ᠰᠤᠷᠭᠠᠨ ᠬᠥᠮᠦᠵᠢᠯ ᠤᠨ ᠶᠠᠮᠤᠨ 2021 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠠᠵᠢᠯ ᠢ ᠪᠠᠶᠢᠷᠢᠯᠠᠭᠤᠯᠵᠤ ᠶᠠᠮᠠᠷᠪᠠ ᠬᠡᠯᠪᠡᠷᠢ ᠪᠠᠷ ᠥᠨᠳᠥᠷ ᠬᠤᠪᠢ ᠣᠯᠤᠭᠰᠠᠨ ᠰᠢᠯᠭᠠᠭᠤᠯᠤᠭᠴᠢ ᠪᠠᠨ ᠨᠡᠶᠢᠲᠡᠯᠡᠬᠦ ᠶᠢ ᠴᠢᠩᠭ᠎ᠠ ᠬᠤᠷᠢᠬᠯᠠᠬᠤ ᠬᠡᠷᠡᠭᠳᠡᠢ  ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2021/2/24
    ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ︽2021 ᠣᠨ ᠤ ᠡᠩ  ᠤᠨ ᠶᠡᠭᠡ  ᠳᠡᠭᠡᠳᠦ  ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾  ᠳᠠᠷᠤᠮᠠᠯᠯᠠᠨ ᠲᠠᠷᠬᠠᠭᠠᠵᠤ᠂ 2021 ᠣᠨ ᠤ ᠡᠩ ᠤᠨ ᠶᠡᠭᠡ‌‍ᠲ᠋ᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠪᠠᠶᠢᠷᠢᠯᠠᠭᠤᠯᠪᠠ᠃     ︽ᠮᠡᠳᠡᠭᠳᠡᠯ︾ ᠳᠤ᠂ 2021  ᠣᠨ ᠤ  ᠡᠩ ᠤᠨ ᠶᠡᠭᠡ ᠳᠡᠭᠡᠳᠦ ᠰᠤᠷᠭᠠᠭᠤᠯᠢ  ᠶᠢᠨ ᠰᠣᠷᠣᠭᠴᠢ ᠡᠯᠰᠡᠬᠦ ᠠᠵᠢᠯ  ᠨᠢ ᠰᠢ  ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ  ᠲᠠᠢ  ᠨᠡᠶᠢᠭᠡᠮ  ᠵᠢᠷᠤᠮ  ᠤᠨ  ᠦᠵᠡᠯ  ᠰᠠᠨᠠᠭ᠎ᠠ  ᠪᠠᠷ  ᠵᠢᠯᠣᠭᠤᠳᠣᠯᠭ᠎ᠠ  ᠪᠣᠯᠭᠠᠵᠤ᠂  ᠨᠠᠮ  ᠤᠨ  ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ  ᠤᠨ ᠵᠣᠷᠢᠭ  ᠰᠠᠨᠠᠭ᠎ᠠ  