ᠶᠡᠭᠡ ᠰᠤᠷᠭᠠᠭᠤᠯᠢ ᠶᠢᠨ ᠵᠢᠩᠭᠢᠨᠢ ᠠᠩᠭᠢ ᠳᠤ 37 ᠲᠤᠰᠬᠠᠢ ᠮᠡᠷᠭᠡᠵᠢᠯ ᠨᠡᠮᠡᠭᠳᠡᠪᠡ
ᠨᠡᠶᠢᠲᠡᠯᠡᠭᠰᠡᠨ ᠴᠠᠭ᠄
2021/3/11
    ᠰᠤᠷᠭᠠᠨ ᠬᠦᠮᠦᠵᠢᠯ ᠤᠨ ᠶᠠᠮᠤᠨ ᠥᠨᠥᠬᠡᠨ ᠮᠡᠳᠡᠭᠳᠡᠯ ᠨᠠᠶᠢᠳᠡᠯᠡᠵᠤ᠂ 2020 ᠤᠨ ᠤ ᠡᠩ ᠤᠨ ᠶᠡᠭᠡ ᠲᠡᠭᠡᠳᠦ ᠰᠤᠷᠭᠠᠭᠤᠯᠢ ᠶᠢᠨ ᠵᠢᠩᠭᠢᠨᠢ ᠠᠩᠭᠢ ᠶᠢᠨ ᠲᠤᠰᠬᠠᠢ ᠮᠡᠷᠭᠡᠵᠢᠯ ᠤᠨ ᠳᠠᠩᠰᠠᠨ ᠳᠤ ᠲᠡᠮᠳᠡᠭᠯᠡᠭᠦᠯᠦᠭᠰᠡᠨ ᠪᠠ ᠬᠢᠨᠠᠨ ᠵᠦᠪᠰᠢᠶᠡᠷᠡᠭᠰᠡᠨ ᠦᠷ᠎ᠠ ᠳ᠋ᠦᠩ ᠢ ᠨᠠᠶᠢᠳᠡᠯᠡᠵᠤ᠂ 37 ᠰᠢᠨ᠎ᠡ ᠲᠤᠰᠬᠠᠢ ᠮᠡᠷᠭᠡᠵᠢᠯ ᠢ ᠡᠩ ᠤᠨ ᠶᠡᠭᠡ ᠲᠡᠭᠡᠳᠦ ᠰᠤᠷᠭᠠᠭᠤᠯᠢ ᠶᠢᠨ ᠵᠢᠩᠭᠢᠨᠢ ᠠᠩᠭᠢ ᠶᠢᠨ ᠲᠤᠰᠬᠠᠢ ᠮᠡᠷᠭᠡᠵᠢᠯ ᠳᠤ ᠣᠷᠣᠭᠤᠯᠪᠠ᠃ ᠲᠡᠭᠡᠪᠠᠯ ᠶᠠᠮᠠᠷ ᠶᠠᠮᠠᠷ ᠰᠢᠨ᠎ᠡ ᠰᠡᠪᠡᠭᠦᠨ ᠲᠤᠰᠬᠠᠢ ᠮᠡᠷᠭᠡᠵᠢᠯ ᠪᠠᠶᠢᠬᠤ ᠪᠤᠯ︖ ᠲᠤᠤᠷᠠᠭᠢ ᠬᠦᠰᠦᠨᠦᠭᠳᠦ ᠶᠢ ᠬᠠᠷᠠᠭᠠᠷᠠᠢ᠃     ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ᠡᠨᠡ ᠤᠳᠠᠭᠠᠨ ᠤ ᠰᠢᠨ᠎ᠡ ᠪᠠᠷ ᠨᠡᠮᠡᠭᠰᠡᠨ 37 ᠲᠤᠰᠬᠠᠢ ᠮᠡᠷᠭᠡᠵᠢᠯ ᠤᠨ ᠳᠣᠲᠣᠷ᠎ᠠ᠂ ᠢᠨᠵᠧᠨᠧᠷᠢᠩ ᠤᠨ ᠰᠢᠨᠵᠢᠯᠡᠭᠡᠨ ᠤ ᠲᠦᠷᠦᠯ ᠵᠦᠢᠯ ᠬᠠᠮᠤᠭ ᠤᠨ ᠤᠯᠠᠨ ᠪᠠᠶᠢᠵᠤ᠂ ᠨᠠᠶᠢᠳᠡ 14 ᠪᠤᠢ︔ ᠪᠤᠰᠤᠳ ᠲᠤᠰᠬᠠᠢ ᠮᠡᠷᠭᠡᠵᠢᠯ ᠨᠢ ᠬᠠᠤᠯᠢ ᠴᠠᠭᠠᠵᠠ᠂ ᠰᠤᠷᠭᠠᠨ ᠭᠦᠮᠦᠵᠢᠯ᠂ ᠲᠡᠦᠭᠡ᠂ ᠪᠠᠶᠢᠭᠠᠯᠢ᠂ ᠬᠥᠳᠡᠭᠡ ᠠᠵᠤ ᠠᠬᠤᠢ᠂ ᠡᠮ ᠡᠮᠨᠡᠯᠭᠡ᠂ ᠬᠠᠮᠢᠶᠠᠷᠤᠯᠳᠠ᠂ ᠤᠷᠠᠯᠢᠭ ᠵᠡᠷᠭᠡ 8 ᠶᠡᠭᠡ ᠲᠦᠷᠦᠯ ᠵᠦᠢᠯ ᠳᠤ ᠬᠤᠪᠢᠶᠠᠭᠳᠠᠵᠠᠢ᠃     ᠡᠭᠦᠨ ᠳᠤ ᠡᠷᠲᠡᠨ ᠤ ᠦᠰᠦᠭ ᠪᠢᠴᠢᠭ ᠤᠨ ᠤᠬᠠᠭᠠᠨ᠂ ᠨᠢᠭᠤᠴᠠ ᠨᠤᠮᠧᠷ ᠤᠨ ᠰᠢᠨᠵᠢᠯᠡᠬᠦ ᠤᠬᠠᠭᠠᠨ ᠪᠠ ᠮᠡᠷᠭᠡᠵᠢᠯ᠂ ᠪᠡᠶᠡᠲᠦ ᠪᠤᠰᠤ ᠰᠤᠶᠤᠯ ᠤᠨ ᠦᠪ ᠤᠨ ᠬᠠᠮᠠᠭᠠᠯᠠᠯᠳᠠ ᠵᠡᠷᠭᠡ ᠭᠡᠳᠦᠨ ᠲᠤᠰᠬᠠᠢ ᠮᠡᠷᠭᠡᠵᠢᠯ ᠨᠢ ᠰᠦᠯᠵᠢᠶ᠎ᠡ ᠠᠰᠢᠭᠯᠠᠭᠴᠢᠳ ᠤᠨ ᠠᠩᠬᠠᠷᠤᠯ ᠢ ᠶᠡᠭᠡᠪᠠᠷ ᠲᠠᠲᠠᠵᠤ ᠪᠠᠶᠢᠨ᠎ᠠ᠃
 
ᠢᠷᠡᠯᠲᠡ᠄ ᠲᠦᠪ ᠲᠧᠯᠸᠢᠰ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号