢᠭᠤᠯᠤᠨ᠎ᠠ           ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ ᠶᠢ ᠲᠣᠭᠲᠠᠭᠤᠨ ᠢᠶᠠᠷ  ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠶᠡᠭᠡ  ᠳᠡᠭᠡᠳᠦ  ᠰᠤᠷᠭᠠᠭᠤᠯᠢ   ᠳᠤ  ᠰᠣᠷᠣᠭᠴᠢ  ᠡᠯᠰᠡᠬᠦ  ᠰᠢᠯᠭᠠᠯᠲᠠ   ᠶᠢᠨ  ᠠᠭᠤᠯᠭ᠎ᠠ   ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ  ᠭᠤᠸ᠎ᠠ  ᠰᠠᠶᠢᠬᠠᠨ  ᠬᠥᠳᠡᠯᠮᠦᠷᠢ ᠪᠥᠬᠦ ᠲᠠᠯ᠎ᠠ ᠪᠠᠷ ᠬᠥᠭᠵᠢᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠢᠯᠡᠷᠡᠭᠦᠯᠦᠨ᠂ ᠰᠢᠯᠭᠠᠯᠲᠠ ᠶᠢᠨ  ᠰᠡᠳᠦᠪ   ᠤᠨ  ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠤᠷᠤᠭᠴᠢᠳ ᠤᠨ ᠵᠠᠩᠭᠢᠯᠠᠭ᠎ᠠ   ᠶᠢᠨ  ᠴᠢᠳᠠᠪᠤᠷᠢ   ᠶᠢ  ᠰᠢᠯᠭᠠᠨ  ᠪᠠᠶᠢᠴᠠᠭᠠᠬᠤ   ᠪᠠᠨ ᠴᠢᠩᠭᠠᠳᠬᠠᠨ᠎ᠠ᠃ ᠪᠡᠶ᠎ᠡ  ᠶᠢᠨ ᠲᠠᠮᠢᠷ ᠤᠷᠠᠯᠢᠭ ᠵᠡᠷᠭᠡ ᠣᠨᠴᠣᠭᠤᠶ ᠲᠥᠷᠥᠯ ᠬᠡᠯᠪᠡᠷᠢ ᠶᠢᠨ ᠰᠤᠷᠤᠭᠴᠢ ᠡᠯᠰᠡᠬᠦ ᠠᠵᠢᠯ ᠢ ᠴᠢᠩᠭ᠎ᠠ‌ᠵᠢᠷᠤᠮᠵᠢᠭᠤᠯᠵᠤ᠂ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ᠂ ᠳᠡᠰ ᠳᠠᠷᠠᠭᠠᠯᠠᠯ ᠢ ᠵᠢᠷᠤᠮᠵᠢᠭᠤᠯᠵᠤ᠂ ᠬᠠᠮᠢᠶᠠᠷᠤᠯᠲᠠ ᠶᠢ ᠴᠢᠩᠳᠠᠯᠠᠨ᠂ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠪᠡᠶ᠎ᠡ ᠶᠢᠨ ᠲᠠᠮᠢᠷ ᠤᠨ ᠤᠷᠠᠯᠢᠭ ᠤᠨ ᠠᠵᠢᠯᠲᠠᠨ  ᠰᠢᠯᠢᠨ  ᠰᠣᠩᠭᠤᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃   ᠠᠩᠬ᠎ᠠ ᠳᠤᠮᠳᠠᠳᠤ ᠶᠢᠨ ᠰᠤᠷᠤᠯᠭ᠎ᠠ  ᠶᠢᠨ ᠬᠢᠷᠢ ᠲᠦᠪᠰᠢᠨ ᠤ  ᠰᠢᠯᠭᠠᠯᠲᠠ   ᠶᠢᠨ  ᠥᠭᠡᠷᠡᠴᠢᠯᠡᠯᠲᠡ   ᠶᠢ  ᠭᠦᠨᠵᠡᠭᠡᠶ ᠳᠥᠯᠭᠢᠨ ᠠᠬᠢᠭᠤᠯᠵᠤ᠂ ᠰᠣᠷᠣᠭᠴᠢ ᠡᠯᠰᠡᠬᠦ ᠥᠭᠡᠷᠡᠴᠢᠯᠡᠯᠲᠡ ᠶᠢᠨ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠂ ᠮᠤᠵᠢ ᠶᠢᠨ ᠱᠠᠲᠤᠨ ᠤ ᠠᠩᠬ᠎ᠠ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ  ᠰᠢᠯᠭᠠᠯᠲᠠ   ᠶᠢᠨ  ᠰᠡᠳᠦᠪ  ᠭᠠᠷᠭᠠᠬᠤ  ᠨᠢᠭᠡᠳᠦᠯᠲᠡᠶ  ᠲᠣᠭᠲᠠᠴᠠ   ᠶᠢ ᠲᠡᠭᠦᠯᠳᠡᠷᠵᠢᠭᠦᠯᠵᠦ᠂ ᠰᠡᠳᠦᠪ ᠭᠠᠷᠭᠠᠬᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃             3. ᠠᠯᠪᠠᠨ ᠠᠴᠠ ᠡᠷᠬᠢᠯᠡᠭᠰᠡᠨ  ᠪᠠ  ᠠᠷᠠᠳ   ᠠᠴᠠ  ᠡᠷᠭᠢᠯᠡᠭᠰᠡᠨ  ᠡᠩ   ᠤᠨ  ᠥᠨᠳᠥᠷ  ᠵᠡᠷᠭᠡ   ᠶᠢᠨ  ᠳᠤᠮᠳᠠᠳᠤ ᠰᠤᠷᠭᠠᠭᠤᠯᠢ ᠵᠡᠷᠭᠡᠪᠡᠷ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ             ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠵᠢᠷᠤᠮᠵᠢᠭᠤᠯᠬᠤ ᠬᠤᠯᠪᠣᠭᠳᠠᠯ ᠪᠥᠬᠦᠶ ᠪᠢᠴᠢᠭ‌ᠮᠠᠲ᠋ᠧᠷᠢᠶᠠᠯ ᠢ  ᠳᠠᠷᠤᠮᠠᠯᠯᠠᠨ  ᠲᠠᠷᠬᠠᠭᠠᠵᠤ᠂  ᠠᠷᠠᠳ   ᠠᠴᠠ  ᠡᠷᠭᠢᠯᠡᠭᠰᠡᠨ  ᠠᠯᠪᠠᠨ  ᠵᠢᠷᠤᠮ   ᠤᠨ  ᠰᠤᠷᠭᠠᠨ  ᠬᠥᠮᠦᠵᠢᠯ   ᠢ ᠵᠢᠷᠤᠮᠵᠢᠭᠤᠯᠵᠤ ᠴᠡᠭᠴᠡᠯᠡᠨ ᠵᠠᠰᠠᠬᠤ ᠲᠤᠰᠬᠠᠶ ᠠᠵᠢᠯ ᠢ ᠭᠦᠨᠵᠡᠭᠡᠶ ᠥᠷᠨᠢᠭᠦᠯᠦᠨ᠎ᠡ᠃ ᠠᠷᠠᠳ   ᠠᠴᠠ  ᠡᠷᠬᠢᠯᠡᠭᠰᠡᠨ  ᠡᠩ   ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠵᠢᠷᠤᠮᠵᠢᠭᠤᠯᠬᠤ ᠲᠤᠬᠠᠶ ᠬᠡᠷᠡᠭᠵᠢᠭᠦᠯᠬᠦ ᠰᠠᠨᠠᠯ ᠢ ᠰᠤᠳᠤᠯᠤᠨ ᠲᠣᠭᠲᠠᠭᠠᠵᠤ᠂ ᠠᠯᠪᠠᠨ ᠠᠴᠠ ᠡᠷᠬᠢᠯᠡᠭᠰᠡᠨ ᠪᠠ  ᠠᠷᠠᠳ ᠠᠴᠠ  ᠡᠬᠢᠯᠡᠭᠰᠡᠨ  ᠡᠩ   ᠤᠨ  ᠥᠨᠳᠥᠷ  ᠵᠡᠷᠭᠡ   ᠶᠢᠨ ᠳᠤᠮᠳᠠᠳᠤ ᠰᠤᠷᠭᠠᠭᠤᠯᠢ ᠵᠡᠷᠭᠡᠪᠡᠷ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ   ᠪᠠᠷ  ᠨᠠᠶᠢᠳᠠᠪᠤᠷᠢᠵᠢᠭᠤᠯᠬᠤ   ᠶᠢ ᠲᠦᠯᠬᠢᠨ ᠠᠬᠢᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠵᠠᠰᠠᠭ  ᠵᠠᠬᠢᠷᠭᠠᠨ   ᠤ  ᠬᠢᠨᠠᠨ  ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠪᠡᠶ᠎ᠡ ᠪᠠᠨ ᠳᠠᠭᠠᠭᠠᠭᠰᠠᠨ ᠳᠡᠭᠡᠳᠦ ᠰᠤᠷᠭᠠᠭᠤᠯᠢ   ᠶᠢ  ᠰᠢᠯᠵᠢᠭᠦᠯᠦᠨ ᠪᠠᠶᠢᠭᠤᠯᠬᠤ ᠶᠠᠪᠤᠳᠠᠯ ᠢ ᠦᠷᠭᠦᠯᠵᠢᠯᠡᠨ ᠳᠡᠭᠡᠳᠦ ᠰᠤᠷᠭᠠᠭᠤᠯᠢ ᠪᠠᠶᠢᠭᠤᠯᠬᠤ  ᠠᠵᠢᠯ   ᠤᠨ  ᠴᠢᠬᠤᠯᠠ   ᠠᠴᠠ  ᠴᠢᠬᠤᠯᠠ  ᠵᠦᠶᠯ ᠪᠣᠯᠭᠠᠵᠤ᠂  ᠡᠯ᠎ᠡ  ᠮᠤᠵᠢ   ᠶᠢᠨ  ᠪᠡᠶ᠎ᠡ   ᠪᠠᠨ  ᠳᠠᠭᠠᠭᠠᠭᠰᠠᠨ  ᠳᠡᠭᠡᠳᠦ  ᠰᠤᠷᠭᠠᠭᠤᠯᠢ   ᠶᠢ  ᠰᠢᠯᠵᠢᠭᠦᠯᠦᠨ  ᠪᠠᠶᠢᠭᠤᠯᠬᠤ   ᠶᠢ ᠵᠣᠷᠢᠭᠵᠢᠭᠤᠯᠤᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ  ᠪᠠᠶᠢᠭᠤᠯᠤᠨ  ᠪᠦᠷᠢᠨᠰᠢᠭᠦᠯᠬᠦ   ᠶᠢ  ᠵᠢᠯᠣᠭᠤᠳᠴᠤ ᠪᠠᠶᠢᠭᠠᠳ ᠰᠢᠯᠵᠢᠭᠦᠯᠦᠨ ᠪᠠᠶᠢᠭᠤᠯᠬᠤ ᠠᠬᠢᠴᠠ ᠶᠢ ᠨᠢ ᠦᠨᠡᠨᠬᠦ ᠲᠦᠷᠭᠡᠳᠬᠡᠨ᠎ᠡ᠃             4. ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠰᠠᠯᠲᠠ ᠶᠢ ᠭᠦᠨᠵᠡᠭᠡᠶᠢᠷᠡᠭᠦᠯᠦᠨ᠎ᠡ             ᠵᠠᠰᠠᠬᠤ ᠭᠤᠤᠯᠳᠠᠯᠭ᠎ᠠ ᠨᠢ ᠠᠰᠢᠭ ᠬᠤᠨᠵᠢᠪᠣᠷᠢ ᠳᠤ ᠰᠢᠨᠤᠬᠠᠶᠢᠷᠠᠬᠤ᠂ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠬᠢᠬᠦ᠂ ᠪᠤᠷᠤᠭᠤ ᠦᠭᠡ ᠶᠠᠷᠢᠶ᠎ᠠ ᠶᠠᠷᠢᠬᠤ᠂ ᠪᠠᠭᠰᠢ ᠶᠢᠨ ᠮᠣᠷᠠᠯ ᠵᠢᠷᠤᠮᠵᠢᠯ ᠢᠶᠠᠨ ᠠᠯᠳᠠᠭᠰᠠᠨ ᠬᠤᠳᠠᠯ  ᠬᠠᠭᠤᠷᠮᠠᠭ  ᠵᠠᠷ  ᠮᠡᠳᠡᠭᠡ‌ᠵᠡᠷᠭᠡ ᠦᠶᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃   ᠵᠠᠰᠠᠬᠤ ᠵᠠᠷᠴᠢᠮ ᠪᠣᠯ ᠡᠬᠢ ᠡᠭᠦᠰᠦᠯ   ᠠᠴᠠ   ᠨᠢ  ᠵᠠᠰᠠᠬᠤ᠂  ᠰᠢᠰᠲ᠋ᠧᠮ   ᠲᠠᠢ  ᠵᠠᠰᠠᠬᠤ᠂  ᠴᠢᠩᠭ᠎ᠠ  ᠵᠠᠰᠠᠬᠤ   ᠶᠢ ᠪᠠᠷᠢᠮᠲᠠᠯᠠᠵᠤ᠂ ᠠᠵᠤ  ᠠᠬᠤᠶ᠂  ᠬᠠᠤᠯᠢ   ᠪᠠᠷ  ᠵᠠᠰᠠᠬᠤ᠂  ᠵᠠᠰᠠᠭ  ᠵᠠᠬᠢᠷᠭᠠᠨ   ᠤ  ᠠᠷᠭ᠎ᠠ   ᠶᠢ  ᠶᠡᠷᠦᠩᠬᠡᠶᠢᠯᠡᠨ  ᠬᠡᠷᠡᠭᠯᠡᠵᠦ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠨᠥᠬᠦᠴᠡᠯ᠂ ᠪᠣᠯᠪᠠᠰᠤᠷᠠᠭᠤᠯᠤᠯ   ᠤᠨ  ᠠᠭᠤᠯᠭ᠎ᠠ᠂  ᠵᠢᠭᠠᠬᠤ ᠮᠠᠲ᠋ᠧᠷᠢᠶᠠᠯ ᠵᠢᠭᠠᠬᠤ ᠲᠥᠰᠦᠯ᠂ ᠲᠦᠯᠦᠪᠦᠷᠢ ᠵᠠᠷᠤᠲᠠᠯ ᠬᠤᠷᠢᠶᠠᠬᠤ ᠬᠠᠮᠢᠶᠠᠷᠤᠯᠲᠠ᠂ ᠡᠵᠡᠩᠨᠡᠨ ᠪᠣᠷᠣᠯᠠᠭᠤᠯᠬᠤ  ᠠᠷᠭ᠎ᠠ  ᠮᠠᠶ᠋ᠢᠭ᠂ ᠪᠠᠭᠰᠢ ᠶᠢᠨ ᠬᠢᠷᠢ ᠬᠡᠮ ᠵᠡᠷᠭᠡ ᠳᠤ ᠪᠥᠬᠦ ᠲᠠᠯ᠎ᠠ ᠶᠢᠨ ᠱᠠᠭᠠᠷᠳᠠᠯᠭ᠎ᠠ ᠳᠤᠷᠠᠳᠬᠤ  ᠶᠠᠪᠤᠳᠠᠯ  ᠪᠣᠯᠤᠨ᠎ᠠ᠃  ᠳᠣᠲᠣᠭᠠᠳᠤ  ᠳ᠋ᠠᠭᠠᠨ‌ᠵᠠᠰᠠᠯᠲᠠ ᠶᠢ ᠠᠳᠬᠤᠬᠤ ᠶᠢ ᠪᠠᠷᠢᠮᠲᠠᠯᠠᠵᠤ᠂ ᠰᠤᠷᠭᠠᠭᠤᠯᠢ ᠰᠤᠷᠭᠠᠨ ᠬᠥᠮᠦᠵᠢᠯ ᠵᠢᠭᠠᠨ  ᠰᠤᠷᠭᠠᠯᠲᠠ   ᠶᠢᠨ  ᠲᠣᠬᠢᠷᠠᠭᠤᠯᠤᠯᠲᠠ᠂ ᠬᠠᠮᠢᠶᠠᠷᠤᠯᠲᠠ ᠦᠶᠯᠡᠴᠢᠯᠡᠭᠡ ᠳᠤ ᠲᠣᠬᠢᠷᠠᠭᠤᠯᠤᠯᠲᠠ ᠬᠢᠵᠦ᠂  ᠰᠤᠷᠭᠠᠭᠤᠯᠢ   ᠶᠢᠨ  ᠳᠣᠲᠣᠭᠠᠳᠤᠬᠢ᠂ ᠬᠢᠴᠢᠶᠡᠯ ᠤᠨ ᠲᠠᠩᠬᠢᠮ ᠤᠨ ᠳᠣᠲᠣᠷᠠᠬᠢ ᠵᠢᠭᠠᠵᠤ ᠴᠢᠳᠠᠭᠰᠠᠨ ᠦᠭᠡᠢ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃  ᠬᠡᠦᠬᠡᠳ‌‍ᠦᠨ ᠴᠡᠴᠡᠷᠯᠢᠭ ᠪᠠᠭ᠎ᠠ ᠰᠤᠷᠭᠠᠭᠤᠯᠢ ᠶᠢ ᠰᠢᠨᠵᠢᠯᠡᠬᠦ  ᠤᠬᠠᠭᠠᠨᠴᠢ   ᠪᠠᠷ  ᠵᠣᠯᠭᠠᠭᠤᠯᠬᠤ   ᠶᠢ  ᠠᠬᠢᠭᠤᠯᠵᠤ᠂  ᠳᠤᠮᠳᠠᠳᠤ  ᠪᠠᠭ᠎ᠠ‌‍ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠬᠢᠴᠢᠶᠡᠯ ᠰᠢᠨ᠎ᠡ ᠵᠢᠭᠠᠬᠤ ᠮᠠᠲ᠋ᠧᠷᠢᠶᠠᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠤᠨ᠎ᠠ᠃           5. ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠲᠠᠪᠤᠨ ᠬᠠᠮᠢᠶᠠᠷᠤᠯᠲᠠ︾ ᠶᠢ ᠰᠠᠶᠢᠲᠤᠷ ᠠᠳᠬᠤᠨ᠎ᠠ             ᠳᠠᠰᠬᠠᠯ ᠤᠨ ᠬᠠᠮᠢᠶᠠᠷᠤᠯᠲᠠ᠄ ᠡᠯ᠎ᠡ ᠰᠤᠷᠤᠯᠭ᠎ᠠ ᠶᠢᠨ ᠱᠠᠲᠤᠨ ᠤ ᠳᠠᠰᠬᠠᠯ ᠳᠤ ᠲᠣᠳᠣᠷᠬᠠᠶ ᠱᠠᠭᠠᠷᠳᠠᠯᠭ᠎ᠠ  ᠲᠠᠯᠪᠢᠵᠤ᠂ ᠪᠠᠭ᠎ᠠ ᠰᠤᠷᠭᠠᠭᠤᠯᠢ ᠶᠢᠨ ᠱᠠᠲᠤᠨ ᠤ ᠳᠠᠰᠬᠠᠯ ᠨᠢ ᠰᠤᠷᠭᠠᠭᠤᠯᠢ ᠠᠴᠠ ᠭᠠᠷᠬᠤ ᠥᠬᠡᠶ᠂ ᠲᠠᠩᠬᠢᠮ ᠤᠨ ᠳᠠᠰᠬᠠᠯ ᠢ  ᠰᠤᠷᠭᠠᠭᠤᠯᠢ ᠶᠢᠨ ᠬᠦᠷᠢᠶᠡᠨ ᠳᠤ ᠪᠡᠶᠡᠯᠡᠭᠦᠯᠦᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ  ᠳᠠᠰᠬᠠᠯ   ᠨᠢ  ᠬᠥᠲᠥᠯᠪᠦᠷᠢ‌ᠡᠴᠡ ᠬᠡᠲᠦᠷᠡᠬᠦ ᠥᠬᠡᠶ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ  ᠶᠢᠨ ᠱᠠᠲᠤᠨ ᠤ ᠳᠠᠰᠬᠠᠯ ᠨᠢ ᠬᠢᠵᠠᠭᠠᠷ ᠠᠴᠠ  ᠳᠠᠪᠠᠭ᠋ᠤ ᠥᠬᠡᠶ᠂ ᠰᠤᠷᠭᠠᠭᠤᠯᠢ ᠶᠢᠨ ᠬᠠᠷᠢᠭᠤᠴᠠᠯᠭ᠎ᠠ ᠶᠢ ᠰᠤᠷᠭᠠᠭᠤᠯᠢ ᠳᠤᠨᠢ ᠪᠤᠴᠠᠭᠠᠵᠤ᠂ ᠬᠡᠷ ᠪᠦᠯᠢ   ᠶᠢᠨ  ᠬᠠᠷᠢᠭᠤᠴᠠᠯᠭ᠎ᠠ   ᠶᠢ  ᠬᠡᠷ ᠪᠦᠯᠢ ᠳᠤᠨᠢ ᠪᠤᠴᠠᠭᠠᠨ᠎ᠠ᠃  ᠤᠨᠲᠠᠯᠭ᠎ᠠ ᠶᠢᠨ ᠬᠠᠮᠢᠶᠠᠷᠤᠯᠲᠠ᠄ ᠬᠢᠨᠠᠨ ᠪᠠᠶᠢᠴᠠᠭᠠᠵᠤ ᠬᠢᠨᠠᠨ ᠰᠢᠯᠭᠠᠨ᠎ᠠ᠂ ᠶᠡᠷᠦᠩᠬᠡᠶ ᠱᠠᠭᠠᠷᠳᠠᠯᠭ᠎ᠠ ᠨᠢ ᠬᠡᠦᠬᠡᠳ ᠤᠨ ᠨᠣᠶᠢᠷ ᠭᠦᠶᠴᠡᠳ ᠪᠠᠶᠢᠬᠤ ᠶᠢ ᠪᠠᠲᠤᠯᠠᠵᠤ᠂ ᠳᠤᠮᠳᠠᠳᠤ ᠤᠯᠤᠰ ᠤᠨ ᠬᠡᠦᠬᠡᠳ ᠤᠨ ᠦᠰᠦᠨ ᠪᠣᠶᠢᠵᠢᠬᠤ ᠶᠠᠪᠤᠴᠠ᠂ ᠹᠢᠽᠢᠣᠯᠣᠭᠢ ᠶᠢᠨ ᠪᠣᠶᠢᠵᠢᠯᠲᠠ ᠶᠢᠨ ᠶᠠᠪᠤᠴᠠ ᠳᠠᠬᠢ ᠳᠤᠮᠳᠠᠴᠢ ᠤᠨᠲᠠᠬᠤ ᠴᠠᠭ ᠤᠨ ᠪᠠᠷᠢᠮᠵᠢᠶ᠎ᠠ ᠪᠠᠷ ᠬᠢᠨᠠᠨ ᠰᠢᠯᠭᠠᠨ᠎ᠠ᠃   ᠭᠠᠷ ᠤᠲᠠᠰᠤᠨ ᠤ ᠬᠠᠮᠢᠶᠠᠷᠤᠯᠲᠠ᠄ ᠰᠢᠯᠤᠭᠤᠳᠬᠠᠬᠤ ᠪᠠ ᠬᠤᠷᠢᠭᠯᠠᠬᠤ ᠶᠢ  ᠤᠶᠠᠯᠳᠤᠭᠤᠯᠤᠨ᠂  ᠡᠪᠡᠳᠴᠢᠨ   ᠳᠤᠨᠢ ᠲᠣᠬᠢᠷᠠᠭᠤᠯᠤᠨ ᠡᠮ ᠥᠭᠴᠦ᠂ ᠵᠥᠷᠢᠶ᠎ᠡ ᠳᠤ ᠨᠢ ᠰᠢᠭᠤᠳ ᠬᠠᠨᠳᠤᠨ᠂ ᠲᠥᠷᠥᠯ ᠬᠤᠪᠢᠶᠠᠨ ᠬᠠᠮᠢᠶᠠᠷᠤᠨ᠎ᠠ᠂ ᠭᠠᠷ ᠤᠲᠠᠰᠤ   ᠶᠢ ᠬᠢᠴᠢᠶᠡᠯ ᠤᠨ ᠲᠠᠩᠬᠢᠮ ᠳᠤ ᠠᠪᠴᠤ ᠣᠷᠣᠬᠤ ᠶᠢ ᠬᠤᠷᠢᠭᠯᠠᠬᠤ   ᠶᠢᠨ  ᠬᠠᠮᠲᠤ  ᠣᠯᠠᠨ  ᠵᠦᠶᠯ   ᠤᠨ  ᠠᠷᠭ᠎ᠠ  ᠮᠠᠶ᠋ᠢᠭ   ᠢᠶᠠᠷ ᠳᠠᠮᠵᠢᠭᠤᠯᠤᠨ ᠰᠤᠷᠤᠭᠴᠢᠳ ᠤᠨ ᠪᠠᠴᠢᠮ ᠪᠠᠶᠢᠳᠠᠯ ᠢ  ᠠᠷᠭᠠᠴᠠᠬᠤ  ᠤᠲᠠᠰᠤ   ᠪᠠᠷ  ᠶᠠᠷᠢᠯᠴᠠᠬᠤ  