ᠭᠤᠷᠪᠠᠨ ᠰᠠᠯᠠᠭ᠎ᠠ ᠮᠥᠴᠢᠷ ᠪᠢᠴᠢᠭ ᠮᠠᠲ᠋ᠧᠷᠢᠶᠠᠯ  ᠲᠠᠷᠬᠠᠭᠠᠵᠤ᠄ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠳᠤ ᠬᠡᠷᠡᠭᠯᠡᠬᠦ ᠭᠠᠵᠠᠷ ᠢ ᠵᠤᠰᠠᠯᠠᠩ᠂ ᠪᠠᠭᠤᠳᠠᠯ ᠵᠡᠷᠭᠡ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ  ᠠᠰᠢᠬᠯᠠᠬᠤ ᠳᠤ ᠬᠡᠷᠡᠭᠯᠡᠵᠦ ᠪᠣᠯᠬᠤ ᠥᠬᠡᠶ ᠬᠡᠪᠡ
ᠨᠡᠶᠢᠲᠡᠯᠡᠭᠰᠡᠨ ᠴᠠᠭ᠄
2021/3/5
    ᠠᠷᠠᠳ ᠤᠨ ᠰᠦᠯᠵᠢᠶ᠎ᠡ ᠶᠢᠨ  ᠪᠡᠭᠡᠵᠢᠩ ᠤᠨ  ᠮᠡᠳᠡᠭᠡ  ᠰᠢᠶᠠᠨ ᠤ  ᠬᠡᠪᠴᠢᠶᠡᠨ ᠤ  ᠠᠵᠤ  ᠠᠬᠤᠶ ᠶᠢ ᠬᠥᠭᠵᠢᠭᠦᠯᠵᠦ᠂  ᠬᠥᠳᠡᠭᠡ  ᠲᠣᠰᠬᠤᠨ  ᠤ   ᠠᠵᠤ ᠦᠢᠯᠡᠰ ᠤᠨ ᠬᠥᠭᠵᠢᠯᠲᠡ  ᠶᠢᠨ ᠵᠢᠮ᠎ᠡ ᠶᠣᠰᠣ  ᠶᠢ ᠳᠠᠭᠠᠵᠤ᠂  ᠬᠥᠳᠡᠭᠡ  ᠲᠣᠰᠬᠤᠨ  ᠤ  ᠨᠢᠭᠡᠳᠦᠭᠡᠷ  ᠬᠤᠶᠠᠳᠤᠭᠠᠷ  ᠭᠤᠷᠪᠠᠳᠤᠭᠠᠷ   ᠠᠵᠤ   ᠦᠢᠯᠡᠰ  ᠢ ᠠᠭᠤᠰᠤᠯᠴᠠᠭᠤᠯᠤᠨ ᠬᠥᠭᠵᠢᠭᠦᠯᠬᠦ  ᠳᠤ  ᠵᠦᠶ  ᠵᠣᠬᠢᠰᠲᠠᠶ  ᠭᠠᠵᠠᠷ  ᠬᠡᠷᠡᠭᠯᠡᠬᠦ  ᠬᠡᠷᠡᠭᠴᠡᠭᠡ ᠶᠢ  ᠪᠠᠲᠤᠯᠠᠬᠤ ᠶᠢᠨ  ᠲᠥᠯᠥᠭᠡ᠂  ᠪᠠᠶᠢᠭᠠᠯᠢ  ᠶᠢᠨ ᠡᠬᠢ ᠪᠠᠶᠠᠯᠢᠭ  ᠤᠨ ᠶᠠᠮᠤᠨ᠂ ᠤᠯᠤᠰ  ᠤᠨ ᠬᠥᠭᠵᠢᠭᠦᠯᠦᠯᠲᠡ ᠪᠠ ᠥᠭᠡᠷᠡᠴᠢᠯᠡᠯᠲᠡ  ᠶᠢᠨ ᠵᠦᠪᠯᠡᠯ᠂ ᠬᠥᠳᠡᠭᠡ ᠠᠵᠤ  ᠠᠬᠤᠶ  ᠬᠥᠳᠡᠭᠡ‌‍ᠲ᠋ᠣᠰᠬᠤᠨ ᠤ ᠶᠠᠮᠤᠨ ᠲᠦᠷᠦᠭᠦᠬᠡᠨ ︽ᠬᠥᠳᠡᠭᠡ  ᠲᠣᠰᠬᠤᠨ ᠤ  ᠨᠢᠭᠡᠳᠦᠭᠡᠷ  ᠬᠤᠶᠠᠳᠤᠭᠠᠷ  ᠭᠤᠷᠪᠠᠳᠤᠭᠠᠷ  ᠠᠵᠤ  ᠦᠢᠯᠡᠰ  ᠢ ᠠᠭᠤᠰᠤᠯᠴᠠᠭᠤᠯᠤᠨ ᠬᠥᠭᠵᠢᠭᠦᠯᠬᠦ ᠳᠤ ᠭᠠᠵᠠᠷ ᠬᠡᠷᠡᠭᠯᠡᠬᠦ ᠶᠢ ᠪᠠᠲᠤᠯᠠᠬᠤ ᠪᠠ ᠵᠢᠷᠤᠮᠵᠢᠭᠤᠯᠬᠤ ᠲᠤᠬᠠᠶ  ᠮᠡᠳᠡᠭᠳᠡᠯ︾  ︵ᠳᠣᠷᠣᠭᠰᠢ ︽ᠮᠡᠳᠡᠭᠳᠡᠯ︾  ᠭᠡᠵᠦ  ᠲᠣᠪᠴᠢᠯᠠᠨ᠎ᠠ︶  ᠢ  ᠬᠠᠮᠲᠤᠷᠠᠨ  ᠨᠡᠶᠢᠲᠡᠯᠡᠵᠦ᠂  ᠬᠥᠳᠡᠭᠡ  ᠲᠣᠰᠬᠤᠨ ᠤ  ᠨᠢᠭᠡᠳᠦᠭᠡᠷ   ᠬᠤᠶᠠᠳᠤᠭᠠᠷ ᠭᠤᠷᠪᠠᠳᠤᠭᠠᠷ ᠠᠵᠤ ᠦᠢᠯᠡᠰ  ᠢ  ᠠᠭᠤᠰᠤᠯᠴᠠᠭᠤᠯᠤᠨ  ᠬᠥᠭᠵᠢᠭᠦᠯᠬᠦ   ᠳᠤ  ᠭᠠᠵᠠᠷ  ᠬᠡᠷᠡᠭᠯᠡᠬᠦ  ᠬᠡᠪᠴᠢᠶ᠎ᠡ  ᠶᠢ  ᠲᠣᠳᠣᠷᠬᠠᠶ ᠲᠣᠭᠲᠠᠭᠠᠵᠤ᠂ ᠬᠥᠳᠡᠭᠡ ᠲᠣᠰᠬᠤᠨ ᠤ  ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠳᠤ ᠭᠠᠵᠠᠷ ᠬᠡᠷᠡᠭᠯᠡᠬᠦ ᠣᠷᠣᠨ  ᠵᠠᠢ ᠦᠯᠡᠳᠡᠭᠡᠵᠦ  ᠥᠭᠭᠦᠨ᠎ᠡ ᠬᠡᠪᠡ᠃           ︽ᠮᠡᠳᠡᠭᠳᠡᠯ︾ ᠳᠤ᠂  ᠬᠥᠳᠡᠭᠡ  ᠲᠣᠰᠬᠤᠨ ᠤ  ᠨᠢᠭᠡᠳᠦᠭᠡᠷ   ᠬᠤᠶᠠᠳᠤᠭᠠᠷ   ᠭᠤᠷᠪᠠᠳᠤᠭᠠᠷ   ᠠᠵᠤ   ᠦᠢᠯᠡᠰ  ᠢ ᠠᠭᠤᠰᠤᠯᠴᠠᠭᠤᠯᠤᠨ ᠬᠥᠭᠵᠢᠭᠦᠯᠬᠦ  ᠳᠤ ᠬᠡᠷᠡᠭᠯᠡᠬᠦ ᠭᠠᠵᠠᠷ ᠪᠣᠯ ᠲᠠᠷᠢᠶᠠᠯᠠᠩ ᠬᠥᠳᠡᠭᠡ ᠲᠣᠰᠬᠤᠨ ᠤ ᠡᠬᠢ ᠪᠠᠶᠠᠯᠢᠭ ᠢᠶᠠᠷ  ᠲᠦᠰᠢᠭ ᠪᠣᠯᠭᠠᠵᠤ᠂ ᠲᠠᠷᠢᠶᠠᠯᠠᠩ ᠬᠥᠳᠡᠭᠡ ᠲᠣᠰᠬᠤᠨ ᠤ ᠴᠢᠳᠠᠮᠵᠢ ᠶᠢ ᠥᠷᠭᠡᠳᠬᠡᠨ᠂ ᠠᠵᠤ ᠦᠢᠯᠡᠰ ᠤᠨ ᠬᠡᠯᠬᠢᠶ᠎ᠡ ᠶᠢ  ᠤᠷᠲᠤᠳᠬᠠᠵᠤ᠂ ᠲᠠᠷᠢᠶᠠᠯᠠᠩ  ᠤᠨ ᠪᠦᠲᠦᠭᠡᠭᠳᠡᠬᠦᠨ  ᠤ ᠦᠢᠯᠡᠳᠪᠦᠷᠢᠯᠡᠯ᠂ ᠡᠳ᠋ᠰᠢᠭᠦᠯᠦᠯᠲᠡ᠂ ᠬᠦᠢᠯᠭᠡᠭᠡ᠂ ᠲᠤᠬᠠᠶ ᠶᠢᠨ ᠭᠠᠵᠠᠷ  ᠤᠨ ᠬᠡᠷᠡᠭᠯᠡᠭᠡ ᠵᠡᠷᠭᠡ ᠭᠤᠭᠴᠤᠭ᠎ᠠ ᠶᠢ ᠬᠠᠮᠤᠷᠴᠤ᠂ ᠲᠠᠷᠢᠶᠠᠯᠠᠩ  ᠤᠨ  ᠪᠦᠲᠦᠭᠡᠭᠳᠡᠬᠦᠨ  ᠢ  ᠪᠣᠯᠪᠠᠰᠤᠷᠠᠭᠤᠯᠤᠨ  ᠡᠳ᠋ᠰᠢᠬᠦᠯᠵᠦ  ᠬᠦᠢᠯᠭᠡᠭᠡᠬᠦ᠂  ᠬᠥᠳᠡᠭᠡ‌‍ᠲ᠋ᠣᠰᠬᠤᠨ ᠤ ᠰᠡᠯᠡᠭᠦᠴᠡᠨ ᠲᠣᠭᠤᠷᠢᠬᠤ ᠵᠢᠭᠤᠯᠴᠢᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ  ᠬᠤᠯᠢᠯᠳᠤᠭᠰᠠᠨ  ᠠᠵᠤ ᠦᠢᠯᠡᠰ ᠤᠨ ᠬᠡᠷᠡᠭᠯᠡᠬᠦ ᠭᠠᠵᠠᠷ ᠢ ᠬᠡᠷᠡᠭᠴᠡᠭᠡ  ᠪᠠᠷ ᠨᠢ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ᠂ ᠬᠤᠳᠠᠯᠳᠤᠭᠠᠨ ᠤ ᠬᠡᠷᠡᠭᠯᠡᠬᠦ ᠭᠠᠵᠠᠷ᠂ ᠪᠠᠷᠠᠭᠠᠨ ᠤ ᠬᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠠᠵᠠᠷ ᠭᠡᠬᠦ ᠮᠡᠳᠦ ᠪᠠᠷ  ᠲᠣᠭᠲᠠᠭᠠᠵᠤ  ᠪᠣᠯᠤᠨ᠎ᠠ‌‍ᠬᠡᠵᠦ ᠵᠢᠭᠠᠵᠤ ᠭᠠᠷᠭᠠᠪᠠ᠃           ︽ᠮᠡᠳᠡᠭᠳᠡᠯ︾ ᠳᠤ᠂ ᠲᠠᠷᠢᠶᠠᠨ ᠭᠠᠵᠠᠷ  ᠢ  ᠬᠠᠮᠠᠭᠠᠯᠠᠬᠤ  ᠬᠠᠮᠤᠭ ᠤᠨ  ᠴᠢᠩᠭ᠎ᠠ  ᠳᠦᠷᠢᠮ ᠢ  ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ  ᠢ  ︽ᠲᠠᠷᠢᠶᠠᠯᠠᠩ ᠤᠨ  ᠪᠤᠰᠤ  ᠪᠣᠯᠭᠠᠬᠤ︾  ᠦᠢᠯᠡ  ᠠᠵᠢᠯᠯᠠᠭ᠎ᠠ   ᠶᠢ  ᠡᠷᠡᠰ  ᠬᠤᠷᠢᠭᠯᠠᠨ  ᠵᠣᠭᠰᠣᠭᠠᠵᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ  ᠢ ᠡᠵᠡᠯᠡᠨ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ‌‍ᠬᠢᠬᠦ ᠶᠢ ᠴᠢᠩᠭ᠎ᠠ ᠬᠤᠷᠢᠬᠯᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ  ᠪᠣᠯᠭᠠᠬᠤ︾ ᠶᠢ  ᠰᠡᠷᠭᠡᠶᠢᠯᠡᠨ  ᠬᠤᠷᠢᠭᠯᠠᠵᠤ᠂ ᠲᠠᠷᠢᠶᠠᠨ ᠭᠠᠵᠠᠷ ᠢ ᠪᠣᠬᠢᠷᠲᠤᠭᠤᠯᠵᠤ  ᠪᠣᠯᠬᠤ  ᠦᠭᠡᠶ᠃  ᠬᠥᠳᠡᠭᠡ  ᠲᠣᠰᠬᠤᠨ  ᠤ  ᠠᠵᠤ  ᠦᠢᠯᠡᠰ   ᠢ  ᠠᠭᠤᠰᠤᠯᠴᠠᠭᠤᠯᠤᠨ ᠬᠥᠭᠵᠢᠭᠦᠯᠬᠦ  ᠳᠤ ᠬᠡᠷᠡᠭᠯᠡᠬᠦ ᠭᠠᠵᠠᠷ  ᠢ ᠲᠠᠸᠠᠷ  ᠤᠨ ᠣᠷᠣᠨ ᠰᠠᠭᠤᠴᠠ᠂ ᠵᠤᠰᠠᠯᠠᠩ᠂ ᠪᠠᠭᠤᠳᠠᠯ᠂ ᠨᠡᠶᠢᠲᠡ ᠶᠢᠨ ᠪᠠᠶᠢᠷᠢ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ  ᠬᠦᠷᠦᠩᠭᠡ ᠶᠢ  ᠨᠡᠭᠡᠭᠡᠨ  ᠠᠰᠢᠭᠯᠠᠬᠤ ᠳᠤ  ᠬᠡᠷᠡᠭᠯᠡᠵᠦ  ᠪᠣᠯᠬᠤ  ᠦᠭᠡᠢ᠂  ᠬᠡᠷᠡᠭᠴᠡᠭᠡ  ᠶᠢ  ᠨᠢ ᠳᠤᠷ᠎ᠠ  ᠪᠠᠷ  ᠢᠶᠠᠨ ᠬᠤᠪᠢᠷᠠᠭᠤᠯᠬᠤ ᠪᠤᠶᠤ  ᠬᠡᠰᠡᠭᠯᠡᠨ  ᠰᠢᠯᠵᠢᠭᠦᠯᠵᠦ  ᠰᠢᠯᠵᠢᠭᠦᠯᠦᠨ  ᠲᠦᠷᠢᠶᠡᠰᠦᠯᠡᠵᠦ  ᠪᠣᠯᠬᠤ  ᠦᠭᠡᠢ  ᠭᠡᠵᠦ ᠴᠢᠬᠤᠯᠠᠴᠢᠯᠠᠪᠠ᠃           ᠡᠭᠦᠨ ᠠᠴᠠ ᠭᠠᠳᠠᠨ᠎ᠠ᠂  ︽ᠮᠡᠳᠡᠭᠳᠡᠯ︾ ᠳᠤ᠂  ᠬᠥᠳᠡᠭᠡ  ᠲᠣᠰᠬᠤᠨ  ᠤ  ᠪᠥᠲᠥᠭᠡᠨ ᠪᠠᠶᠢᠭᠤᠯᠤᠯᠲᠠ  ᠳᠤ  ᠬᠡᠷᠡᠭᠯᠡᠬᠦ ᠦᠯᠡᠳᠡᠭᠡᠯ  ᠭᠠᠵᠠᠷ  ᠢ  ᠶᠡᠭᠡᠪᠡᠷ  ᠠᠮᠢᠳᠤᠯᠢᠭᠵᠢᠭᠤᠯᠤᠨ  ᠬᠡᠷᠡᠭᠯᠡᠨ᠎ᠡ᠃  ᠲᠠᠷᠢᠶᠠᠴᠢᠳ ᠤᠨ  ᠬᠦᠰᠡᠯ  ᠰᠠᠨᠠᠭ᠎ᠠ ᠶᠢ  ᠬᠦᠢᠴᠡᠳ ᠬᠦᠨᠳᠦᠳᠬᠡᠭᠰᠡᠨ ᠤᠷᠢᠲᠠᠯ ᠳᠣᠤᠷ᠎ᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠰᠢᠶᠠᠩ ᠪᠠᠯᠭᠠᠰᠤ ᠪᠤᠶᠤ ᠲᠣᠰᠬᠤᠨ ᠢᠶᠠᠷ ᠨᠢᠭᠡᠴᠡ ᠪᠣᠯᠭᠠᠨ ᠪᠥᠬᠦ  ᠣᠷᠣᠨ  ᠪᠦᠰᠡ ᠶᠢᠨ  ᠭᠠᠵᠠᠷ  ᠰᠢᠷᠣᠶ ᠶᠢ  ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠥᠳᠡᠭᠡ  ᠲᠣᠰᠬᠤᠨ  ᠤ  ᠪᠥᠲᠥᠭᠡᠨ  ᠪᠠᠶᠢᠭᠤᠯᠤᠯᠲᠠ ᠳᠤ  ᠬᠡᠷᠡᠭᠯᠡᠬᠦ  ᠦᠯᠡᠳᠡᠭᠡᠯ ᠭᠠᠵᠠᠷ ᠢ ᠠᠮᠢᠳᠤᠯᠢᠭᠵᠢᠭᠤᠯᠤᠨ᠂ ᠣᠷᠣᠨ ᠵᠠᠶ  ᠭᠠᠷᠭᠠᠨ  ᠬᠥᠳᠡᠭᠡ  ᠲᠣᠰᠬᠤᠨ ᠤ  ᠠᠵᠤ  ᠦᠢᠯᠡᠰ   ᠢ  ᠠᠭᠤᠰᠤᠯᠴᠠᠭᠤᠯᠤᠨ‌‍ᠬᠥ᠋ᠭᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ  ᠳᠡᠮᠵᠢᠬᠦ  ᠳᠤ  ᠬᠡᠷᠡᠭᠯᠡᠵᠦ  ᠪᠣᠯᠤᠨ᠎ᠠ᠃  ᠲᠠᠷᠢᠶᠠᠴᠢᠨ‌ᠬᠠᠮᠲᠤ  ᠨᠡᠶᠢᠳᠡ ᠨᠢ ᠤᠤᠯ ᠤᠨ ᠭᠠᠵᠠᠷ ᠬᠡᠷᠡᠭᠯᠡᠵᠦ ᠪᠠᠶᠢᠬᠰᠠᠨ ᠬᠤᠯᠪᠤᠬᠳᠠᠯ ᠪᠦᠬᠦᠢ ᠡᠷᠭᠡᠳᠦ ᠬᠦᠮᠦᠨ ᠤ ᠠᠰᠢᠭ ᠲᠤᠰᠠ   ᠶᠢᠨ ᠬᠠᠷᠢᠴᠠᠭ᠎ᠠ ᠶᠢ ᠬᠠᠤᠯᠢ ᠶᠤᠰᠤᠭᠠᠷ ᠲᠤᠬᠢᠳᠠᠢ ᠰᠢᠢᠳᠪᠦᠷᠢᠯᠡᠬᠦ ᠶᠢ ᠬᠠᠶᠢᠨ ᠰᠦᠪᠡᠭᠴᠢᠯᠡᠭᠰᠡᠨ ᠤ ᠲᠠᠷᠠᠭ᠎ᠠ᠂  ᠲᠥᠯᠥᠪᠵᠢᠭᠦᠯᠭᠡ ᠳᠤ ᠨᠡᠶᠢᠴᠡᠬᠦ ᠬᠠᠮᠲᠤ  ᠶᠢᠨ ᠪᠦᠲᠦᠭᠡᠨ ᠪᠠᠶᠢᠭᠤᠯᠤᠯᠲᠠ  ᠳᠤ  ᠬᠡᠷᠡᠭᠯᠡᠬᠦ  ᠦᠯᠡᠳᠡᠭᠡᠯ  ᠭᠠᠵᠠᠷ  ᠤᠨ  ᠶᠣᠰᠣᠭᠠᠷ  ᠵᠠᠬ᠎ᠠ  ᠳᠡᠯᠭᠡᠭᠦᠷ ᠲᠤ ᠤᠷᠤᠭᠤᠯᠤᠨ᠎ᠠ᠃ ᠤᠯᠤᠰ  ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ  ᠳᠣᠤᠷ᠎ᠠ᠂ ᠬᠠᠤᠯᠢ  ᠶᠣᠰᠣᠭᠠᠷ  ᠳᠠᠩᠰᠠᠯᠠᠭᠤᠯᠤᠭᠰᠠᠨ  ᠣᠷᠣᠨ  ᠰᠠᠭᠤᠴᠠ ᠶᠢᠨ  ᠭᠠᠵᠠᠷ  ᠵᠡᠷᠭᠡ  ᠬᠥᠳᠡᠭᠡ   ᠲᠣᠰᠬᠤᠨ ᠤ   ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ  ᠢ ᠨᠡᠶᠢᠯᠡᠭᠦᠯᠦᠨ ᠠᠰᠢᠭᠯᠠᠬᠤ  ᠶᠢ ᠵᠣᠷᠢᠭᠵᠢᠭᠤᠯᠵᠤ᠂  ᠬᠥᠳᠡᠭᠡ  ᠲᠣᠰᠬᠤᠨ ᠤ  ᠠᠷᠠᠳ ᠤᠨ ᠣᠷᠣᠨ ᠰᠠᠭᠤᠴᠠ᠂ ᠲᠠᠷᠢᠶᠠᠯᠠᠩ ᠤᠨ ᠪᠦᠲᠦᠭᠡᠭᠳᠡᠬᠦᠨ ᠤ ᠠᠩᠬᠠᠨ ᠤ ᠡᠳ᠋ᠰᠢᠭᠦᠯᠦᠯᠲᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ᠎ᠡ ᠭᠡᠵᠦ ᠲᠤᠷᠠᠳᠴᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号