ᠮᠠᠨ ᠤ ᠤᠷᠤᠨ ᠤ 15 ᠵᠢᠭᠤᠯᠴᠢᠯᠠᠯ ᠤᠨ ᠦᠵᠡᠮᠵᠢ ᠶᠢᠨ ᠣᠷᠣᠨ ᠢ ᠲᠠᠰ ᠳᠡᠪᠰᠢᠭᠦᠯᠪᠡ
ᠨᠡᠶᠢᠲᠡᠯᠡᠭᠰᠡᠨ ᠴᠠᠭ᠄
2021/3/3
    ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠦᠢᠷ᠎ᠡ ᠳᠤ ᠮᠠᠨ ᠤ ᠤᠷᠤᠨ ᠤ 15 ᠵᠢᠭᠤᠯᠴᠢᠯᠠᠯ  ᠤᠨ ᠦᠵᠡᠮᠵᠢ  ᠶᠢᠨ ᠣᠷᠣᠨ ᠤᠯᠤᠰ  ᠤᠨ 4A ᠲᠠᠰ ᠪᠠ 3A ᠲᠠᠰ ‍ᠤᠨ‌ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠴᠦ᠂ ᠤᠯᠤᠰ ᠤᠨ 4A ᠲᠠᠰ ᠪᠠ 3A ᠲᠠᠰ ‍ᠤᠨ‌ᠵᠢᠭᠤᠯᠴᠢᠯᠠᠯ ‍ᠤᠨ‌ᠦᠵᠡᠮᠵᠢ ᠶᠢᠨ ᠣᠷᠣᠨ ᠢᠶᠠᠷ ᠦᠨᠡᠯᠡᠭᠳᠡᠪᠡ᠃     ᠰᠢᠨ᠎ᠡ ᠪᠠᠷ ᠳᠡᠰ ᠳᠡᠪᠰᠢᠭᠦᠯᠦᠭᠰᠡᠨ ᠡᠨᠡ 15 ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠷ᠎ᠠ ᠬᠠᠲᠤᠨ ᠭᠤᠤᠯ ᠤᠨ ᠮᠠᠢ ᠶᠧ ᠬᠠᠪᠴᠢᠯ  ᠤᠨ ᠠᠮᠢ ᠠᠬᠤᠶ ᠶᠢᠨ ᠰᠡᠯᠡᠭᠦᠴᠡᠯ ᠵᠢᠭᠤᠯᠴᠢᠯᠠᠯ ᠤᠨ ᠣᠷᠣᠨ ᠪᠠ ᠤᠯᠠᠭᠠᠨᠬᠠᠳᠠ ᠶᠢᠨ ᠮᠦᠽᠧᠶ ᠨᠢ ᠤᠯᠤᠰ ᠤᠨ 4A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠤᠯᠤᠰ   ᠤᠨ 3A ᠲᠠᠰ  ᠤᠨ ᠦᠵᠡᠮᠵᠢ  ᠶᠢᠨ ᠣᠷᠣᠨ  ᠢᠶᠠᠷ ᠦᠨᠡᠯᠡᠭᠳᠡᠭᠰᠡᠨ ᠨᠢ ᠲᠤᠰ ᠪᠦᠷᠢ ᠳᠠᠯᠠᠨ ᠬᠠᠷ᠎ᠠ ᠠᠭᠤᠯᠠ ᠶᠢᠨ ᠨᠡᠶᠢᠭᠡᠮ ᠵᠢᠷᠤᠮ  ᠤᠨ ᠭᠤᠤᠯᠯᠠᠬᠴᠢ ᠥᠷᠲᠡᠭ  ᠤᠨ ᠦᠵᠡᠯᠲᠡ ᠶᠢᠨ ᠴᠡᠴᠡᠷᠯᠢᠭ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ᠂ ᠰᠠᠢ ᠸᠠᠢ ᠲᠤᠤ ᠶᠤᠸᠠᠨ ᠠᠮᠢ ᠠᠬᠤᠶ ᠶᠢᠨ ᠵᠢᠭᠤᠯᠴᠢᠯᠠᠯ ᠤᠨ ᠣᠷᠣᠨ᠂ ᠡᠷᠭᠦᠨ᠎ᠡ ᠬᠤᠲᠠ ᠶᠢᠨ ᠤᠯᠠᠭᠠᠨ ᠠᠭᠤᠯᠠ ᠶᠢᠨ ᠦᠵᠡᠮᠵᠢ ᠶᠢᠨ ᠣᠷᠣᠨ᠂ ᠤᠯᠠᠭᠠᠨᠬᠤᠲᠠ ᠶᠢᠨ ᠲᠢᠶᠠᠨ ᠵᠢᠶᠤᠤ ᠲᠢᠶᠠᠨ ᠵᠢᠶᠦ᠋ᠨ ᠠᠮᠢ ᠠᠬᠤᠶ ᠶᠢᠨ ᠵᠢᠭᠤᠯᠴᠢᠯᠠᠯ  ᠤᠨ ᠠᠮᠠᠷᠠᠯᠲᠠ ᠶᠢᠨ ᠣᠷᠣᠨ᠂  ᠨᠠᠢᠮᠠᠨ ᠬᠤᠰᠢᠭᠤᠨ ᠤ ᠰᠦᠯᠳᠡ ᠵᠢᠭᠤᠯᠴᠢᠯᠠᠯ ᠤᠨ ᠣᠷᠣᠨ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠮᠦᠽᠧᠶ᠂ ᠤᠯᠠᠭᠠᠶ ᠬᠠᠮᠢᠶᠠᠷᠤᠯᠲᠠ ᠶᠢᠨ ᠣᠷᠣᠨ ᠤ ᠴᠢᠨ᠋ᠸ᠎ᠠ ᠶᠢᠨ ᠬᠦᠨᠳᠡᠢ ᠦᠵᠡᠮᠵᠢ ᠶᠢᠨ ᠤᠷᠤᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠢᠨ ᠱᠠᠨ ᠴᠢᠨᠠᠷ ᠰᠠᠶᠢᠳᠠᠢ ᠪᠤᠭᠤᠳᠠᠢ ᠶᠢᠨ ᠵᠢᠭᠤᠯᠴᠢᠯᠠᠯ ᠤᠨ ᠣᠷᠣᠨ᠂ ᠳᠠᠭᠢᠯᠲᠤ ᠶᠢᠨ ᠬᠤᠪᠢᠰᠬᠠᠯ  ᠤᠨ ᠲᠡᠤᠬᠡ  ᠶᠢᠨ ᠳᠤᠷᠠᠰᠬᠠᠯ  ᠤᠨ ᠣᠷᠳᠣᠨ᠂ ᠤᠯᠠᠭᠠᠨᠰᠤᠬᠠᠶ  ᠶᠢᠨ ᠠᠮᠢ ᠠᠬᠤᠶ  ᠶᠢᠨ ᠵᠢᠭᠤᠯᠴᠢᠯᠠᠯ  ᠤᠨ ᠦᠵᠡᠮᠵᠢ  ᠶᠢᠨ ᠣᠷᠣᠨ᠂ ᠤᠯᠠᠭᠠᠨᠪᠤᠬ᠎ᠠ ᠶᠢᠨ ᠡᠯᠡᠰᠦ ᠳᠠᠯᠠᠢ ᠨᠠᠭᠤᠷ ᠤᠨ ᠵᠢᠭᠤᠯᠴᠢᠯᠠᠯ ᠤᠨ ᠣᠷᠣᠨ ᠪᠠ ᠬᠠᠲᠤᠨ ᠭᠤᠤᠯ ᠤᠨ ᠪᠠᠷᠠᠭᠤᠨᠰᠢᠯᠠᠬᠤ ᠠᠶᠠᠯᠠᠯ ᠤᠨ ᠪᠠᠭᠤᠳᠠᠯ ᠵᠡᠷᠭᠡ ᠪᠣᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号