ᠳᠠᠰᠬᠠᠯ᠂ ᠭᠠᠷ ᠤᠲᠠᠰᠤ᠂ ᠬᠢᠴᠢᠶᠡᠯ ᠪᠠᠭᠤᠬᠰᠠᠨ ᠤ ᠳᠠᠷᠠᠭ᠎ᠠ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠁ ᠡᠳᠡᠭᠡᠷ ᠤᠨ ᠲᠤᠬᠠᠢ ᠰᠤᠷᠭᠠᠨ ᠬᠥᠮᠦᠵᠢᠯ ᠤᠨ ᠶᠠᠮᠤᠨ‌‍ᠰᠢᠨ᠎ᠡ ᠱᠠᠭᠠᠷᠳᠠᠯᠭ᠎ᠠ ᠭᠠᠷᠭᠠᠪᠠ
ᠨᠡᠶᠢᠲᠡᠯᠡᠭᠰᠡᠨ ᠴᠠᠭ᠄
2021/3/19
    2021 ᠣᠨ ᠤ ᠬᠠᠪᠤᠷ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠪᠡ᠃ ᠲᠠᠨ ᠤ  ᠠᠩᠬᠠᠷᠤᠯ  ᠲᠠᠯᠪᠢᠵᠤ  ᠪᠠᠶᠢᠭ᠎ᠠ ᠳᠤᠮᠳᠠᠳᠤ ᠪᠠᠭ᠎ᠠ  ᠰᠤᠷᠭᠠᠭᠤᠯᠢ ᠶᠢᠨ  ᠰᠤᠷᠤᠭᠴᠢ ᠶᠢᠨ  ᠳᠠᠰᠬᠠᠯ᠂  ᠭᠠᠷ  ᠤᠲᠠᠰᠤ᠂  ᠬᠢᠴᠢᠶᠡᠯ  ᠪᠠᠭᠤᠬᠰᠠᠨ  ᠎ ᠤ  ᠳᠠᠷᠠᠭ᠎ᠠ᠂ ᠰᠤᠷᠭᠠᠭᠤᠯᠢ ᠶᠢᠨ ᠭᠠᠳᠠᠨᠡᠬᠢ ᠪᠤᠯᠪᠠᠰᠤᠷᠠᠯ ᠵᠡᠷᠭᠡ ᠠᠰᠠᠭᠤᠳᠠᠯ ᠤᠨ ᠲᠤᠬᠠᠢ ᠰᠤᠷᠭᠠᠨ ᠬᠥᠮᠦᠵᠢᠯ ᠤᠨ ᠶᠠᠮᠤᠨ ᠰᠢᠨ᠎ᠡ ᠱᠠᠭᠠᠷᠳᠠᠯᠭ᠎ᠠ‌ᠭᠠᠷᠭᠠᠪᠠ᠃ ᠰᠤᠷᠭᠠᠨ  ᠬᠥᠮᠦᠵᠢᠯ ‍ᠤᠨ‌‍ᠶᠠᠮᠤᠨ ᠠᠴᠠ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠳᠤᠮᠳᠠᠳᠤ  ᠪᠠᠭ᠎ᠠ  ᠰᠤᠷᠭᠠᠭᠤᠯᠢ ᠶᠢᠨ  ᠰᠤᠷᠭᠠᠨ  ᠬᠥᠮᠦᠵᠢᠯ  ᠵᠢᠭᠠᠨ ᠰᠤᠷᠭᠠᠯᠲᠠ ᠳᠤ ᠡᠨᠡ ᠬᠡᠳᠦᠨ ᠵᠦᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠄  ᠬᠢᠴᠢᠶᠡᠯ ᠤᠨ ᠲᠠᠩᠬᠢᠮ ᠤᠨ ᠵᠢᠭᠠᠨ  ᠰᠤᠷᠭᠠᠯᠲᠠ ᠶᠢᠨ  ᠦᠷ᠎ᠡ  ᠪᠦᠲᠦᠮᠵᠢ  ᠪᠠ  ᠶᠠᠰᠤ  ᠴᠢᠨᠠᠷ ᠢ  ᠳᠡᠭᠡᠭᠰᠢᠯᠡᠭᠦᠯᠬᠦ ᠬᠡᠷᠡᠭᠳᠡᠢ᠃ ᠵᠥᠷᠢᠶᠡᠲᠦ ᠵᠢᠭᠠᠨ ᠰᠤᠷᠭᠠᠯᠲᠠ ᠶᠢ  ᠴᠢᠬᠤᠯᠠᠴᠢᠯᠠᠵᠤ᠂  ᠢᠯᠠᠩᠭᠤᠶ᠎ᠠ  ᠰᠤᠷᠤᠯᠭ᠎ᠠ ᠳᠠᠭᠠᠨ  ᠬᠦᠴᠢᠷᠳᠡᠵᠦ  ᠪᠠᠶᠢᠭ᠎ᠠ‌‍ᠰᠤᠷᠤᠭᠴᠢᠳ ᠢ ᠲᠤᠰᠬᠠᠢ ᠬᠠᠪᠰᠤᠷᠤᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠢ᠃ ᠲᠠᠰᠬᠠᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ᠃ ᠲᠣᠭᠲᠠᠭᠠᠯ  ᠶᠣᠰᠣᠭᠠᠷ  ᠳᠠᠰᠬᠠᠯ  ᠳᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂  ᠬᠦᠴᠢᠷ ᠤᠨ  ᠬᠡᠮᠵᠢᠶ᠎ᠡ ᠶᠢ  ᠎ ᠨᠢ  ᠰᠤᠷᠤᠭᠴᠢᠳ ᠤᠨ  ᠪᠣᠳᠠᠲᠤ  ᠪᠠᠶᠢᠳᠠᠯ ᠳᠤ ᠨᠡᠶᠢᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠮᠧᠬᠠᠨᠢᠭ ᠢᠶᠠᠷ᠂  ᠦᠷ᠎ᠡ  ᠪᠦᠲᠦᠮᠵᠢ  ᠦᠭᠡᠢ  ᠲᠠᠰᠬᠠᠯ  ᠬᠢᠯᠭᠡᠬᠦ ᠶᠢ  ᠡᠷᠡᠰ ᠲᠡᠪᠴᠢᠵᠦ᠂ ᠳᠠᠬᠢᠨ ᠳᠠᠪᠲᠠᠨ ᠲᠠᠰᠬᠠᠯ ᠬᠢᠯᠭᠡᠬᠦ᠂ ᠰᠢᠳᠬᠡᠬᠦ ᠴᠢᠨᠠᠷᠲᠠᠶ ᠪᠠᠷ ᠲᠠᠰᠬᠠᠯ ᠬᠢᠯᠭᠡᠬᠦ ᠶᠢ ᠡᠷᠡᠰ ᠬᠤᠷᠢᠭᠯᠠᠨ᠎ᠠ᠃ ᠭᠡᠷ ‍ᠤᠨ‌ᠠᠬᠠᠮᠠᠳ ᠲᠤ ᠳᠠᠰᠬᠠᠯ ᠦᠯᠡᠳᠡᠭᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠲᠠᠰᠬᠠᠯ ᠲᠣᠬᠢᠷᠠᠭᠤᠯᠵᠤ ᠪᠣᠯᠬᠤ ᠦᠭᠡᠢ᠂ ᠭᠡᠷ ‍ᠤᠨ‌ᠠᠬᠠᠮᠠᠳ ᠢᠶᠠᠷ ᠬᠡᠦᠬᠡᠳ ᠤᠨ ᠳᠠᠰᠬᠠᠯ ᠢ ᠪᠠᠶᠢᠴᠠᠭᠠᠯᠭᠠᠵᠤ ᠵᠠᠰᠠᠭᠤᠯᠬᠤ ᠪᠠᠷ ᠱᠠᠭᠠᠷᠳᠠᠵᠤ ᠪᠣᠯᠬᠤ ᠦᠭᠡᠢ᠃  ᠬᠢᠴᠢᠶᠡᠯ ᠪᠠᠭᠤᠬᠰᠠᠨ ᠤ ᠳᠠᠷᠠᠭᠠᠬᠢ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠪᠠᠭᠤᠬᠰᠠᠨ ᠤ ᠲᠠᠷᠠᠭ᠎ᠠ ᠨᠡᠶᠢᠳᠡᠮ ᠦᠢᠯᠡᠴᠢᠯᠡᠭᠡ  ᠬᠢᠬᠦ ᠶᠢ  ᠠᠬᠢᠭᠤᠯᠵᠤ᠂ ᠴᠠᠭ ᠤᠨ ᠲᠣᠬᠢᠷᠠᠭᠤᠯᠤᠯᠲᠠ ᠶᠢ ᠲᠤᠬᠠᠶ ᠶᠢᠨ ᠭᠠᠵᠠᠷ ᠤᠨ  ᠬᠡᠪ ᠤᠨ  ᠠᠵᠢᠯ ᠠᠴᠠ ᠪᠠᠨ  ᠪᠠᠭᠤᠬᠤ  ᠴᠠᠭ ᠲᠠᠢ  ᠵᠣᠯᠭᠠᠭᠤᠯᠵᠤ᠂ ᠬᠡᠷ ᠤᠨ ᠠᠬᠠᠮᠠᠳ ᠤᠨ ᠰᠣᠷᠣᠭᠴᠢ ᠪᠠᠨ ᠲᠣᠰᠬᠤ ᠬᠦᠴᠢᠷᠳᠡᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ ᠬᠡᠷ ᠤᠨ ᠠᠮᠢᠳᠤᠷᠠᠯ ᠨᠢ ᠬᠦᠴᠢᠷᠳᠡᠶ᠂ ᠪᠡᠶ᠎ᠡ ᠨᠢ ᠵᠡᠮᠳᠡᠭ᠂ ᠠᠪᠤ ᠡᠵᠢ ᠪᠠᠨ ᠳᠠᠭᠠᠵᠤ ᠨᠡᠭᠦᠭᠰᠡᠨ ᠬᠡᠤᠬᠡᠳ᠂ ᠬᠡᠷ  ᠲᠡᠭᠡᠨ ᠬᠤᠴᠣᠷᠤᠭᠰᠠᠨ ᠬᠡᠤᠬᠡᠳ᠂ ᠨᠤᠲᠤᠭ ᠲᠠᠭᠠᠨ ᠪᠤᠴᠠᠭᠰᠠᠨ ᠬᠡᠤᠬᠡᠳ ᠵᠡᠷᠭᠡ ᠣᠨᠴᠠᠭᠠᠶ ᠰᠤᠷᠤᠭᠴᠢᠳ ᠢ ᠰᠤᠷᠭᠠᠨ  ᠬᠥᠮᠦᠵᠢᠭᠦᠯᠵᠦ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ  ᠶᠠᠪᠤᠳᠠᠯ  ᠳᠠᠬᠢᠨ  ᠭᠠᠷᠬᠤ ᠶᠢ  ᠡᠷᠡᠰ ᠰᠡᠷᠭᠡᠶᠢᠯᠡᠨ ᠬᠤᠷᠢᠭᠯᠠᠬᠤ ᠬᠡᠷᠡᠭᠳᠡᠢ ᠃  ︽ᠰᠤᠷᠭᠠᠭᠤᠯᠢ ᠶᠢᠨ  ᠬᠦᠷᠢᠶᠡᠨ ᠳᠤ  ᠬᠢᠵᠠᠭᠠᠷ ᠲᠠᠢ  ᠠᠪᠴᠤ  ᠣᠷᠣᠬᠤ᠂  ᠬᠢᠴᠢᠶᠡᠯ ᠤᠨ  ᠲᠠᠩᠬᠢᠮ ᠳᠤ   ᠠᠪᠴᠤ ᠣᠷᠣᠬᠤ ᠶᠢ ᠬᠤᠷᠢᠬᠯᠠᠬᠤ︾ ᠱᠠᠭᠠᠷᠳᠠᠯᠭ᠎ᠠ ᠶᠣᠰᠣᠭᠠᠷ᠂ ᠰᠤᠷᠤᠬᠴᠢ ᠶᠢᠨ ᠭᠠᠷ ᠤᠲᠠᠰᠤ ᠶᠢ  ᠬᠠᠮᠢᠶᠠᠷᠬᠤ  ᠠᠷᠭ᠎ᠠ  ᠬᠡᠮᠵᠢᠶ᠎ᠡ ᠶᠢ ᠨᠠᠷᠢᠯᠢᠬᠵᠢᠭᠤᠯᠬᠤ ᠬᠡᠷᠡᠭᠲᠡᠶ᠃ ᠭᠠᠷ  ᠤᠲᠠᠰᠤ ᠶᠢ  ᠨᠢᠭᠡᠳᠦᠯᠲᠡᠶ  