ᠮᠠᠨ ᠤ ᠠᠶᠢᠮᠠᠭ ᠦᠡᠭᠭᠡᠷᠡᠬᠦ ᠵᠢᠯ ︽ᠢᠳᠡᠬᠦ ᠡᠮᠦᠰᠬᠦ ᠶᠠᠪᠤᠬᠤ ᠰᠠᠭᠤᠬᠤ︾ ᠬᠦᠷᠢᠶ᠎ᠠ ᠭᠡᠪᠴᠢᠶᠠᠨ ᠳᠠᠬᠢ ᠭᠡᠷᠡᠭᠯᠡᠭᠴᠢᠳ ᠤᠨ ᠢᠯᠡᠴᠢᠯᠡᠨ ᠮᠡᠳᠡᠬᠦᠯᠦᠭᠰᠡᠨ 2773 ᠭᠡᠷᠡᠭ ᠢ ᠬᠦᠯᠢᠶᠠᠨ ᠠᠪᠴᠦ ᠰᠢᠢᠳᠪᠤᠷᠢᠯᠡᠵᠡᠢ
ᠨᠡᠶᠢᠲᠡᠯᠡᠭᠰᠡᠨ ᠴᠠᠭ᠄
2021/2/7
    ᠦᠢᠯᠠᠭᠠᠭᠰᠠᠨ ᠢᠶᠠᠷ᠂ ᠦᠡᠭᠭᠡᠷᠡᠬᠦ ᠵᠢᠯ ᠮᠠᠨ ᠤ ᠠᠶᠢᠮᠠᠭ ︽ᠢᠳᠡᠬᠦ ᠡᠮᠦᠰᠬᠦ ᠶᠠᠪᠤᠬᠤ ᠰᠠᠭᠤᠬᠤ︾ ᠬᠦᠷᠢᠶ᠎ᠠ ᠭᠡᠪᠴᠢᠶᠠᠨ ᠳᠠᠬᠢ ᠭᠡᠷᠡᠭᠯᠡᠭᠴᠢᠳ ᠤᠨ ᠢᠯᠡᠴᠢᠯᠡᠨ ᠮᠡᠳᠡᠬᠦᠯᠦᠭᠰᠡᠨ 2773 ᠭᠡᠷᠡᠭ ᠢ ᠬᠦᠯᠢᠶᠠᠨ ᠰᠢᠢᠳᠪᠤᠷᠢᠯᠡᠵᠤ᠂ ᠭᠡᠷᠡᠭᠯᠡᠭᠴᠢᠳ ᠲᠤ 183.7 ᠲᠦᠮᠡᠨ ᠲᠦᠬᠦᠷᠢᠭ ᠤᠨ ᠬᠤᠬᠢᠷᠠᠯ ᠢ ᠡᠭᠡᠬᠦᠯᠦᠨ ᠠᠪᠴᠢᠷᠠᠵᠠᠢ᠃     ᠮᠠᠨ ᠤ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠦᠴᠢᠷ ᠬᠠᠤᠯᠢ ᠭᠡᠷᠡᠭᠵᠢᠬᠦᠯᠦᠯᠲᠡ ᠪᠠᠨ ᠴᠢᠩᠭᠠᠳᠬᠠᠵᠤ᠂ ᠠᠶᠢᠮᠠᠭ ᠬᠤᠰᠢᠭᠤ ᠬᠤᠶᠠᠷ ᠱᠠᠳᠤᠨ ᠤ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠡᠭᠡᠳᠤ ᠲᠤᠤᠷ᠎ᠠ ᠱᠠᠳᠤ ᠪᠠᠷ ᠢᠶᠠᠨ ᠬᠠᠷᠢᠯᠴᠠᠨ ᠬᠠᠮᠵᠢᠯᠴᠠᠵᠦ᠂ ᠭᠤᠤᠯᠳᠠᠯᠭ᠎ᠠ ᠲᠠᠢ ᠬᠦᠷᠢᠶ᠎ᠠ ᠭᠡᠪᠴᠢᠶ᠎ᠠ᠂ ᠵᠠᠩᠬᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠤᠨ ᠬᠠᠤᠯᠢ ᠭᠡᠷᠡᠭᠵᠢᠬᠦᠯᠬᠦ ᠠᠵᠢᠯᠯᠠᠭ᠎ᠠ ᠦᠷᠨᠢᠬᠦᠯᠵᠤ᠂ ᠤᠯᠠᠨ ᠲᠦᠮᠡᠨ ᠤ ᠢᠳᠡᠬᠦ᠂ ᠡᠮᠦᠰᠬᠦ᠂ ᠶᠠᠪᠤᠬᠤ᠂ ᠰᠠᠭᠤᠬᠤ ᠵᠢᠴᠢ ᠰᠦᠯᠵᠢᠶᠠᠨ ᠲᠡᠭᠡᠷᠡᠬᠢ ᠭᠡᠷᠡᠭᠯᠡᠭᠡᠨ ᠤ ᠬᠦᠷᠢᠶᠠᠨ ᠳᠠᠬᠢ ᠲᠤᠪᠤᠶᠢᠮ᠎ᠠ ᠠᠰᠠᠭᠤᠳᠠᠯ ᠤᠨ ᠲᠤᠭᠤᠷᠢᠨ ᠳᠤ ᠭᠡᠷᠡᠭᠯᠡᠭᠴᠢᠳ ᠤᠨ ᠢᠯᠡᠴᠢᠯᠡᠨ ᠮᠡᠳᠡᠬᠦᠯᠤᠯᠳᠡ ᠲᠦᠪᠯᠡᠷᠡᠩᠬᠦᠢ᠂ ᠤᠯᠠᠨ ᠲᠦᠮᠡᠨ ᠲᠤᠰᠬᠠᠯ ᠶᠡᠭᠡᠲᠡᠢ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠠᠢ᠃ 2020 ᠤᠨ ᠤ 12 ᠰᠠᠷ᠎ᠠ ᠶᠢᠨ 20 ᠤ ᠡᠳᠦᠷ ᠬᠦᠷᠲᠡᠯ᠎ᠡ᠂ ᠪᠦᠬᠦ ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠡᠶᠢᠲᠡ 2.5 ᠲᠦᠮᠡᠨ ᠬᠦᠮᠦᠨ ᠤᠳᠠᠭ᠎ᠠ ᠬᠠᠤᠯᠢ ᠭᠡᠷᠡᠭᠵᠢᠬᠦᠯᠵᠤ᠂ ᠡᠯ᠎ᠡ ᠲᠦᠷᠦᠯ ᠤᠨ ᠡᠵᠡᠩᠨᠡᠯᠲᠡ ᠶᠢᠨ ᠡᠷᠦᠭᠡ ᠶᠢ 2.8 ᠲᠦᠮᠡᠨ ᠡᠷᠦᠭᠡ ᠤᠳᠠᠭ᠎ᠠ ᠪᠠᠶᠢᠴᠠᠭᠠᠵᠤ᠂ ᠡᠯ᠎ᠡ ᠲᠦᠷᠦᠯ ᠤᠨ ᠬᠠᠤᠯᠢ ᠵᠦᠷᠢᠴᠡᠭᠰᠡᠨ 465 ᠭᠡᠷᠡᠭ ᠢ ᠪᠠᠶᠢᠴᠠᠭᠠᠨ ᠰᠢᠢᠳᠪᠤᠷᠢᠯᠡᠵᠤ᠂ 798.29 ᠲᠦᠮᠡᠨ ᠲᠦᠬᠦᠷᠢᠭ ᠢᠶᠠᠷ ᠲᠤᠷᠭᠠᠵᠠᠢ᠃ ᠡᠬᠦᠨ ᠳᠤ᠂ ᠡᠮᠦᠰᠴᠤ ᠵᠡᠬᠦᠬᠦ ᠳᠤ ᠬᠤᠯᠪᠤᠬᠳᠠᠬᠤ 50 ᠭᠡᠷᠡᠭ ᠢ ᠪᠠᠶᠢᠴᠠᠭᠠᠨ ᠰᠢᠢᠳᠪᠤᠷᠢᠯᠡᠵᠤ᠂ ᠢᠳᠡᠵᠤ ᠤᠤᠭᠤᠬᠤ ᠳᠤ ᠬᠤᠯᠪᠤᠬᠳᠠᠬᠤ 301 ᠭᠡᠷᠡᠭ ᠢ ᠪᠠᠶᠢᠴᠠᠭᠠᠨ ᠰᠢᠢᠳᠪᠤᠷᠢᠯᠡᠵᠤ᠂ ᠰᠠᠭᠤᠬᠤ ᠳᠤ ᠬᠤᠯᠪᠤᠬᠳᠠᠬᠤ 74 