ᠪᠡᠬᠡᠵᠢᠩ ᠤᠨ ᠣᠯᠢᠮᠫᠢᠺ ᠤᠨ ᠭᠠᠯ ᠪᠠᠮᠪᠠᠷ
ᠨᠡᠶᠢᠲᠡᠯᠡᠭᠰᠡᠨ ᠴᠠᠭ᠄
2021/2/26
    ᠪᠡᠬᠡᠵᠢᠩ ᠤᠨ 2022 ᠣᠨ  ᠤ  ᠡᠪᠣᠯ  ᠤᠨ  ᠣᠯᠢᠮᠫᠢᠺ  ᠤᠨ ᠴᠣᠭᠯᠠᠭᠠᠨ ᠤ ᠭᠠᠯ ᠪᠠᠮᠪᠠᠷ ᠣᠯᠠᠨ ᠲᠠᠢ ᠵᠣᠯᠭᠠᠯ᠎ᠠ᠃     ᠪᠡᠬᠡᠵᠢᠩ ᠤᠨ ᠡᠪᠣᠯ ᠤᠨ ᠣᠯᠢᠮᠫᠢᠺ ᠤᠨ ᠴᠣᠭᠯᠠᠭᠠᠨ ᠤ ᠭᠠᠯ ᠪᠠᠮᠪᠠᠷ ᠨᠢ ᠮᠥᠩᠭᠦᠨ ᠥᠩᠭᠡ ᠪᠣᠯᠣᠨ ᠣᠯᠠᠭᠠᠨ ᠦᠩᠬᠡ ᠪᠠᠷ ᠪᠦᠷᠢᠯᠳᠦᠵᠦ᠂ ᠮᠥᠩᠭᠦᠨ ᠴᠠᠭᠠᠨ ᠮᠥᠰᠥ ᠴᠠᠰᠤ ᠪᠣᠯᠣᠨ ᠭᠠᠯ ᠰᠢᠭ᠋ ᠬᠠᠯᠠᠭᠤᠨ ᠣᠷᠭᠢᠯᠤᠮ᠎ᠠ ᠰᠡᠳᠬᠢᠯᠭᠡ ᠶᠢ ᠪᠡᠯᠭᠡᠳᠡᠵᠡᠢ᠃     ᠵᠡᠮᠳᠡᠭᠴᠣᠳ ᠤᠨ ᠡᠪᠣᠯ ᠤᠨ ᠣᠯᠢᠮᠫᠢᠺ ᠤᠨ ᠴᠣᠭᠯᠠᠭᠠᠨ ᠤ ᠭᠠᠯ ᠪᠠᠮᠪᠠᠷ ᠨᠢ ᠮᠥᠩᠭᠦᠨ ᠥᠩᠭᠡ ᠪᠣᠯᠣᠨ ᠠᠯᠲᠠᠨ ᠦᠩᠬᠡ ᠪᠠᠷ ᠪᠦᠷᠢᠯᠳᠦᠵᠦ᠂ ᠭᠡᠷᠡᠯ ᠰᠠᠴᠤᠷᠠᠩᠭᠤᠢ ᠬᠦᠰᠡᠯ ᠢᠷᠡᠭᠡᠳᠦᠢ ᠶᠢ ᠪᠡᠯᠭᠡᠳᠡᠭᠰᠡᠨ ᠪᠥᠭᠡᠳ ᠳᠣᠣᠷᠠᠳᠤ ᠲᠠᠯ᠎ᠠ ᠳᠤᠨᠢ ︽ᠪᠡᠬᠡᠵᠢᠩ ᠤᠨ ᠵᠡᠮᠳᠡᠭᠴᠣᠳ ᠤᠨ ᠡᠪᠣᠯ ᠤᠨ ᠣᠯᠧᠮᠫᠢᠺ ᠤᠨ ᠴᠣᠭᠯᠠᠭᠠᠨ︾ ᠭᠡᠰᠡᠨ ᠦᠰᠦᠭ ᠢ ᠬᠠᠷᠠᠭ᠎ᠠ ᠦᠭᠡᠢ ᠬᠥᠮᠥᠰ ᠤᠨ ᠬᠡᠷᠡᠭᠯᠡᠳᠡᠭ ᠦᠰᠦᠭ ᠢᠶᠠᠷ ᠰᠢᠪᠡᠭᠰᠡᠨ ᠪᠠᠶᠢᠨ᠎ᠠ᠃     ᠪᠡᠬᠡᠵᠢᠩ ᠤᠨ ᠣᠯᠢᠮᠫᠢᠺ ᠤᠨ ᠴᠣᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠬᠢᠨ 22 ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠠᠴᠠ ᠢᠷᠡᠭᠦᠯᠦᠭᠰᠡᠨ 182 ᠭᠠᠯ ᠪᠠᠮᠪᠠᠷ ᠤᠨ ᠵᠢᠷᠤᠭ ᠲᠥᠰᠥᠪ ᠢ ᠬᠦᠯᠢᠶᠡᠨ ᠠᠪᠴᠤ᠂ ᠬᠢᠨᠠᠨ ᠦᠨᠡᠯᠡᠬᠦ ᠪᠠᠷ ᠳᠠᠮᠵᠢᠵᠤ᠂ ᠲᠤᠰ ᠵᠢᠷᠤᠭ ᠲᠥᠰᠥᠪ ᠢ ᠲᠣᠭᠲᠠᠭᠠᠭᠰᠠᠨ ᠪᠠᠶᠢᠨ᠎ᠠ᠃ ᠭᠠᠯ ᠪᠠᠮᠪᠠᠷ ᠢ ᠭᠤᠶᠣ᠂ ᠬᠥᠩᠭᠡᠨ ᠮᠥᠷᠲᠡᠭᠡᠨ ᠪᠠᠬᠢ ᠪᠣᠯᠭᠠᠬᠤ ᠶᠢᠨ ᠲᠥᠯᠥᠭᠡ ᠨᠡᠭᠦᠷᠡᠰᠦᠲᠥ᠋ᠷᠥᠭᠴᠢ ᠰᠢᠷᠬᠡᠭᠯᠢᠭ ᠤᠨ ᠨᠡᠶᠢᠯᠡᠮᠡᠯ ᠡᠳ᠋ ᠢᠶᠠᠷ ᠬᠢᠵᠡᠢ᠂ ᠡᠨᠡ ᠮᠠᠲ᠋ᠧᠷᠢᠶᠠᠯ ᠨᠢ 1000 ᠭᠷᠡᠳᠦ᠋ᠰ ᠤᠨ ᠬᠠᠯᠠᠭᠤᠨ ᠳᠤ ᠭᠠᠯ ᠪᠠᠮᠪᠠᠷ ᠤᠨ ᠥᠩᠭᠡ ᠨᠢ ᠠᠯᠳᠠᠭᠳᠠᠬᠤ ᠦᠭᠡᠢ ᠮᠥᠷᠲᠡᠭᠡᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠵᠤ ᠴᠢᠳᠠᠨ᠎ᠠ᠃
 
ᠢᠷᠡᠯᠲᠡ᠄ ᠲᠦᠪ ᠲᠧᠯᠸᠢᠰ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号