ᠬᠠᠳᠠᠭᠠᠯᠠᠬᠤ  ᠪᠡᠯᠡᠳᠭᠡᠮᠵᠢ  ᠲᠥᠬᠦᠭᠡᠷᠦᠮᠵᠢ ᠶᠢ  ᠪᠡᠯᠡᠳᠬᠡᠬᠦ ᠬᠡᠷᠡᠭᠲᠡᠶ᠃  ᠰᠤᠷᠤᠭᠴᠢᠳ ᠤᠨ ᠰᠡᠳᠬᠢᠴᠡ ᠶᠢᠨ ᠪᠠᠶᠢᠳᠠᠯ ᠢ ᠮᠡᠳᠡᠭᠦᠯᠬᠦ ᠳᠦᠷᠢᠮ ᠢ  ᠲᠤᠬᠳᠠᠭᠠᠨ  ᠪᠦᠷᠢᠨᠰᠢᠭᠦᠯᠵᠦ᠂  ᠳᠣᠪᠤᠶᠢᠮ᠎ᠠ‌ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃  ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ  ᠬᠠᠮᠢᠶᠠᠷᠤᠯᠲᠠ ᠶᠢ  ᠳᠡᠭᠡᠳᠦ  ᠬᠡᠮᠵᠢᠶ᠎ᠡ ᠪᠠᠷ  ᠴᠢᠬᠤᠯᠠᠴᠢᠯᠠᠵᠤ᠂ ᠰᠤᠷᠤᠭᠴᠢᠳ ᠤᠨ ᠬᠤᠭᠤᠷᠤᠨᠳᠤ ᠳᠣᠷᠣᠮᠵᠢᠯᠠᠯ ᠤᠨ ᠬᠡᠷᠡᠭ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠴᠢᠩᠭ᠎ᠠ ᠵᠢᠷᠤᠮᠵᠢᠭᠤᠯᠵᠤ᠂  ᠵᠠᠰᠠᠬᠤ  ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠬᠠᠤᠯᠢ ᠶᠣᠰᠣᠭᠠᠷ ᠵᠠᠰᠠᠬᠤ᠂ ᠥᠩᠭᠡᠨ ᠲᠠᠯ᠎ᠠ ᠪᠠ  ᠦᠨᠳᠦᠰᠦᠨ ᠠᠴᠠ ᠨᠢ  ᠵᠠᠰᠠᠬᠤ ᠶᠢ ᠪᠠᠷᠢᠮᠲᠠᠯᠠᠵᠤ᠂ ᠪᠣᠯᠪᠠᠰᠤᠷᠠᠯ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠶᠢ  ᠴᠢᠩᠳᠠᠯᠠᠵᠤ᠂  ᠪᠣᠯᠪᠠᠰᠤᠷᠠᠯ ᠤᠨ  ᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠯᠪᠠᠰᠤᠷᠠᠯ ᠤᠨ ᠦᠢᠯᠡᠴᠢᠯᠡᠭᠡᠨ ᠤ  ᠠᠵᠢᠯᠯᠠᠭ᠎ᠠ ᠶᠢ  ᠵᠢᠷᠤᠮᠵᠢᠭᠤᠯᠬᠤ  ᠬᠡᠷᠡᠭᠳᠡᠢ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号