ᠬᠡᠷᠡᠭᠴᠡᠭᠡ   ᠶᠢ  ᠬᠠᠩᠭᠠᠬᠤ ᠬᠡᠷᠡᠭᠲᠡᠶ᠃  ᠤᠩᠰᠢᠬᠤ ᠪᠢᠴᠢᠭ ᠤᠨ ᠬᠠᠮᠢᠶᠠᠷᠤᠯᠲᠠ᠄ ᠬᠢᠴᠢᠶᠡᠯ ᠤᠨ ᠭᠠᠳᠠᠨᠠᠬᠢ ᠤᠩᠰᠢᠬᠤ ᠪᠢᠴᠢᠭ ᠪᠠ ᠵᠢᠭᠠᠨ ᠰᠤᠷᠭᠠᠯᠲᠠ   ᠶᠢᠨ ᠬᠠᠪᠰᠤᠷᠤᠮᠵᠢ ᠮᠠᠲ᠋ᠧᠷᠢᠶᠠᠯ ᠤᠨ ᠬᠠᠮᠢᠶᠠᠷᠤᠯᠲᠠ  ᠪᠣᠯ  ᠠᠳᠠᠯᠢᠬᠠᠨ ᠶᠡᠭᠡ  ᠠᠰᠠᠭᠤᠳᠠᠯ  ᠪᠣᠯᠤᠨ᠎ᠠ᠃  ᠲᠠᠨᠢᠯᠴᠠᠭᠤᠯᠬᠤ   ᠭᠠᠷᠴᠠᠭ   ᠢᠶᠠᠷ ᠭᠤᠤᠯ  ᠪᠣᠯᠭᠠᠵᠤ᠂  ᠠᠭᠤᠯᠭ᠎ᠠ   ᠶᠢᠨ  ᠬᠠᠮᠢᠶᠠᠷᠤᠯᠲᠠ  ᠪᠣᠯᠤᠨ  ᠲᠠᠨᠢᠯᠴᠠᠭᠤᠯᠬᠤ  ᠠᠷᠭ᠎ᠠ  ᠮᠠᠶ᠋ᠢᠭ   ᠤᠨ  ᠬᠠᠮᠢᠶᠠᠷᠤᠯᠲᠠ   ᠶᠢ ᠴᠢᠬᠤᠯᠠᠴᠢᠯᠠᠨ᠎ᠠ᠃  ᠪᠡᠶ᠎ᠡ ᠮᠠᠬᠠᠪᠣᠳ ᠤᠨ ᠬᠠᠮᠢᠶᠠᠷᠤᠯᠲᠠ᠄ ᠡᠷᠡᠭᠦᠯ ᠴᠢᠭᠢᠷᠠᠭ ᠪᠡᠶ᠎ᠡ ᠮᠠᠬᠠᠪᠣᠳ ᠪᠣᠯ ᠳᠤᠮᠳᠠᠳᠤ ᠪᠠᠭ᠎ᠠ  ᠰᠤᠷᠭᠠᠭᠤᠯᠢ   ᠶᠢᠨ ᠰᠤᠷᠤᠭᠴᠢᠳ ᠤᠨ ᠥᠰᠦᠨ ᠪᠣᠶᠢᠵᠢᠬᠤ ᠶᠢᠨ ᠰᠠᠭᠤᠷᠢ ᠪᠣᠯᠤᠨ᠎ᠠ᠃ ᠪᠡᠶ᠎ᠡ ᠮᠠᠬᠠᠪᠣᠳ  ᠤᠨ ᠬᠠᠮᠢᠶᠠᠷᠤᠯᠲᠠ ᠶᠢ ᠰᠤᠷᠭᠠᠭᠤᠯᠢ   ᠶᠢᠨ ᠬᠠᠮᠢᠶᠠᠷᠤᠯᠲᠠ ᠶᠢᠨ ᠠᠭᠤᠯᠭ᠎ᠠ ᠪᠣᠯᠭᠠᠵᠤ᠂ ᠰᠤᠷᠤᠭᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ ᠪᠣᠯᠤᠨ ᠰᠡᠳᠬᠢᠴᠡ ᠶᠢᠨ  ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃           6. ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠪᠥᠭᠡᠳ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ      ︽ᠡᠷᠡᠭᠦᠯ ᠮᠡᠨᠳᠦ ᠶᠢᠨ ᠮᠡᠳᠡᠯᠭᠡ + ᠦᠨᠳᠦᠰᠦᠨ ᠪᠡᠶ᠎ᠡ ᠶᠢᠨ ᠲᠠᠮᠢᠷ ᠤᠨ ᠤᠷ᠎ᠠ ᠴᠢᠳᠠᠪᠤᠷᠢ + ᠲᠤᠰᠬᠠᠶ ᠪᠡᠶ᠎ᠡ   ᠶᠢᠨ ᠲᠠᠮᠢᠷ ᠤᠨ ᠬᠥᠳᠡᠯᠭᠡᠭᠡᠨ ᠤ  ᠤᠷ᠎ᠠ  ᠴᠢᠳᠠᠪᠤᠷᠢ︾   ᠶᠢᠨ  ᠪᠡᠶ᠎ᠡ   ᠶᠢᠨ  ᠲᠠᠮᠢᠷ   ᠤᠨ  ᠵᠢᠭᠠᠨ  ᠰᠤᠷᠭᠠᠯᠲᠠ   ᠶᠢᠨ  ᠵᠠᠭᠪᠤᠷ   ᠢ ᠲᠡᠭᠦᠯᠳᠡᠷᠵᠢᠭᠦᠯᠵᠦ᠂ ᠲᠠᠪᠤᠳᠤᠭᠠᠷ ᠳᠡᠰ ᠤᠨ ᠰᠤᠷᠭᠠᠭᠤᠯᠢ   ᠶᠢᠨ  ᠪᠡᠶ᠎ᠡ   ᠶᠢᠨ  ᠲᠠᠮᠢᠷ   ᠤᠨ  ᠤᠷᠤᠯᠳᠤᠭᠠᠨ   ᠤ  ᠲᠦᠷᠢᠮ   ᠢ ᠪᠠᠶᠢᠭᠤᠯᠤᠨ᠎ᠠ᠃ ᠪᠠᠭᠰᠢ ᠶᠢᠨ ᠡᠩᠨᠡᠭᠡ ᠪᠠ ᠲᠠᠯᠠᠪᠤᠷ  ᠭᠠᠵᠠᠷ   ᠤᠨ  ᠲᠥᠬᠦᠭᠡᠷᠦᠮᠵᠢ   ᠶᠢᠨ  ᠪᠦᠲᠦᠭᠡᠨ  ᠪᠠᠶᠢᠭᠤᠯᠤᠯᠲᠠ  ᠵᠢᠨ‌ᠵᠠᠩᠭᠢᠯᠠᠭ᠎ᠠ ᠶᠢᠨ ᠰᠡᠳᠦᠪ ᠳᠡᠭᠡᠷ᠎ᠡ᠂ ᠣᠷᠣᠨ ᠨᠤᠲᠤᠭ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠪᠠ  ᠪᠡᠶ᠎ᠡ ᠶᠢᠨ ᠲᠠᠮᠢᠷ ᠤᠨ ᠠᠭᠤᠰᠤᠯᠴᠠᠯ᠂ ᠰᠤᠷᠭᠠᠭᠤᠯᠢ ᠪᠠ ᠨᠡᠶᠢᠭᠡᠮ ᠤᠨ ᠬᠠᠮᠲᠤᠷᠠᠯᠴᠠᠭᠠᠨ ᠤ ᠳᠤᠮᠳᠠ ᠠᠴᠠ  ᠠᠷᠭ᠎ᠠ  ᠡᠷᠢᠵᠦ᠂  ᠡᠬᠢ ᠪᠠᠶᠠᠯᠢᠭ ᠢ ᠦᠷᠭᠡᠳᠬᠡᠨ᠎ᠡ᠃  ᠰᠤᠷᠤᠯᠭ᠎ᠠ ᠶᠢᠨ ᠬᠤᠭᠤᠴᠠᠭ᠎ᠠ ᠶᠢ ᠣᠷᠭᠠᠨᠢᠭ ᠢᠶᠠᠷ ᠵᠣᠯᠭᠠᠭᠤᠯᠤᠭᠰᠠᠨ᠂ ᠬᠢᠴᠢᠶᠡᠯ   ᠤᠨ  ᠳᠣᠲᠣᠨ᠎ᠠ  ᠭᠠᠳᠠᠨᠠᠬᠢ   ᠶᠢ ᠤᠶᠠᠯᠳᠤᠭᠤᠯᠤᠭᠰᠠᠨ ᠭᠤᠸ᠎ᠠ ᠰᠠᠶᠢᠬᠠᠨ ᠤ ᠬᠥᠮᠦᠵᠢᠯ ᠤᠨ ᠰᠢᠰᠲ᠋ᠧᠮ   ᠢ  ᠰᠦᠪᠡᠭᠴᠢᠯᠡᠨ  ᠪᠠᠶᠢᠭᠤᠯᠵᠤ᠂  ᠵᠢᠭᠠᠨ  ᠰᠤᠷᠭᠠᠬᠤ᠂ ᠰᠢᠷᠭᠠᠭᠤ ᠪᠣᠯᠪᠠᠰᠤᠷᠠᠯ᠂ ᠪᠠᠶᠢᠩᠭᠤ ᠦᠵᠡᠭᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠸ᠎ᠠ ᠰᠠᠶᠢᠬᠠᠨ ᠤ  ᠬᠥᠮᠦᠵᠢᠯ  ‍ᠦᠨ‌ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ᠡᠯ᠎ᠡ ᠭᠠᠵᠠᠷ ᠤᠨ   ᠬᠢᠨ   ᠤ  ᠪᠣᠳᠠᠲᠠᠶ   ᠲᠠᠢ  ᠪᠠᠨ‌ᠤᠶᠠᠯᠳᠤᠭᠤᠯᠤᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢ ᠳᠣᠭᠢᠷᠠᠭᠤᠯᠬᠤ ᠪᠠ ᠲᠠᠯᠠᠪᠤᠷ ᠭᠠᠵᠠᠷ  ‍ᠤᠨ‌‍ᠪᠠᠭᠠᠵᠢ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ   ᠤᠨ  ᠠᠵᠢᠯᠯᠠᠭᠠᠨ   ᠤ  ᠲᠥᠯᠥᠪᠯᠡᠭᠡ   ᠶᠢ  ᠲᠣᠭᠲᠠᠭᠠᠨ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃   ᠬᠥᠳᠡᠯᠮᠦᠷᠢ ᠶᠢᠨ ᠬᠥᠮᠦᠵᠢᠯ ᠤᠨ ᠶᠡᠷᠦᠩᠬᠡᠶᠢᠯᠡᠨ ᠬᠥᠮᠦᠵᠢᠭᠦᠯᠬᠦ ᠦᠶᠯᠡᠳᠦᠯ ᠢ ᠪᠠᠳᠠᠷᠠᠭᠤᠯᠤᠨ᠎ᠠ᠃ ᠡᠯ᠎ᠡ  ᠱᠠᠲᠤᠨ   ᠤ ᠡᠯ᠎ᠡ ᠲᠥᠷᠥᠯ ᠤᠨ ᠰᠤᠷᠭᠠᠭᠤᠯᠢ ᠶᠢᠨ ᠰᠢᠨ᠎ᠡ ᠴᠠᠭ ᠦᠶ᠎ᠡ ᠶᠢᠨ ᠬᠥᠳᠡᠯᠮᠦᠷᠢ ᠶᠢᠨ  ᠰᠤᠷᠭᠠᠨ  ᠬᠥᠮᠦᠵᠢᠯ   ᠤᠨ  ᠣᠨᠴᠠᠯᠢᠭ   ᠢ ᠣᠨᠣᠪᠴᠢᠲᠠᠶ  ᠡᠵᠡᠮᠳᠡᠬᠦ   ᠶᠢ  ᠠᠬᠢᠭᠤᠯᠵᠤ᠂  ᠬᠥᠳᠡᠯᠮᠦᠷᠢ   ᠶᠢᠨ  ᠰᠤᠷᠭᠠᠨ  ᠬᠥᠮᠦᠵᠢᠯ   ᠤᠨ   ᠨᠠᠷᠢᠨ   ᠬᠠᠭᠤᠳᠠᠰᠤ   ᠶᠢ ᠪᠠᠶᠠᠯᠢᠭᠵᠢᠭᠤᠯᠤᠨ᠂ ᠰᠤᠷᠭᠠᠨ ᠬᠥᠮᠦᠵᠢᠯ ᠤᠨ ᠬᠠᠷᠠᠯᠲᠠ  ᠪᠠ  ᠠᠭᠤᠯᠭ᠎ᠠ   ᠶᠢ  ᠵᠣᠯᠭᠠᠭᠤᠯᠤᠨ᠎ᠠ᠃  ᠲᠤᠰᠬᠠᠶ  ᠮᠡᠷᠭᠡᠵᠢᠯ  ‍ᠦᠨ‌ᠵᠢᠯᠣᠭᠤᠳᠤᠯᠭ᠎ᠠ  ᠪᠠᠨ ᠴᠢᠩᠭᠠᠳᠭᠠᠵᠤ᠂ ᠬᠥᠳᠡᠯᠮᠦᠷᠢ ᠶᠢᠨ ᠬᠡᠪ  ᠪᠣᠯᠪᠠᠰᠤᠷᠠᠯ   ᠢ  ᠦᠨᠡᠯᠡᠬᠦ  ᠳᠦᠷᠢᠮ   ᠢ  ᠲᠡᠭᠦᠯᠳᠡᠷᠵᠢᠭᠦᠯᠵᠦ᠂ ᠬᠥᠳᠡᠯᠮᠦᠷᠢ ᠶᠢᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠢ ᠪᠣᠶ ᠪᠣᠯᠭᠠᠨ᠎ᠠ᠃  ᠪᠦᠬᠦ ᠰᠤᠷᠤᠭᠴᠢᠳ ᠲᠤ ᠬᠠᠨᠳᠤᠭᠤᠯᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ  ᠬᠢᠨ᠎ᠡ᠃  ᠰᠤᠷᠤᠭᠴᠢᠳ‌‍ᠤᠨ ᠰᠡᠳᠬᠢᠴᠡ ᠶᠢᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠪᠠ ᠵᠢᠭᠠᠨ ᠵᠢᠯᠣᠭᠤᠳᠴᠤ᠂ ᠰᠤᠷᠤᠭᠴᠢᠳ ᠤᠨ  ᠨᠤᠭᠤᠷᠠᠯ ᠪᠦᠳᠦᠷᠢᠯ ᠢ ᠳᠠᠭᠠᠭᠠᠬᠤ᠂ ᠣᠷᠴᠢᠨ ᠲᠣᠭᠤᠷᠢᠨ ᠳᠤ ᠵᠣᠬᠢᠴᠠᠬᠤ ᠴᠢᠳᠠᠪᠤᠷᠢ ᠶᠢ ᠴᠢᠩᠭᠠᠷᠠᠭᠤᠯᠤᠨ᠎ᠠ᠃  ᠡᠷᠡᠭᠦᠯ ᠬᠠᠮᠠᠭᠠᠯᠠᠯ  ᠡᠷᠡᠭᠦᠯ  ᠮᠡᠨᠳᠦ   ᠶᠢᠨ  ᠬᠥᠮᠦᠵᠢᠯ ᠢ ᠴᠢᠩᠭᠠᠳᠬᠠᠵᠤ᠂ ᠠᠵᠢᠯ   ᠤᠨ  ᠠᠷᠭ᠎ᠠ   ᠪᠠᠨ  ᠰᠠᠶᠢᠵᠢᠷᠠᠭᠤᠯᠤᠨ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ   ᠢ  ᠦᠷᠭᠦᠯᠵᠢᠯᠡᠨ‌‍ᠰᠠᠶᠢᠲᠤᠷ ᠬᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号