ᠶᠢ  ᠪᠥᠬᠦ  ᠲᠠᠯ᠎ᠠ ᠪᠠᠷ ᠲᠤᠤᠱᠯᠠᠭᠤᠯᠵᠤ᠂ ᠪᠥᠬᠦ ᠤᠯᠤᠰ  ᠤᠨ ᠰᠤᠷᠭᠠᠨ ᠬᠥᠮᠦᠵᠢᠯ ᠤᠨ ᠶᠡᠭᠡ  ᠬᠤᠷᠠᠯ ᠤᠨ  ᠵᠣᠷᠢᠭ  ᠰᠠᠨᠠᠭ᠎ᠠ  ᠵᠢᠴᠢ  ︽ᠰᠢᠨ᠎ᠡ ᠴᠠᠭ ᠦᠶ᠎ᠡ  ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠶ ᠲᠥᠰᠦᠯ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ ᠬᠤᠷᠢᠬᠯᠠᠬᠤ ᠪᠠ  ᠰᠢᠯᠭᠠᠯᠲᠠ  ᠬᠢᠵᠦ  ᠰᠣᠷᠣᠭᠴᠢ  ᠡᠯᠰᠡᠬᠦ  ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠰᠢᠯᠭᠠᠯᠲᠠ ᠬᠢᠵᠦ ᠰᠣᠷᠣᠭᠴᠢ  ᠡᠯᠰᠡᠬᠦ  ᠲᠦᠷᠢᠮ  ᠤᠨ  ᠥᠭᠡᠷᠡᠴᠢᠯᠡᠯᠲᠡ  ᠶᠢ ᠢᠳᠡᠪᠬᠢᠲᠡᠶ ᠯᠠᠪᠳᠠᠭᠤᠨ  ᠢᠶᠠᠷ  ᠠᠬᠢᠭᠤᠯᠵᠤ᠂  ᠰᠢᠯᠭᠠᠯᠲᠠ  ᠬᠢᠵᠦ  ᠰᠣᠷᠣᠭᠴᠢ  ᠡᠯᠰᠡᠬᠦ  ᠵᠠᠰᠠᠯᠲᠠ ᠶᠢᠨ  ᠰᠢᠰᠲ᠋ᠧᠮ  ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠡᠩ ᠤᠨ  ᠶᠡᠭᠡ‌‍ᠲ᠋ᠡᠭᠡᠳᠦ  ᠰᠤᠷᠭᠠᠭᠤᠯᠢ ᠶᠢᠨ  ᠰᠢᠯᠭᠠᠯᠲᠠ  ᠬᠢᠵᠦ  ᠰᠣᠷᠣᠭᠴᠢ  ᠡᠯᠰᠡᠬᠦ  ᠠᠵᠢᠯ  ᠲᠣᠭᠲᠠᠭᠤᠨ  ᠪᠥᠭᠡᠳ  ᠡᠮᠬᠢ  ᠵᠢᠷᠤᠮ  ᠲᠠᠢ ᠶᠠᠪᠤᠬᠳᠠᠬᠤ  ᠶᠢ ᠦᠨᠡᠨ ᠬᠦ ᠪᠠᠲᠤᠯᠠᠬᠤ ᠬᠡᠷᠡᠭᠲᠡᠶ ᠬᠡᠵᠦ ᠱᠠᠭᠠᠷᠳᠠᠪᠠ᠃             ︽ᠮᠡᠳᠡᠭᠳᠡᠯ︾ ᠳᠤ ᠲᠠᠪᠤᠨ ᠲᠠᠯ᠎ᠠ ᠶᠢᠨ ᠠᠵᠢᠯ ᠤᠨ  ᠡᠭᠦᠷᠭᠡ ᠶᠢ  ᠭᠤᠣᠯᠳᠠᠯᠭ᠎ᠠ ᠲᠠᠢ  ᠴᠢᠬᠤᠯᠠᠴᠢᠯᠠᠪᠠ᠃  ᠨᠢᠭᠡ ᠳᠤ ᠬᠢᠵᠢᠭ ᠢ ᠰᠡᠷᠭᠡᠶᠢᠯᠡᠨ ᠬᠤᠷᠢᠬᠯᠠᠬᠤ ᠶᠢ ᠪᠠᠶᠢᠡᠭᠭᠤᠵᠢᠭᠤᠯᠤᠬᠰᠠᠨ ᠤᠷᠢᠳᠠᠯ ᠲᠤᠤᠷ᠎ᠠ ᠶᠡᠭᠡ ᠳᠡᠭᠡᠳᠦ ᠰᠤᠷᠭᠠᠭᠤᠯᠢ ᠳᠤ  ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠵᠤᠬᠢᠶᠠᠨ ᠪᠠᠶᠢᠭᠤᠯᠬᠤ ᠠᠵᠢᠯ ᠤᠨ ᠲᠣᠭᠲᠠᠴᠠ  ᠶᠢ ᠪᠦᠷᠢᠨᠰᠢᠭᠦᠯᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠤᠷᠭᠠᠭᠤᠯᠢ  ᠶᠢ  ᠲᠤᠬᠠᠶ ᠶᠢᠨ  ᠭᠠᠵᠠᠷ ᠤᠨ  ᠨᠠᠮ  ᠤᠨ  ᠬᠤᠷᠢᠶ᠎ᠠ᠂  ᠵᠠᠰᠠᠭ  ᠤᠨ  ᠣᠷᠳᠣᠨ ᠤ  ᠤᠳᠤᠷᠢᠳᠤᠯᠭ᠎ᠠ ᠳᠣᠤᠷ᠎ᠠ᠂ ᠭᠤᠤᠯ ᠴᠣᠭᠴᠠ ᠶᠢᠨ  ᠬᠠᠷᠢᠭᠤᠴᠠᠯᠭ᠎ᠠ ᠪᠠᠨ  ᠬᠢᠨᠠᠮᠠᠭᠠᠶ  ᠬᠦᠢᠴᠡᠳᠭᠡᠵᠦ᠂  ᠤᠯᠤᠰ ᠤᠨ  ᠰᠤᠷᠭᠠᠨ ᠬᠥᠮᠦᠵᠢᠯ  ᠤᠨ ᠰᠢᠯᠭᠠᠯᠲᠠ ᠶᠢᠨ ᠳᠤᠭᠤᠶᠢᠯᠠᠩ  ᠤᠨ ᠰᠢᠯᠭᠠᠯᠲᠠ ᠶᠢᠨ  ᠬᠤᠭᠤᠴᠠᠭᠠᠨ   ᠳᠤ  ᠬᠢᠵᠢᠭ  ᠢ  ᠰᠡᠷᠭᠡᠶᠢᠯᠡᠬᠦ  ᠱᠠᠭᠠᠷᠳᠠᠯᠭ᠎ᠠ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ ᠬᠢᠵᠢᠭ  ᠢ ᠰᠡᠷᠭᠡᠶᠢᠯᠡᠬᠦ ᠠᠵᠢᠯ ᠤᠨ ᠳᠤᠭᠤᠶᠢᠯᠠᠩ ᠤᠨ ᠰᠢᠯᠭᠠᠯᠲᠠ ᠶᠢᠨ ᠲᠥᠰᠦᠯ  ᠢ  ᠤᠯᠠᠮ ᠨᠢᠭᠡ ᠠᠯᠬᠤᠮ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠰᠢᠯᠭᠠᠭᠤᠯᠤᠭᠴᠢ ᠪᠠ ᠰᠢᠯᠭᠠᠯᠲᠠ  ᠶᠢᠨ ᠠᠵᠢᠯᠲᠠᠨ  ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ  ᠬᠡᠷᠡᠭᠲᠡᠶ᠃  ᠠᠮᠤᠷ  ᠲᠦᠪᠰᠢᠨ ᠤ ᠨᠢᠭᠤᠴᠠ  ᠶᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠯᠭᠠᠯᠲᠠ ᠳᠤ  ᠬᠡᠮ  ᠬᠢᠬᠦ  ᠦᠢᠯᠡ  ᠠᠵᠢᠯᠯᠠᠭ᠎ᠠ  ᠳᠤ ᠴᠢᠩᠭ᠎ᠠ  ᠴᠣᠬᠢᠯᠲᠠ  ᠥᠭᠴᠦ᠂  ᠭᠡᠨᠡᠳᠲᠡ ᠶᠢᠨ  ᠬᠡᠷᠡᠭ ᠤᠨ  ᠪᠠᠴᠢᠮ  ᠪᠠᠶᠢᠳᠠᠯ ᠢ  ᠠᠷᠭᠠᠴᠠᠬᠤ   ᠪᠡᠯᠡᠳᠬᠡᠯ   ᠲᠥᠰᠦᠯ  ᠢ ᠲᠡᠭᠦᠯᠳᠡᠷᠵᠢᠬᠦᠯᠬᠦ  ᠬᠡᠷᠡᠭᠳᠡᠢ  ᠭᠡᠵᠦ  ᠱᠠᠭᠠᠷᠳᠠᠪᠠ᠃  ᠬᠤᠶᠠᠷ ᠲᠤ  ᠶᠡᠭᠡ  ᠳᠡᠭᠡᠳᠦ  ᠰᠤᠷᠭᠠᠭᠤᠯᠢ ᠳᠤ  ᠰᠣᠷᠣᠭᠴᠢ   ᠡᠯᠰᠡᠬᠦ ᠰᠢᠯᠭᠠᠯᠲᠠ ᠶᠢᠨ ᠰᠤᠷᠭᠠᠭᠤᠯᠢ ᠳᠤ ᠣᠷᠣᠬᠤ ᠲᠣᠬᠢᠶᠠᠯ ᠢ ᠲᠥᠪ ᠭᠤᠤᠯᠴᠢ ᠪᠠᠷ  ᠪᠠᠲᠤᠯᠠᠬᠤ  ᠲᠣᠭᠲᠠᠴᠠ ᠶᠢ  ᠲᠡᠭᠦᠯᠳᠡᠷᠵᠢᠬᠦᠯᠬᠦ ᠬᠡᠷᠡᠭᠳᠡᠢ᠃ ᠭᠤᠣᠯᠳᠠᠯᠭ᠎ᠠ ᠲᠠᠢ ᠶᠡᠭᠡ ᠳᠡᠭᠡᠳᠦ  ᠰᠤᠷᠭᠠᠭᠤᠯᠢ ᠶᠢᠨ  ᠲᠤᠰᠬᠠᠢ  ᠲᠥᠯᠥᠪᠯᠡᠭᠡ ᠶᠢ  ᠦᠷᠭᠦᠯᠵᠢᠯᠡᠨ  ᠬᠡᠷᠡᠭᠵᠢᠬᠦᠯᠬᠦ ᠬᠡᠷᠡᠭᠳᠡᠢ᠃ ᠬᠤᠲᠠ ᠣᠷᠣᠵᠤ ᠬᠦᠯᠦᠰᠦᠨ ᠠᠵᠢᠯ ᠬᠢᠵᠦ ᠪᠠᠶᠢᠭ᠎ᠠ ᠬᠦᠮᠦᠰ ᠤᠨ ᠦᠷ᠎ᠡ ᠬᠡᠦᠬᠡᠳ ᠠᠪᠤ ᠡᠵᠢ ᠶᠢᠨ ᠢᠶᠠᠨ  ᠠᠵᠢᠯ ᠬᠢᠵᠦ ᠪᠠᠶᠢᠭ᠎ᠠ ᠭᠠᠵᠠᠷ ᠲᠤ  ᠶᠡᠭᠡ  ᠳᠡᠭᠡᠳᠦ  ᠰᠤᠷᠭᠠᠭᠤᠯᠢ  ᠳᠤ  ᠰᠤᠷᠤᠭᠴᠢ  ᠡᠯᠰᠡᠬᠦ  ᠰᠢᠯᠭᠠᠯᠲᠠ ᠳᠤ  ᠤᠷᠤᠯᠴᠠᠵᠤ  ᠪᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠶᠡᠭᠡ ᠳᠡᠭᠡᠳᠦ  ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠬᠢᠷᠢ  ᠬᠡᠮ  ᠢ  ᠬᠢᠨᠠᠬᠤ  ᠠᠵᠢᠯ   ᠢ  ᠴᠢᠩᠭᠠᠳᠬᠠᠨ᠂  ︽ᠶᠡᠭᠡ  ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠤᠷᠤᠯᠴᠠᠬᠤ ᠶᠢ ᠵᠤᠷᠢᠬᠰᠠᠨ ᠨᠡᠭᠦᠳᠡᠯ ᠠᠷᠠᠳ︾ ᠲᠤ ᠴᠢᠩᠭ᠎ᠠ  ᠴᠣᠬᠢᠯᠲᠠ ᠥᠭᠴᠦ᠂  ᠰᠤᠷᠤᠭᠴᠢ  ᠡᠯᠰᠡᠬᠦ  ᠡᠮᠬᠢ  ᠳᠢᠭᠯᠢᠮ ᠢ  ᠦᠨᠡᠨᠬᠦ  ᠬᠠᠮᠠᠭᠠᠯᠠᠬᠤ  ᠬᠡᠷᠡᠭᠲᠡᠶ᠃   ᠭᠤᠷᠪᠠ ᠳᠤ   ᠶᠡᠭᠡ   ᠳᠡᠭᠡᠳᠦ ᠰᠤᠷᠭᠠᠭᠤᠯᠢ ᠶᠢᠨ ᠰᠢᠯᠭᠠᠯᠲᠠ ᠬᠢᠵᠦ ᠰᠤᠷᠤᠭᠴᠢ  ᠡᠯᠰᠡᠬᠦ  ᠥᠭᠡᠷᠡᠴᠢᠯᠡᠯᠲᠡ  ᠶᠢ  ᠬᠦᠨᠵᠡᠭᠡᠶᠢᠷᠡᠬᠦᠯᠬᠦ  ᠬᠡᠷᠡᠭᠳᠡᠢ᠃  ᠾᠧᠪᠸᠢ᠂ ᠯᠢᠶᠣᠤᠨᠢᠩ᠂ ᠵᠢᠶᠠᠩᠰᠦ᠂ ᠹᠦᠵᠢᠶᠠᠨ᠂ ᠬᠤᠪᠸᠢ᠂ ᠬᠤᠨᠠᠨ᠂ ᠭᠤᠸᠠᠩᠳᠦ᠋ᠡᠭ᠂ ᠴᠦᠩᠴᠢᠩ ᠵᠡᠷᠭᠡ ᠶᠡᠭᠡ ᠳᠡᠭᠡᠳᠦ ᠰᠤᠷᠭᠠᠭᠤᠯᠢ  ᠳᠤ ᠰᠣᠷᠣᠭᠴᠢ  ᠡᠯᠰᠡᠬᠦ  ᠨᠢᠭᠡᠳᠦᠯᠲᠡᠶ  ᠰᠢᠯᠭᠠᠯᠲᠠ ᠶᠢᠨ  ᠭᠤᠷᠪᠠᠳᠤᠭᠠᠷ  ᠪᠦᠯᠦᠭ  ᠤᠨ  ᠶᠡᠷᠦᠩᠬᠡᠶᠢᠯᠡᠭᠰᠡᠨ  ᠥᠭᠡᠷᠡᠴᠢᠯᠡᠯᠲᠡ  ᠶᠢᠨ ᠮᠤᠵᠢ  ᠶᠢᠨ  ᠬᠢᠨ ᠶᠡᠭᠡ ᠳᠡᠭᠡᠳᠦ ᠰᠤᠷᠭᠠᠭᠤᠯᠢ ᠳᠤ  ᠰᠣᠷᠣᠭᠴᠢ  ᠡᠯᠰᠡᠬᠦ  ᠰᠢᠨ᠎ᠡ  ᠰᠢᠯᠭᠠᠯᠲᠠ ᠶᠢ  ᠨᠠᠶᠢᠳᠠᠪᠤᠷᠢᠵᠢᠭᠤᠯᠬᠤ ᠡᠯ᠎ᠡ ᠵᠦᠢᠯ  ᠤᠨ ᠠᠵᠢᠯ  ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂  ᠰᠢᠯᠭᠠᠯᠲᠠ  ᠬᠢᠬᠦ  ᠪᠠ  ᠰᠣᠷᠣᠭᠴᠢ  ᠡᠯᠰᠡᠬᠦ  ᠠᠵᠢᠯ ᠤᠨ ᠲᠥᠰᠦᠯ ᠢᠶᠠᠨ ᠨᠠᠷᠢᠨ ᠨᠢᠮᠪᠠᠶ ᠲᠣᠭᠲᠠᠭᠠᠵᠤ᠂ ᠥᠭᠡᠷᠡᠴᠢᠯᠡᠯᠲᠡ ᠶᠢ  ᠲᠣᠭᠲᠠᠭᠤᠨ  ᠢᠶᠠᠷ  ᠨᠠᠶᠢᠳᠠᠪᠤᠷᠢᠵᠢᠭᠤᠯᠬᠤ   ᠶᠢ  ᠦᠨᠡᠨ  ᠬᠦ ᠪᠠᠲᠤᠯᠠᠬᠤ ᠬᠡᠷᠡᠭᠲᠡᠶ᠃ ᠰᠢᠯᠭᠠᠯᠲᠠ  ᠶᠢᠨ ᠠᠭᠤᠯᠭ᠎ᠠ  ᠶᠢᠨ ᠥᠭᠡᠷᠡᠴᠢᠯᠡᠯᠲᠡ  ᠶᠢ  ᠭᠦᠨᠵᠡᠭᠡᠶᠢᠷᠡᠭᠦᠯᠵᠦ᠂  ᠶᠣᠰᠣ  ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ  ᠶᠢ ᠪᠠᠷᠢᠮᠲᠠᠯᠠᠵᠤ᠂ ᠰᠤᠷᠤᠭᠴᠢᠳ ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ‌‍ᠰᠠᠶᠢᠬᠠᠨ ᠤ ᠪᠦᠬᠦ ᠲᠠᠯ᠎ᠠ ᠪᠠᠷ ᠬᠥᠭᠵᠢᠬᠦ ᠶᠢ ᠰᠢᠯᠭᠠᠨ ᠪᠠᠶᠢᠴᠠᠭᠠᠬᠤ ᠪᠠ ᠬᠥᠲᠥᠯᠥᠨ ᠵᠢᠯᠣᠭᠤᠳᠬᠤ  ᠶᠢ  ᠴᠢᠩᠭᠠᠳᠬᠠᠬᠤ ᠬᠡᠷᠡᠭᠳᠡᠢ᠃ ᠰᠠᠭᠤᠷᠢ ᠶᠢ ᠴᠢᠩᠭᠠᠳᠬᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠰᠤᠷᠤᠭᠴᠢ ᠡᠯᠰᠡᠬᠦ ᠵᠢᠷᠤᠮ ᠪᠠ ᠠᠷᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠨᠠᠨ ᠰᠢᠯᠭᠠᠬᠤ ᠠᠭᠤᠯᠭ᠎ᠠ ᠪᠠ ᠬᠡᠯᠪᠡᠷᠢ ᠶᠢ ᠰᠢᠯᠢᠳᠡᠭᠵᠢᠬᠦᠯᠬᠦ ᠬᠡᠷᠡᠭᠳᠡᠢ᠃ ᠳᠡᠭᠡᠳᠦ ᠵᠡᠷᠭᠡ ᠶᠢᠨ  ᠠᠵᠢᠯ  ᠮᠡᠷᠭᠡᠵᠢᠯ  ᠤᠨ  ᠰᠤᠷᠭᠠᠭᠤᠯᠢ  ᠶᠢ  ᠲᠥᠷᠥᠯ  ᠬᠤᠪᠢᠶᠠᠨ  ᠰᠢᠯᠭᠠᠨ  ᠡᠯᠰᠡᠬᠦ  ᠶᠢ  ᠶᠡᠬᠡᠪᠡᠷ   ᠠᠬᠢᠭᠤᠯᠵᠤ᠂ ︽ᠰᠣᠶᠣᠯ ᠤᠨ ᠬᠡᠪ ᠴᠢᠨᠠᠷ + ᠠᠵᠢᠯ ᠮᠡᠷᠭᠡᠵᠢᠯ ᠤᠨ ᠤᠷ᠎ᠠ ᠴᠢᠳᠠᠪᠤᠷᠢ︾ ᠶᠢ ᠦᠨᠡᠯᠡᠬᠦ ᠠᠷᠭ᠎ᠠ  ᠬᠡᠯᠪᠡᠷᠢ  ᠶᠢ  ᠲᠡᠭᠦᠯᠳᠡᠷᠵᠢᠬᠦᠯᠬᠦ ᠬᠡᠷᠡᠭᠳᠡᠢ ᠬᠡᠵᠦ ᠱᠠᠭᠠᠷᠳᠠᠪᠠ᠃ ᠳᠥᠷᠪᠡ ᠳᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠬᠢᠵᠦ ᠰᠣᠷᠣᠭᠴᠢ ᠡᠯᠰᠡᠬᠦ  ᠬᠢᠨᠠᠯᠲᠠ ᠬᠠᠮᠢᠶᠠᠷᠤᠯᠲᠠ ᠶᠢ  ᠴᠢᠩᠭᠠᠳᠬᠠᠬᠤ  ᠬᠡᠷᠡᠭᠳᠡᠢ᠃  ᠤᠯᠤᠰ᠂  ᠮᠤᠵᠢ ᠶᠢᠨ  ᠱᠠᠲᠤ᠂   ᠳᠡᠭᠡᠳᠦ   ᠰᠤᠷᠭᠠᠭᠤᠯᠢ᠂   ᠳᠤᠮᠳᠠᠳᠤ ᠰᠤᠷᠭᠠᠭᠤᠯᠢ ᠶᠢᠨ ᠳᠥᠷᠪᠡᠨ ᠱᠠᠲᠤᠨ ᠤ  ᠮᠡᠳᠡᠭᠡ  ᠵᠠᠩᠭᠢ  ᠶᠢ  ᠢᠯᠡ  ᠪᠣᠯᠭᠠᠬᠤ  ᠲᠦᠷᠢᠮ  ᠢ  ᠴᠢᠩᠭ᠎ᠠ  ᠨᠠᠶᠢᠳᠠᠪᠤᠷᠢᠵᠢᠭᠤᠯᠬᠤ ᠬᠡᠷᠡᠭᠳᠡᠢ᠃ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠤ  ︽30  ᠦᠯᠦ  ᠪᠣᠯᠬᠤ︾  ︽ᠨᠠᠢᠮᠠᠨ  ᠦᠨᠳᠦᠰᠦᠨ ᠱᠠᠭᠠᠷᠳᠠᠯᠭ᠎ᠠ︾ ᠵᠡᠷᠭᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢ ᠡᠯᠰᠡᠬᠦ  ᠲᠥᠯᠥᠪᠯᠡᠭᠡ‌‍ᠪᠠ‌‍ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠲᠣᠭᠲᠠᠭᠠᠯ ᠠᠴᠠ ᠵᠦᠷᠢᠴᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ  ᠰᠢᠢᠳᠪᠦᠷᠢᠯᠡᠬᠦ  ᠬᠡᠷᠡᠭᠳᠡᠢ᠃  ᠲᠠᠪᠤ ᠳᠤ  ᠰᠢᠯᠭᠠᠯᠲᠠ ᠶᠢᠨ  ᠦᠢᠯᠡᠴᠢᠯᠡᠭᠡ ᠶᠢ  ᠤᠯᠠᠮ  ᠨᠢᠭᠡ  ᠠᠯᠬᠤᠮ ᠰᠢᠯᠢᠳᠡᠭᠵᠢᠬᠦᠯᠬᠦ  ᠬᠡᠷᠡᠭᠳᠡᠢ᠃  ᠬᠤᠯᠪᠣᠭᠳᠠᠯ  ᠪᠦᠬᠦᠢ  ᠰᠠᠯᠠᠭ᠎ᠠ  ᠮᠥᠴᠢᠷ  ᠲᠠᠢ  ᠬᠠᠮᠲᠤᠷᠠᠨ  ᠠᠮᠤᠷ ᠢ  ᠬᠠᠮᠠᠭᠠᠯᠠᠬᠤ᠂   ᠵᠠᠮ ᠬᠠᠷᠢᠯᠴᠠᠭ᠎ᠠ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢ  ᠴᠢᠩᠭᠠᠳᠬᠠᠵᠤ᠂ ᠵᠡᠮᠳᠡᠭᠴᠦᠳ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠳᠠ ᠳᠤ  ᠡᠷᠬᠡ  ᠲᠡᠭᠰᠢ ᠪᠠᠷ  ᠣᠷᠣᠯᠴᠠᠬᠤ  ᠳᠤ  ᠵᠦᠢ  ᠵᠣᠬᠢᠰᠲᠠᠶ ᠳᠥᠭᠦᠮ  ᠦᠵᠡᠭᠦᠯᠬᠦ  ᠬᠡᠷᠡᠭᠲᠡᠶ᠃ ᠰᠣᠷᠣᠭᠴᠢ  ᠡᠯᠰᠡᠬᠦ  ᠤᠬᠠᠭᠤᠯᠭ᠎ᠠ ᠶᠢ  ᠴᠢᠩᠭᠠᠳᠬᠠᠵᠤ᠂  ᠡᠯ᠎ᠡ ᠭᠠᠵᠠᠷ ᠤᠨ ᠡᠯ᠎ᠡ ᠰᠤᠷᠭᠠᠭᠤᠯᠢ  ᠨᠤᠭᠤᠳ ᠰᠤᠷᠭᠠᠨ ᠬᠥᠮᠦᠵᠢᠯ ᠤᠨ ᠠᠵᠢᠯ ᠤᠨ ᠦᠷ᠎ᠡ ᠪᠦᠲᠦᠮᠵᠢ ᠶᠢᠨ ᠲᠤᠬᠠᠶ ᠵᠥᠪ ᠦᠵᠡᠯᠲᠡ  ᠶᠢ ᠪᠠᠷᠢᠮᠲᠠᠯᠠᠨ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ  ᠶᠢᠨ  ᠬᠢᠷᠢ  ᠪᠦᠲᠦᠮᠵᠢ  ᠶᠢ  ᠨᠡᠶᠢᠲᠡᠯᠡᠬᠦ  ᠪᠠ ᠬᠤᠯᠪᠣᠭᠳᠠᠯ ᠪᠥᠬᠦᠶ ᠤᠬᠠᠭᠤᠯᠭ᠎ᠠ  ᠶᠢᠨ ᠠᠵᠢᠯ  ᠢ ᠤᠯᠠᠮ ᠨᠢᠭᠡ ᠠᠯᠬᠤᠮ  ᠵᠢᠷᠤᠮᠵᠢᠭᠤᠯᠵᠤ᠂  ᠶᠠᠮᠠᠷᠪᠠ  ᠬᠡᠯᠪᠡᠷᠢ  ᠪᠠᠷ  ︽ᠶᠡᠭᠡ‌‍ᠲ᠋ᠡᠭᠡᠳᠦ ᠰᠤᠷᠭᠠᠭᠤᠯᠢ  ᠳᠤ ᠰᠣᠷᠣᠭᠴᠢ ᠡᠯᠰᠡᠬᠦ ᠨᠢᠭᠡᠳᠦᠯᠲᠡᠶ  ᠰᠢᠯᠭᠠᠯᠲᠠ ᠶᠢᠨ  ᠮᠠᠩᠯᠠᠶ︾  ︽ᠶᠡᠭᠡ  ᠳᠡᠭᠡᠳᠦ  ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ  ᠰᠤᠷᠭᠠᠭᠤᠯᠢ  ᠳᠡᠪᠰᠢᠭᠰᠡᠨ  ᠨᠣᠷᠮ᠎ᠠ︾  ︽ᠥᠨᠳᠥᠷ  ᠬᠤᠪᠢ  ᠣᠯᠤᠭᠰᠠᠨ ᠰᠢᠯᠭᠠᠭᠤᠯᠤᠭᠴᠢ︾  ᠵᠡᠷᠭᠡ  ᠶᠢ  ᠨᠡᠶᠢᠲᠡᠯᠡᠬᠦ᠂  ᠤᠬᠠᠭᠤᠯᠬᠤ  ᠶᠢ  ᠴᠢᠩᠭ᠎ᠠ  ᠬᠤᠷᠢᠬᠯᠠᠬᠤ   ᠬᠡᠷᠡᠭᠲᠡᠶ   ᠭᠡᠵᠦ ᠱᠠᠭᠠᠷᠳᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号