ᠮᠠᠨ ᠤ ᠤᠷᠤᠨ ᠤ 15 ᠵᠢᠭᠤᠯᠴᠢᠯᠠᠯ ᠤᠨ ᠦᠵᠡᠮᠵᠢ ᠶᠢᠨ ᠣᠷᠣᠨ ᠢ ᠲᠠᠰ ᠳᠡᠪᠰᠢᠭᠦᠯᠪᠡ
ᠨᠡᠶᠢᠲᠡᠯᠡᠭᠰᠡᠨ ᠴᠠᠭ᠄
2021/3/3
    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠦᠢᠷ᠎ᠡ ᠳᠤ ᠮᠠᠨ ᠤ ᠤᠷᠤᠨ ᠤ 15 ᠵᠢᠭᠤᠯᠴᠢᠯᠠᠯ  ᠤᠨ ᠦᠵᠡᠮᠵᠢ ᠎ ᠶᠢᠨ ᠣᠷᠣᠨ ᠤᠯᠤᠰ ᠎ ᠤᠨ 4A ᠲᠠᠰ ᠪᠠ 3A ᠲᠠᠰ ‍ᠤᠨ‌ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠴᠦ᠂ ᠤᠯᠤᠰ ᠤᠨ 4A ᠲᠠᠰ ᠪᠠ 3A ᠲᠠᠰ ‍ᠤᠨ‌ᠵᠢᠭᠤᠯᠴᠢᠯᠠᠯ ‍ᠤᠨ‌ᠦᠵᠡᠮᠵᠢ ᠶᠢᠨ ᠣᠷᠣᠨ ᠢᠶᠠᠷ ᠦᠨᠡᠯᠡᠭᠳᠡᠪᠡ᠃     ᠰᠢᠨ᠎ᠡ ᠪᠠᠷ ᠳᠡᠰ ᠳᠡᠪᠰᠢᠭᠦᠯᠦᠭᠰᠡᠨ ᠡᠨᠡ 15 ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠷ᠎ᠠ ᠬᠠᠲᠤᠨ ᠭᠤᠤᠯ ᠤᠨ ᠮᠠᠢ ᠶᠧ ᠬᠠᠪᠴᠢᠯ  ᠤᠨ ᠠᠮᠢ ᠠᠬᠤᠶ ᠶᠢᠨ ᠰᠡᠯᠡᠭᠦᠴᠡᠯ ᠵᠢᠭᠤᠯᠴᠢᠯᠠᠯ ᠤᠨ ᠣᠷᠣᠨ ᠪᠠ ᠤᠯᠠᠭᠠᠨᠬᠠᠳᠠ ᠶᠢᠨ ᠮᠦᠽᠧᠶ ᠨᠢ ᠤᠯᠤᠰ ᠤᠨ 4A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠤᠯᠤᠰ  ᠎ ᠤᠨ 3A ᠲᠠᠰ  ᠤᠨ ᠦᠵᠡᠮᠵᠢ  ᠶᠢᠨ ᠣᠷᠣᠨ ᠎ ᠢᠶᠠᠷ ᠦᠨᠡᠯᠡᠭᠳᠡᠭᠰᠡᠨ ᠨᠢ ᠲᠤᠰ ᠪᠦᠷᠢ ᠳᠠᠯᠠᠨ ᠬᠠᠷ᠎ᠠ ᠠᠭᠤᠯᠠ ᠶᠢᠨ ᠨᠡᠶᠢᠭᠡᠮ ᠵᠢᠷᠤᠮ ᠎ ᠤᠨ ᠭᠤᠤᠯᠯᠠᠬᠴᠢ ᠥᠷᠲᠡᠭ  ᠤᠨ ᠦᠵᠡᠯᠲᠡ ᠶᠢᠨ ᠴᠡᠴᠡᠷᠯᠢᠭ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ᠂ ᠰᠠᠢ ᠸᠠᠢ ᠲᠤᠤ ᠶᠤᠸᠠᠨ ᠠᠮᠢ ᠠᠬᠤᠶ ᠶᠢᠨ ᠵᠢᠭᠤᠯᠴᠢᠯᠠᠯ ᠤᠨ ᠣᠷᠣᠨ᠂ ᠡᠷᠭᠦᠨ᠎ᠡ ᠬᠤᠲᠠ ᠶᠢᠨ ᠤᠯᠠᠭᠠᠨ ᠠᠭᠤᠯᠠ ᠶᠢᠨ ᠦᠵᠡᠮᠵᠢ ᠶᠢᠨ ᠣᠷᠣᠨ᠂ ᠤᠯᠠᠭᠠᠨᠬᠤᠲᠠ ᠶᠢᠨ ᠲᠢᠶᠠᠨ ᠵᠢᠶᠤᠤ ᠲᠢᠶᠠᠨ ᠵᠢᠶᠦ᠋ᠨ ᠠᠮᠢ ᠠᠬᠤᠶ ᠶᠢᠨ ᠵᠢᠭᠤᠯᠴᠢᠯᠠᠯ ᠎ ᠤᠨ ᠠᠮᠠᠷᠠᠯᠲᠠ ᠶᠢᠨ ᠣᠷᠣᠨ᠂  ᠨᠠᠢᠮᠠᠨ ᠬᠤᠰᠢᠭᠤᠨ ᠤ ᠰᠦᠯᠳᠡ ᠵᠢᠭᠤᠯᠴᠢᠯᠠᠯ ᠤᠨ ᠣᠷᠣᠨ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠮᠦᠽᠧᠶ᠂ ᠤᠯᠠᠭᠠᠶ ᠬᠠᠮᠢᠶᠠᠷᠤᠯᠲᠠ ᠶᠢᠨ ᠣᠷᠣᠨ ᠤ ᠴᠢᠨ᠋ᠸ᠎ᠠ ᠶᠢᠨ ᠬᠦᠨᠳᠡᠢ ᠦᠵᠡᠮᠵᠢ ᠶᠢᠨ ᠤᠷᠤᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠢᠨ ᠱᠠᠨ ᠴᠢᠨᠠᠷ ᠰᠠᠶᠢᠳᠠᠢ ᠪᠤᠭᠤᠳᠠᠢ ᠶᠢᠨ ᠵᠢᠭᠤᠯᠴᠢᠯᠠᠯ ᠤᠨ ᠣᠷᠣᠨ᠂ ᠳᠠᠭᠢᠯᠲᠤ ᠶᠢᠨ ᠬᠤᠪᠢᠰᠬᠠᠯ  ᠤᠨ ᠲᠡᠤᠬᠡ  ᠶᠢᠨ ᠳᠤᠷᠠᠰᠬᠠᠯ  ᠤᠨ ᠣᠷᠳᠣᠨ᠂ ᠤᠯᠠᠭᠠᠨᠰᠤᠬᠠᠶ  ᠶᠢᠨ ᠠᠮᠢ ᠠᠬᠤᠶ  ᠶᠢᠨ ᠵᠢᠭᠤᠯᠴᠢᠯᠠᠯ  ᠤᠨ ᠦᠵᠡᠮᠵᠢ  ᠶᠢᠨ ᠣᠷᠣᠨ᠂ ᠤᠯᠠᠭᠠᠨᠪᠤᠬ᠎ᠠ ᠶᠢᠨ ᠡᠯᠡᠰᠦ ᠳᠠᠯᠠᠢ ᠨᠠᠭᠤᠷ ᠤᠨ ᠵᠢᠭᠤᠯᠴᠢᠯᠠᠯ ᠤᠨ ᠣᠷᠣᠨ ᠪᠠ ᠬᠠᠲᠤᠨ ᠭᠤᠤᠯ ᠤᠨ ᠪᠠᠷᠠᠭᠤᠨᠰᠢᠯᠠᠬᠤ ᠠᠶᠠᠯᠠᠯ ᠤᠨ ᠪᠠᠭᠤᠳᠠᠯ ᠵᠡᠷᠭᠡ ᠪᠣᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号