ᠭᠡᠷᠡᠭ ᠢ ᠪᠠᠶᠢᠴᠠᠭᠠᠨ ᠰᠢᠢᠳᠪᠤᠷᠢᠯᠡᠵᠤ᠂ ᠵᠠᠮ ᠶᠠᠪᠤᠬᠤ ᠳᠤ ᠬᠤᠯᠪᠤᠬᠳᠠᠬᠤ 40 ᠭᠡᠷᠡᠭ ᠢ ᠪᠠᠶᠢᠴᠠᠭᠠᠨ ᠰᠢᠢᠳᠪᠤᠷᠢᠯᠡᠵᠡᠢ᠃     ᠮᠠᠨ ᠤ ᠠᠶᠢᠮᠠᠭ ᠤᠨ ᠵᠠᠬ᠎ᠠ ᠲᠡᠯᠬᠡᠬᠦᠷ ᠤᠨ ᠬᠢᠨᠠᠠ ᠬᠠᠮᠢᠶᠠᠷᠤᠯᠳᠠ ᠶᠢᠨ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠠ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠬᠦᠯ ᠮᠡᠨᠲᠤ ᠶᠢ ᠲᠡᠷᠢᠬᠦᠨ ᠪᠠᠶᠢᠷᠢᠨ ᠳᠤ ᠲᠠᠯᠪᠢᠵᠦ᠂ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠡᠷᠴᠢᠮᠵᠢᠬᠦᠯᠵᠦ ᠪᠤᠢ᠃ ᠦᠩᠬᠡᠷᠡᠭᠰᠡᠨ ᠵᠢᠯ ᠳᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠬᠦ ᠦᠬᠡᠢ 178 ᠵᠢᠵᠢᠭᠯᠡᠨ ᠪᠤᠷᠤᠯᠠᠭᠤᠯᠬᠤ ᠡᠮ ᠤᠨ ᠲᠡᠯᠭᠡᠭᠦᠷ ᠢ ᠪᠠᠶᠢᠴᠠᠭᠠᠨ ᠵᠤᠭᠰᠤᠭᠠᠵᠦ᠂ ᠪᠦᠬᠦ ᠵᠢᠯ ᠳᠤ 208 ᠡᠮ ᠤᠨ ᠵᠦᠢᠯᠡᠰ ᠤᠨ ᠠᠶᠤᠯ ᠤᠨ ᠲᠡᠯᠳᠡ ᠭᠡᠮ ᠢ ᠪᠠᠶᠢᠴᠠᠭᠠᠨ ᠢᠯᠡᠷᠡᠬᠦᠯᠤᠨ ᠴᠡᠭᠴᠡᠯᠡᠨ ᠰᠠᠶᠢᠵᠢᠷᠠᠭᠤᠯᠵᠤ᠂ ᠡᠮᠴᠢᠯᠡᠭᠡᠨ ᠤ ᠪᠠᠭᠠᠵᠢ ᠭᠡᠷᠡᠭᠰᠡᠯ ᠤᠨ ᠵᠠᠰᠠᠭ ᠵᠠᠬᠢᠷᠭᠠᠨ ᠤ ᠬᠠᠤᠯᠢ ᠵᠦᠷᠢᠴᠡᠭᠰᠡᠨ 124 ᠭᠡᠷᠡᠭ ᠢ ᠪᠠᠶᠢᠴᠠᠭᠠᠨ ᠰᠢᠢᠳᠪᠤᠷᠢᠯᠡᠵᠡᠢ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号