ᠠᠶᠢᠮᠠᠭ ᠤᠨ ᠵᠠᠬᠢᠷᠭ᠎ᠠ ᠶᠢᠨ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2021/4/16
ᠰᠢᠯᠢ ᠶᠢᠨ ᠭᠤᠤᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠠᠷᠪᠠᠨ  ᠭᠤᠷᠪᠠᠳᠤᠭᠠᠷ  ᠬᠤᠭᠤᠴᠠᠭᠠᠨ  ᠤ  ᠠᠷᠪᠠᠨ  ᠭᠤᠷᠪᠠᠳᠤᠭᠠᠷ  ᠬᠤᠷᠠᠯᠳᠤᠭᠠᠨ ᠤ ᠮᠠᠲ᠋ᠧᠷᠢᠶᠠᠯ ︵ ᠨᠢᠭᠡ︶       ᠠᠶᠢᠮᠠᠭ ᠤᠨ ᠵᠠᠬᠢᠷᠭ᠎ᠠ ᠶᠢᠨ ᠠᠵᠢᠯ ᠤᠨ ᠢᠯᠡᠳᠭᠡᠯ                                 — 2021 ᠣᠨ ᠤ 4 ᠳ᠋ᠣᠭᠡᠷ ᠰᠠᠷ᠎ᠠ ᠶᠢᠨ 15᠎ ᠤ ᠡᠳᠦᠷ ᠤᠨ ᠰᠢᠯᠢ ᠶᠢᠨ ᠭᠤᠤᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠳᠡᠭᠡᠷ᠎ᠡ                  ᠰᠢᠯᠢ ᠶᠢᠨ ᠭᠤᠣᠯ ᠠᠶᠢᠮᠠᠭ ᠤᠨ ᠳᠠᠷᠤᠭ᠎ᠠ    ᠯᠦᠸᠧ  ᠴᠢᠩ ᠡᠷᠬᠢᠯᠡᠭᠴᠢ ᠨᠠᠷ᠂ ᠭᠡᠰᠢᠭᠦᠳ ᠡ᠄     ᠳᠣᠣᠷ᠎ᠠ ᠪᠢ ᠵᠠᠬᠢᠷᠭ᠎ᠠ ᠶᠢᠨ ᠡᠮᠦᠨ᠎ᠡ ᠠᠴᠠ ᠠᠵᠢᠯ ᠤᠨ ᠢᠯᠡᠳᠬᠡᠯ ᠬᠢᠶ᠎ᠠ᠂ ᠡᠷᠬᠢᠯᠡᠭᠴᠢ ᠨᠠᠷ᠂ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠰᠠᠨᠠᠭᠤᠯᠭ᠎ᠠ ᠪᠠᠨ ᠳᠤᠷᠠᠳᠬᠤ ᠪᠣᠯᠪᠠᠤ᠃     ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ︾᠎ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠦᠭᠵᠢᠭᠦᠯᠦᠯᠳᠡ ᠶᠢᠨ ᠡᠷᠭᠢᠴᠡᠭᠦᠯᠦᠯ     2020 ᠣᠨ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ ᠪᠦᠬᠦ ᠠᠶᠢᠮᠠᠭ ᠳᠠᠶᠠᠭᠠᠷ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠶᠢᠨ ᠵᠢᠯ ᠳᠤ ᠨᠢᠭᠡᠨ ᠬᠤᠪᠢ ᠪᠣᠳᠠᠲᠠᠢ       ︽ᠠᠮᠵᠢᠯᠲᠠ ᠶᠢᠨ ᠬᠠᠭᠤᠳᠠᠰᠤ︾ ᠲᠣᠰᠢᠶᠠᠭᠰᠠᠨ ᠶᠣᠮ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠎ ᠤᠨ ᠶᠡᠷᠦᠩᠬᠡᠶ ᠥᠷᠲᠡᠭ ᠢ 839.8 ᠳ᠋ᠦᠩᠰᠢᠭᠤᠷ ᠲᠥᠭᠦᠷᠢᠭ ᠲᠤ ᠭᠦᠷᠭᠡᠵᠣ᠂ 3.4 %᠎ ᠪᠠᠷ ᠨᠡᠮᠡᠭᠳᠡᠭᠦᠯᠦᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠭᠤᠷᠪᠠᠳᠤᠭᠠᠷ ᠲᠤ ᠵᠢᠭᠰᠠᠭᠠᠭᠳᠠᠪᠠ︔ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠎ ᠶᠢᠨ ᠪᠡᠯᠡ ᠣᠷᠣᠭᠤᠯᠤᠯᠲᠠ ᠶᠢ 15.3 %᠎ ᠎ ᠪᠠᠷ  ᠨᠡᠮᠡᠭᠳᠡᠭᠦᠯᠦᠨ᠂ ᠪᠦᠬᠦ ᠣᠷᠣᠨ ᠤ ᠨᠢᠭᠡᠳᠦᠭᠡᠷ ᠲᠤ ᠵᠢᠭᠰᠠᠭᠠᠭᠳᠠᠪᠠ︔ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 91.7 ᠳ᠋ᠦᠩᠰᠢᠭᠤᠷ ᠲᠥᠭᠦᠷᠢᠭ ᠲᠤ ᠭᠦᠷᠭᠡᠵᠣ᠂ 15.5 %᠎ ᠪᠠᠷ ᠨᠡᠮᠡᠭᠳᠡᠭᠦᠯᠦᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠭᠤᠷᠪᠠᠳᠤᠭᠠᠷ ᠲᠤ ᠵᠢᠭᠰᠠᠭᠠᠭᠳᠠᠪᠠ︔ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ ᠣᠷᠣᠯᠭ᠎ᠠ ᠶᠢ ᠲᠣᠰ ᠲᠣᠰ 41391 ᠲᠥᠭᠦᠷᠢᠭ ᠪᠠ 18864 ᠲᠥᠭᠦᠷᠢᠭ ᠲᠤ ᠭᠦᠷᠭᠡᠵᠣ᠂ 1.5% ᠪᠠ 8.5%᠎ ᠪᠠᠷ ᠨᠡᠮᠡᠭᠳᠡᠭᠦᠯᠦᠨ᠂ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠤ ᠵᠢᠷᠭᠤᠳᠤᠭᠠᠷ ᠲᠤ ᠵᠢᠭᠰᠠᠭᠠᠭᠳᠠᠪᠠ᠃     ︵ᠨᠢᠭᠡ︶ ᠬᠦᠨᠳᠦ  ᠨᠣᠴᠢᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠶ ᠪᠥᠭᠡᠳ ᠪᠦᠲᠦᠮᠵᠢᠲᠡᠶ  ᠶᠠᠪᠣᠭᠳᠠᠭᠤᠯᠪᠠ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠨᠴᠠ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠣᠷᠢᠶᠠᠯᠠᠯᠭ᠎ᠠ ᠶᠢ ᠴᠠᠭ ᠲᠠᠷᠣᠢ ᠳᠤᠨᠢ ᠬᠡᠷᠡᠭᠵᠢᠭᠦᠯᠵᠣ᠂ 1.6 ᠲᠦᠮᠡᠨ ᠨᠠᠮ ᠤᠨ ᠭᠡᠰᠢᠭᠦᠨ ᠪᠣᠯᠤᠨ ᠺᠠᠳ᠋ᠷᠴᠣᠳ ᠵᠠᠷᠯᠢᠭ ᠲᠣᠰᠣᠮᠠᠭᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠢᠭᠤᠷᠬᠠᠶᠢᠯᠠᠵᠣ᠂ 45 ᠡᠳᠦᠷ ᠤᠨ ᠬᠤᠭᠤᠴᠠᠭᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠬᠤ ᠪᠠ ᠰᠡᠵᠢᠭᠯᠡᠯᠲᠡᠢ ᠡᠪᠡᠳᠴᠢᠨ ᠤ ᠵᠢᠱᠢᠶ᠎ᠠ ᠶᠢ ︽ᠪᠦᠬᠦᠨ ᠢ ᠪᠠᠶᠢᠴᠠᠭᠠᠨ ᠲᠣᠳᠣᠯᠠᠬᠤ︾᠎ ᠶᠢ ᠪᠡᠶᠡᠯᠡᠭᠦᠯᠵᠦ᠂ ᠡᠪᠡᠳᠴᠢᠲᠡᠨ ᠢ ᠦᠬᠦᠭᠦᠯᠬᠦ ᠦᠭᠡᠢ ᠪᠠᠶᠢᠬᠤ᠂ ᠡᠮᠴᠢ ᠰᠤᠪᠢᠯᠠᠭᠴᠢᠳ ᠲᠤ ᠨᠢᠭᠡ ᠴᠣ᠋ ᠬᠠᠯᠳᠠᠪᠣᠷᠢᠯᠠᠭᠰᠠᠨ ᠦᠭᠡᠢ ᠪᠠᠶᠢᠬᠤ ᠶᠢ ᠪᠡᠶᠡᠯᠡᠭᠦᠯᠪᠡ᠃ ᠬᠢᠵᠢᠭ ‍ᠤᠨ‌‍ᠪᠠᠶᠢᠳᠠᠯ ᠢ ᠪᠦᠲᠦᠮᠵᠢᠲᠡᠶ ᠡᠵᠡᠮᠳᠡᠭᠰᠡᠨ ᠤ ᠳᠠᠷᠠᠭ᠎ᠠ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠭᠰᠠᠨ ᠡᠪᠡᠳᠴᠢᠳᠡᠨ ᠤ ᠡᠭᠦᠳᠡᠨ ᠡᠮᠨᠡᠯᠭᠡ ᠶᠢᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠪᠣᠶ ᠪᠥᠬᠦᠶ ᠬᠤᠰᠢᠭᠤ ᠰᠢᠶᠠᠨ ᠬᠤᠲᠠ     ︵ᠣᠷᠣᠨ︶᠎ ᠶᠢ ᠴᠦᠮ ᠪᠥᠭᠡᠮ ᠬᠦᠴᠢᠯ ᠤᠨ ᠪᠠᠶᠢᠴᠠᠭᠠᠨ ᠬᠡᠮᠵᠢᠯᠳᠡ ᠬᠢᠬᠦ ᠴᠢᠳᠠᠪᠤᠷᠢ ᠲᠠᠢ ᠪᠣᠯᠭᠠᠪᠠ᠃ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠯ᠎ᠠ ᠨᠤᠲᠤᠭ ᠤᠨ ᠬᠤᠯᠤᠭᠠᠨ᠎ᠠ ᠬᠥᠨᠥᠭᠡᠯ ᠢ ᠰᠡᠷᠭᠡᠶᠢᠯᠡᠨ ᠵᠠᠰᠠᠬᠤ ᠲᠠᠯᠠᠪᠠᠶ ᠶᠢ 2500 ᠭᠠᠷᠤᠶ ᠲᠦᠮᠡᠨ ᠮᠥ ᠳᠤ ᠭᠦᠷᠭᠡᠵᠣ᠂ ᠬᠤᠯᠤᠭᠠᠨ᠎ᠠ ᠬᠢᠵᠢᠭ ᠤᠨ ᠡᠬᠢ ᠡᠭᠦᠰᠦᠯ ᠲᠠᠢ ᠬᠤᠰᠢᠭᠤ ᠰᠢᠶᠠᠨ ᠬᠤᠲᠠ ᠶᠢᠨ PCR ᠲᠤᠷᠰᠢᠯᠲᠠ ᠶᠢᠨ ᠲᠠᠰᠤᠭ ᠢ ᠪᠦᠬᠦᠨ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠦᠨᠡᠨᠪᠠᠲᠤ  ᠎ ᠶᠢᠨ ᠤᠯᠤᠰ  ᠤᠨ ᠲᠠᠰ ᠤᠨ ᠬᠤᠯᠤᠭᠠᠨ᠎ᠠ ᠬᠢᠵᠢᠭ  ᠪᠠ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠰᠠᠭᠤᠷᠢᠨ ᠭᠠᠵᠠᠷ ᠤᠨ ᠲᠣᠬᠠᠢ ᠶᠢᠨ ᠲᠠᠯᠠᠪᠠᠢ ᠶᠢᠨ ᠪᠣᠯᠪᠠᠰᠤᠷᠠᠭᠤᠯᠤᠯ ᠤᠨ ᠲᠥᠪ ᠢ  ᠦᠭᠡᠷᠡᠴᠢᠯᠡᠨ ᠳᠠᠭᠤᠰᠬᠠᠪᠠ  ᠃    ︵ᠬᠤᠶᠠᠷ︶  ᠲᠣᠭᠳᠠᠭᠤᠨ ᠢᠶᠠᠷ ᠨᠡᠮᠡᠭᠳᠡᠬᠦᠯᠬᠦ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ᠃  ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 10.8 ᠳ᠋ᠦᠩᠰᠢᠭᠤᠷ ᠲᠥᠭᠦᠷᠢᠭ ᠤᠨ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠣᠨ᠂ 5 ᠳ᠋ᠦᠩᠰᠢᠭᠤᠷ ᠭᠠᠷᠤᠶ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠦᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠲᠡᠭ ᠢ 1.6 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠵᠢᠵᠢᠭ ᠪᠠᠭ᠎ᠠ ᠠᠵᠤ ᠠᠬᠤᠶᠢᠯᠠᠯ ᠳᠤ 124. 5 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠠᠳᠠᠯᠢ ᠬᠤᠭᠤᠴᠠᠭᠠᠨ ᠤ ᠬᠢ ᠠᠴᠠ 3.8%  ᠎ ᠪᠠᠷ ᠨᠡᠮᠡᠭᠳᠡᠭᠦᠯᠵᠣ  ᠂ 13 ᠲᠦᠮᠡᠨ ᠡᠷᠦᠬᠡ ᠳᠤ ᠭᠦᠷᠭᠡᠵᠠᠢ᠃ ᠪᠥᠬᠦ ᠣᠷᠣᠨ ᠳᠤ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠦᠪᠰᠢᠶᠡᠷᠡᠭᠦᠯᠬᠦ ᠰᠠᠷ᠎ᠠ ᠶᠢᠨ ᠠᠵᠢᠯᠯᠠᠭ᠎ᠠ ᠶᠢ ᠤᠷᠢᠳᠠᠪᠠᠷ ᠥᠷᠨᠢᠭᠦᠯᠵᠦ᠂ ᠠᠶᠢᠮᠠᠭ ᠤᠨ ᠲᠠᠰ ᠤᠨ 123 ᠭᠤᠤᠯᠳᠠᠯᠭ᠎ᠠ ᠲᠠᠢ ᠲᠥᠷᠥᠯ  ᠵᠦᠢᠯ ᠤᠨ ᠠᠵᠢᠯ ᠢ ᠡᠬᠢᠯᠡᠬᠦᠯᠦᠨ᠂ 340 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠤᠷᠮ᠎ᠠ ᠶᠢ 101.4%᠎ ᠳᠤ  ᠭᠦᠷᠭᠡᠵᠣ᠂ ᠲᠠᠪᠤᠨ ᠵᠢᠯ ᠤᠨ ᠲᠤᠷᠰᠢ ᠠᠩᠬ᠎ᠠ ᠤᠳᠠᠭ᠎ᠠ ᠵᠠᠭᠤᠨ ᠤ ᠵᠠᠭᠤ ᠶᠢ ᠳᠠᠪᠠᠭᠤᠯᠪᠠ᠃ ᠪᠥᠬᠦ ᠣᠷᠣᠨ ᠤ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠬᠦᠯᠵᠣ᠂ 3 ᠠᠵᠤ ᠠᠬᠤᠶᠢᠯᠠᠯ ᠨᠢ ᠰᠣᠩᠭᠤᠭᠳᠠᠨ ᠣᠷᠣᠵᠣ᠂ ᠠᠩᠬᠠᠨ ᠤ ᠠᠮᠵᠢᠯᠳᠠ ᠶᠢ ᠪᠡᠶᠡᠯᠡᠭᠦᠯᠪᠡ᠃  ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠤᠰᠬᠠᠶ ᠲᠦᠷᠦᠯ ᠎ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠬᠤ᠂ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠢᠯᠡᠴᠢᠯᠡᠭᠡᠨ ᠤ ᠦᠢᠯᠡᠰ ᠤᠨ ᠰᠡᠷᠭᠦᠯᠲᠡ ᠪᠠ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠳᠤ ᠬᠦᠴᠦᠨ ᠨᠡᠮᠡᠷᠢᠯᠡᠪᠡ᠃       ︵ᠭᠤᠷᠪᠠ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠯᠡᠭᠴᠢ ᠴᠢᠨᠠᠷᠲᠠᠶ ᠦᠷ᠎ᠡ ᠪᠦᠲᠦᠭᠡᠯ ᠤᠯᠪᠠ᠃  ᠪᠦᠬᠦ ᠠᠶᠢᠮᠠᠭ ᠤᠨ ᠬᠦᠴᠦᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ᠂ 8 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠣᠷᠣᠭᠤᠯᠵᠤ᠂ ᠶᠠᠳᠠᠭᠤ ᠶᠢ ᠲᠡᠳᠬᠦᠬᠦ 539 ᠲᠦᠷᠦᠯ ᠵᠦᠢᠯ ᠢ ᠬᠡᠷᠡᠭᠵᠢᠭᠦᠯᠵᠦ᠂ ᠦᠯᠡᠳᠡᠵᠣ ᠪᠠᠶᠢᠭᠰᠠᠨ 136 ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠳᠤ ᠲᠣᠭᠲᠠᠭᠤᠨ ᠪᠤᠰᠤ ᠡᠷᠦᠬᠡ ᠪᠠ ᠶᠠᠳᠠᠭᠤᠷᠠᠮᠠᠷ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠵᠦ ᠪᠡᠶᠡᠵᠢᠨ ᠴᠢᠨᠡᠭᠡᠯᠢᠭᠵᠢᠬᠦ ᠰᠠᠭᠤᠷᠢ ᠎ ᠶᠢ ᠦᠷᠭᠦᠯᠵᠢᠯᠡᠨ ᠪᠠᠬᠢᠵᠢᠭᠦᠯᠪᠡ᠃ 98.9 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠲᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠵᠤ᠂ ᠵᠢᠯ ᠤᠨ ᠡᠭᠦᠷᠭᠡ ᠪᠠᠨ 327%᠎ ᠪᠠᠷ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠎ ᠤᠨ ᠵᠥᠷᠢᠯᠳᠦᠭᠡᠨ ᠦᠭᠡᠢ ᠳᠠᠩᠰᠠᠨ ᠤ ᠵᠣᠭᠤᠰ ᠢ ᠴᠥᠮ ᠲᠥᠯᠥᠵᠦ ᠳᠠᠭᠤᠰᠬᠠᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠬᠢᠰ ᠦᠭᠡᠢ ᠵᠢᠭᠡᠯᠡᠯᠭᠡ ᠶᠢᠨ ᠨᠣᠷᠮ᠎ᠠ ᠶᠢ 6.2 ᠵᠠᠭᠤᠨ ᠤ ᠬᠤᠪᠢ ᠎ ᠶᠢᠨ ᠴᠡᠭ  ᠎ ᠢᠶᠠᠷ ᠪᠠᠭᠤᠷᠠᠭᠤᠯᠵᠣ᠂ ᠵᠢᠯ ᠤᠨ ᠡᠬᠢᠨ ᠳᠤ ᠪᠥᠬᠦ ᠣᠷᠣᠨ ᠳᠤ 2 ᠳ᠋ᠤᠭᠠᠷ ᠲᠤ ᠪᠠᠶᠢᠭᠰᠠᠨ ᠠᠴᠠ ᠪᠠᠨ ᠪᠠᠭᠤᠷᠠᠭᠠᠳ 11  ᠳ᠋ᠣᠭᠡᠷ ᠲᠤ ᠵᠢᠭᠰᠠᠭᠠᠭᠳᠠᠪᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠯᠠᠪᠳᠠᠭᠤᠯᠣᠨ ᠪᠠᠶᠢᠴᠠᠭᠠᠯᠳᠠ ᠪᠠ  ︽ᠪᠤᠴᠠᠵᠤ ᠪᠠᠶᠢᠴᠠᠭᠠᠨ ᠦᠵᠡᠬᠦ︾᠎  ᠠᠵᠢᠯ ᠳᠤ ᠬᠠᠷᠢᠭᠤ ᠲᠤᠰᠬᠠᠭᠰᠠᠨ 42 ᠵᠦᠢᠯ ᠤᠨ ᠠᠰᠠᠭᠤᠳᠠᠯ ᠢ ᠪᠥᠬᠦ ᠣᠷᠣᠨ ᠳᠤ  ᠲᠦᠷᠦᠭᠦᠯᠡᠨ ᠪᠦᠬᠦᠨ ᠢ  ᠰᠢᠢᠳᠪᠦᠷᠢᠯᠡᠵᠣ᠂  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ ᠨᠢᠭᠡ ᠪᠦᠯᠦᠭ ᠣᠷᠴᠢᠨ ᠲᠣᠭᠤᠷᠢᠨ ᠤ ᠠᠰᠠᠭᠤᠳᠠᠯ ᠢ  ᠰᠢᠢᠳᠪᠦᠷᠢᠯᠡᠪᠡ᠃     ︵ᠳᠥᠷᠪᠡ︶ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ︽ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠣᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠ ᠪᠦᠳᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠣᠭᠲᠠᠭᠠᠯ︾᠎ ᠢ ᠨᠡᠶᠢᠲᠡᠯᠡᠵᠦ᠂ ᠨᠤᠲᠤᠭ ᠪᠡᠯᠴᠢᠭᠡᠷ ᠳᠡᠭᠡᠷ᠎ᠡ ᠰᠢᠨ᠎ᠡ ᠪᠠᠷ ᠠᠭᠤᠷᠬᠠᠶ ᠶᠢᠨ ᠨᠡᠭᠡᠭᠡᠨ ᠠᠰᠢᠭᠯᠠᠬᠤ ᠲᠥᠷᠥᠯ ᠵᠦᠢᠯ ᠭᠠᠷᠭᠠᠬᠤ ᠶᠢ ᠴᠢᠩᠭ᠎ᠠ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠶᠢ ᠲᠣᠭᠲᠠᠭᠠᠪᠠ᠃ ᠠᠶᠢᠮᠠᠭ ᠤᠨ ᠬᠡᠪᠴᠢᠶᠡᠨ ᠤ 64.18%᠎ ᠎ ᠶᠢᠨ ᠲᠠᠯᠠᠪᠠᠢ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠪᠠ᠃ ᠡᠯ᠎ᠡ ᠱᠠᠲᠤᠨ ᠤ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠯᠢᠳᠡᠭᠵᠢᠭᠦᠯᠦᠨ ᠨᠡᠶᠢᠯᠡᠭᠦᠯᠪᠡ᠃ 95 ᠲᠦᠮᠡᠨ ᠮᠥ  ᠭᠠᠵᠠᠷ ᠤᠨ ᠣᠶᠢᠵᠢᠭᠤᠯᠤᠯᠲᠠ ᠶᠢ ᠪᠡᠶᠡᠯᠡᠭᠦᠯᠵᠦ᠂ 80 ᠲᠦᠮᠡᠨ ᠮᠥ  ᠨᠤᠲᠤᠭ ᠪᠡᠯᠴᠢᠭᠡᠷ ᠢ ᠵᠠᠰᠠᠨ ᠰᠡᠷᠭᠦᠭᠡᠵᠦ᠂ 155 ᠲᠦᠮᠡᠨ ᠮᠥ ᠨᠤᠲᠤᠭ ᠪᠡᠯᠴᠢᠭᠡᠷ ᠢ ᠲᠣᠣᠷᠯᠠᠨ ᠪᠢᠲᠡᠭᠦᠮᠵᠢᠯᠡᠪᠡ᠃ ᠪᠠᠷᠢᠮᠵᠢᠶ᠎ᠠ ᠪᠠᠨ ᠳᠡᠭᠡᠭᠰᠢᠯᠡᠭᠦᠯᠦᠨ ᠠᠭᠤᠷᠬᠠᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠨ ᠠᠬᠢᠭᠤᠯᠵᠤ ᠂ 220 ᠵᠠᠳᠠᠭᠠᠶ ᠠᠭᠤᠷᠬᠠᠶ ᠶᠢᠨ ᠵᠠᠰᠠᠯᠲᠠ ᠶᠢᠨ ᠰᠠᠭᠤᠷᠢ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠨᠣᠷᠮ᠎ᠠ ᠶᠢ 100%᠎ ᠳᠤ ᠬᠦᠷᠦᠭᠦᠯᠵᠦ᠂ 12.1 ᠳ᠋ᠦᠩᠰᠢᠭᠤᠷ ᠲᠥᠭᠦᠷᠢᠭ ᠤᠨ ᠵᠠᠰᠠᠯᠲᠠ ᠶᠢᠨ ᠪᠠᠯᠠ ᠮᠥᠩᠭᠦ ᠣᠷᠣᠭᠤᠯᠤᠨ᠂ 61 ᠬᠠᠪᠲᠠᠭᠠᠢ ᠳᠥᠷᠪᠡᠯᠵᠢᠨ ᠺᠢᠯᠣᠮᠧᠲᠷ ᠤᠨ ᠵᠠᠰᠠᠯᠳᠠ ᠶᠢᠨ ᠲᠠᠯᠠᠪᠠᠶ ᠶᠢ ᠪᠡᠶᠡᠯᠡᠭᠦᠯᠵᠦ᠂ 3 ᠵᠦᠢᠯ ᠤᠨ ᠬᠦᠢᠴᠡᠳᠭᠡᠯ ᠲᠤᠭ᠎ᠠ ᠨᠢ ᠴᠥᠮ ᠪᠥᠬᠦ ᠣᠷᠣᠨ ᠤ ᠲᠡᠷᠢᠭᠦᠨ ᠪᠠᠶᠢᠷᠢᠨ‌‍ᠳᠤ ᠵᠢᠭᠰᠠᠭᠠᠭᠳᠠᠪᠠ︔ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ 32 ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ ᠪᠠᠶᠢᠭᠤᠯᠵᠤ᠂ ᠡᠭᠦᠨ ᠳᠤ ᠤᠯᠤᠰ ᠤᠨ ᠲᠠᠰ ᠤᠨ 5 ᠠᠭᠤᠷᠬᠠᠶ ᠪᠠᠶᠢᠵᠣ  ᠂ ᠲᠣᠰ ᠲᠣᠰ ᠪᠥᠬᠦ ᠣᠷᠣᠨ ᠤ 2 ᠳ᠋ᠤᠭᠠᠷ ᠪᠠ 1 ᠳ᠋ᠣᠭᠡᠷ ᠪᠠᠶᠢᠷᠢᠨ ᠳᠤ ᠵᠢᠭᠰᠠᠭᠠᠭᠳᠠᠵᠣ᠂ ᠮᠠᠨ ᠤ ᠠᠶᠢᠮᠠᠭ ᠨᠢ ᠠᠭᠤᠷᠬᠠᠶ ᠶᠢᠨ ᠦᠢᠯᠡᠰ ᠤᠨ ᠬᠤᠯᠪᠣᠭ᠎ᠠ ᠠᠴᠠ ᠣᠯᠭᠤᠭᠰᠠᠨ ︽ᠪᠥᠬᠦ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠎ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ︾᠎  ᠭᠥᠷᠳᠡᠪᠡ᠃     ︵ᠲᠠᠪᠤ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠠᠯᠬᠤᠴᠠ ᠪᠠᠨ ᠲᠦᠷᠭᠡᠳᠬᠡᠪᠡ᠃  ᠮᠠᠯᠵᠢᠯ ᠤᠨ ᠣᠨ ᠤ ᠠᠯᠠᠰᠢᠨ ᠦᠬᠡᠷ ᠤᠨ ᠲᠤᠭ᠎ᠠ ᠲᠣᠯᠣᠭᠠᠶ ᠶᠢ ᠠᠳᠠᠯᠢ ᠬᠤᠭᠤᠴᠠᠭᠠᠨ ᠤ ᠬᠢ ᠠᠴᠠ 13  ᠲᠦᠮᠡ ᠪᠠᠷ ᠨᠡᠮᠡᠭᠳᠡᠭᠦᠯᠵᠣ᠂ ᠡᠭᠦᠯᠳᠡᠷ ᠰᠠᠶᠢᠵᠢᠷᠠᠭᠤᠯᠣᠨ ᠦᠷᠡᠵᠢᠭᠦᠯᠬᠦ ᠠᠴᠠ ᠬᠠᠰᠢᠶᠠᠯᠠᠨ ᠪᠣᠷᠳᠣᠵᠤ ᠲᠠᠷᠭᠤᠯᠠᠭᠤᠯᠬᠤ᠂ ᠨᠠᠷᠢᠯᠢᠭ ᠪᠣᠯᠪᠠᠰᠤᠷᠠᠭᠤᠯᠤᠭᠰᠠᠨ ᠠᠯᠠᠰᠢᠨ ᠦᠬᠡᠷ ᠤᠨ ᠪᠥᠬᠦ ᠠᠵᠤ ᠦᠢᠯᠡᠰ ᠤᠨ  ᠬᠡᠯᠬᠢᠶᠡᠰᠣ ᠬᠦᠷᠳᠡᠯᠡᠬᠢ ᠪᠣᠷᠣ ᠲᠥᠯᠥᠪ ᠢ ᠠᠩᠬ᠎ᠠ ᠠᠯᠬᠤᠮ ᠪᠦᠷᠢᠯᠳᠦᠭᠦᠯᠪᠡ᠃ 3 ᠬᠤᠰᠢᠭᠤ ᠬᠤᠲᠠ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠯ᠎ᠠ ᠨᠤᠲᠤᠭ ᠤᠨ ᠠᠯᠠᠰᠢᠨ ᠬᠤᠨᠢᠨ ᠤ ᠠᠵᠤ ᠦᠢᠯᠡᠰ ᠤᠨ ᠪᠦᠯᠦᠭᠯᠡᠯ ᠤᠨ ᠲᠥᠷᠥᠯ ᠵᠦᠢᠯ ᠤᠨ ᠬᠤᠰᠢᠭᠤ ᠰᠢᠶᠠᠨ ᠳᠤ ᠵᠢᠭᠰᠠᠭᠠᠭᠳᠠᠵᠣ᠂    ︽ᠰᠢᠯᠢ ᠶᠢᠨ ᠭᠤᠤᠯ ᠬᠤᠨᠢ︾᠎ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠵᠢᠩᠬᠢᠨᠢ ᠪᠠᠷ ᠭᠠᠳᠠᠬᠰᠢ ᠨᠡᠶᠢᠳᠡᠯᠡᠭᠦᠯᠪᠡ᠃  ︽ᠰᠢᠯᠢ ᠶᠢᠨ ᠭᠤᠤᠯ ᠴᠠᠭᠠᠨ ᠢᠳᠡᠭᠡ︾᠎ ᠶᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠢᠯᠡᠳᠭᠡᠮᠵᠢᠳᠣ ᠪᠦᠲᠦᠭᠡᠭᠳᠡᠭᠦᠨ ᠢᠶᠠᠷ ᠲᠠᠩᠰᠠᠯᠠᠭᠳᠠᠭᠰᠠᠨ‌ᠦᠢᠯᠡᠳᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠵᠤ᠂  28 ᠤᠯᠠᠮᠵᠢᠯᠠᠯᠲᠤ ᠴᠠᠭᠠᠨ ᠢᠳᠡᠭᠡᠨ ᠤ ᠵᠢᠱᠢᠶ᠎ᠡ ᠦᠵᠡᠭᠦᠯᠬᠦ ᠨᠢᠭᠡᠴᠡ ᠶᠢ ᠪᠥᠬᠦ ᠣᠷᠣᠨ ᠤ ᠠᠩᠬᠠᠨ ᠤ ᠪᠦᠯᠦᠭ ᠤᠨ ᠲᠤᠷᠰᠢᠯᠲᠠ ᠳᠤ ᠣᠷᠣᠭᠤᠯᠤᠭᠰᠠᠨ ᠪᠥᠭᠡᠳ ᠲᠤᠭ᠎ᠠ ᠬᠡᠮᠵᠢᠶ᠎ᠡ ᠎ ᠶᠢ ᠪᠥᠬᠦ ᠣᠷᠣᠨ ᠤ ᠲᠡᠷᠢᠭᠦᠨ ᠳᠤ ᠪᠠᠶᠢᠷᠢᠯᠠᠭᠤᠯᠵᠣ᠂ ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠤᠬᠠᠶ ᠶᠢᠨ ᠲᠠᠯᠠᠪᠠᠢ ᠶᠢᠨ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠪᠡ᠃ ᠣᠨᠴᠠ ᠥᠨᠳᠥᠷ ᠬᠦᠴᠦᠳᠡᠯᠲᠦ ᠢᠵᠢ ᠪᠥᠷᠢᠳᠦᠭᠰᠡᠨ 700 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠣ᠂ ︽ᠲᠠᠪᠤᠨ ᠥᠷᠲᠡᠭᠡ ᠲᠠᠪᠤᠨ ᠱᠤᠭᠤᠮ︾᠎ ᠤᠨ ᠭᠠᠳᠠᠭᠰᠢ ᠬᠦᠷᠭᠡᠬᠦ ᠢᠨᠵᠧᠨᠧᠷᠢᠩ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠮᠠᠨ ᠤ ᠠᠶᠢᠮᠠᠭ ᠨᠢ ᠪᠥᠬᠦ ᠣᠷᠣᠨ ᠤ ᠠᠩᠬᠠᠳᠠᠭᠴᠢ ᠮᠢᠩᠭᠠᠨ ᠲᠦᠮᠡᠨ ᠺᠢᠯᠣᠸᠠᠲ ᠤᠨ ᠲᠠᠰ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠠᠭᠤᠷᠢᠨ ᠭᠠᠵᠠᠷ ᠪᠣᠯᠣᠭᠰᠠᠨ ᠪᠠᠶᠢᠨ᠎ᠠ᠃ ᠳ᠋ᠠ ᠲᠠᠩ᠂ ᠤᠮᠠᠷᠠᠲᠤ ᠶᠢᠨ ᠴᠠᠬᠢᠯᠭᠠᠨ ᠦᠢᠯᠡᠳᠪᠦᠷᠢ ᠶᠢᠨ    ︽ᠬᠤᠣᠰ ᠪᠡᠯᠡ ᠣᠷᠣᠭᠤᠯᠤᠯᠲᠠ︾᠎ ᠶᠢ ᠪᠡᠶᠡᠯᠡᠭᠦᠯᠵᠦ᠂ ᠴᠠᠭᠠᠨᠨᠠᠭᠤᠷ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠴᠠᠬᠢᠯᠭᠠᠨ ᠦᠢᠯᠡᠳᠪᠦᠷᠢ ᠠᠵᠢᠯ ᠡᠬᠢᠯᠡᠭᠦᠯᠵᠦ᠂ ᠬᠤᠸᠠ ᠳ᠋ᠢᠶᠠᠨ ᠤ ᠶᠢᠨ ᠱᠠᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠵᠢᠶᠠᠩᠰᠦ ᠶᠢᠨ ᠡᠨᠧᠷᠭᠢ ᠶᠢᠨ ᠤᠯᠠᠭᠠᠢ ᠴᠠᠬᠢᠯᠭᠠᠨ ᠦᠢᠯᠡᠳᠪᠦᠷᠢ ᠬᠢᠨᠠᠨ ᠵᠥᠪᠰᠢᠶᠡᠷᠡᠭᠳᠡᠵᠦ᠂ ᠵᠢᠩ ᠨᠧᠩ ᠲᠠᠪᠣᠨ ᠲᠠᠰᠣᠯᠭ᠎ᠠ ᠪᠠᠶᠢᠰᠢᠩ ᠴᠠᠬᠢᠯᠭᠠᠨ ᠦᠢᠯᠡᠳᠪᠦᠷᠢ ᠤᠯᠤᠰ ᠤᠨ ᠴᠢᠨᠠᠷ ᠰᠠᠶᠢᠲᠠᠢ ᠰᠢᠯᠢᠳᠡᠭ ᠢᠨᠵᠧᠨᠧᠷᠢᠩ ᠤᠨ ᠠᠯᠳᠠᠨ ᠱᠠᠩᠨᠠᠯ ᠢ ᠬᠦᠷᠳᠡᠵᠦ᠂ ᠪᠦᠬᠦ ᠠᠶᠢᠮᠠᠭ ᠤᠨ ᠢᠯᠴᠢ ᠶᠢᠨ ᠴᠠᠬᠢᠯᠭᠠᠨ ᠤ ᠴᠠᠬᠢᠯᠭᠠᠨ ᠭᠠᠷᠭᠠᠬᠤ ᠬᠡᠮᠵᠢᠶ᠎ᠡ ᠶᠢ 500 ᠳ᠋ᠦᠩᠰᠢᠭᠤᠷ ᠺᠢᠯᠣᠸᠠᠲ ᠴᠠᠭ ᠢ  ᠳᠠᠪᠠᠭᠤᠯᠵᠣ᠂ 20%᠎  ᠎ ᠪᠠᠷ ᠨᠡᠮᠡᠭᠳᠡᠭᠦᠯᠪᠡ᠃  ᠪᠦᠬᠦ ᠵᠢᠯ ᠳᠤ 1.1 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠬᠢᠮᠡᠯ ᠠᠯᠮᠠᠰ᠂ ᠪᠠᠯ ᠴᠢᠯᠠᠭᠤᠨ ᠴᠠᠬᠢᠯᠭᠠᠨ ᠲᠦᠢᠯ᠂ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠵᠡᠷᠭᠡ ᠨᠢᠭᠡ ᠪᠦᠯᠦᠭ ᠰᠢᠨ᠎ᠡ ᠪᠠᠷ ᠭᠦᠭᠵᠢᠨ ᠮᠠᠨᠳᠤᠭᠰᠠᠨ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ ᠰᠠᠯᠬᠢᠨ ᠬᠦᠴᠦᠨ ᠤ ᠮᠠᠰᠢᠨ ᠲᠣᠨᠣᠭᠯᠠᠯ ᠦᠢᠯᠡᠳᠬᠦ ᠬᠡᠪᠴᠢᠶ᠎ᠡ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠳᠠᠷᠳᠠᠩ ᠵᠠᠮ ᠢ ᠠᠩᠬ᠎ᠠ ᠠᠯᠬᠤᠮ  ᠪᠦᠷᠢᠯᠳᠦᠭᠦᠯᠵᠣ᠂ ᠬᠤᠶᠠᠷ ᠵᠤᠷᠪᠤᠰ ᠵᠢᠭᠤᠯᠴᠢᠯᠠᠯ ᠤᠨ ᠱᠤᠭᠤᠮ ᠨᠢ ︽ᠪᠥᠬᠦ ᠤᠯᠤᠰ ᠤᠨ 100 ᠰᠣᠳᠣᠨ ᠭᠤᠤᠯ ᠰᠡᠳᠦᠪᠲᠦ ᠵᠢᠭᠤᠯᠴᠢᠯᠠᠯ ᠤᠨ ᠱᠤᠭᠤᠮ︾ ᠪᠠ ︽ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠤᠯ ᠰᠡᠳᠦᠪᠲᠦ ᠵᠢᠭᠤᠯᠴᠢᠯᠠᠯ ᠤᠨ ᠱᠤᠭᠤᠮ︾᠎ ᠢᠶᠠᠷ ᠰᠣᠩᠭᠤᠭᠳᠠᠵᠤ  ᠂ ᠡᠷᠢᠶᠡᠨ ᠬᠤᠲᠠ ᠶᠢ ᠤᠯᠤᠰ ᠤᠨ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠣᠯᠭᠠᠨ ᠡᠭᠦᠳᠦᠨ ᠪᠠᠶᠢᠭᠤᠯᠪᠠ᠃ ᠪᠥᠬᠦ ᠠᠶᠢᠮᠠᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 32.5 %᠎ ᠪᠠᠷ ᠨᠡᠮᠡᠭᠳᠡᠭᠦᠯᠪᠡ  ᠃    ︵ᠵᠢᠷᠭᠤᠭ᠎ᠠ︶ ᠬᠤᠲᠠ ᠬᠥᠳᠡᠭᠡ ᠶᠢ ᠨᠢᠭᠡᠳᠦᠯᠲᠡᠶ  ᠲᠦᠯᠦᠪᠵᠢᠭᠦᠯᠦᠨ ᠬᠥᠭᠵᠢᠭᠦᠯᠬᠦ  ᠠᠵᠢᠯ ᠢ ᠭᠦᠨᠵᠡᠭᠡᠶ ᠠᠬᠢᠭᠤᠯᠪᠠ᠃ 16 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ 90 ᠬᠠᠭᠤᠴᠢᠨ ᠰᠠᠭᠤᠭᠠᠯᠢ ᠠᠷᠠᠳ ᠎ ᠤᠨ ᠲᠣᠭᠤᠷᠢᠭ ᠢ ᠥᠭᠡᠷᠡᠴᠢᠯᠡᠨ ᠵᠠᠰᠠᠵᠣ᠂ 500 ᠢᠵᠢ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠪᠡ᠃ 1563 ᠺᠢᠯᠣᠮᠧᠲᠷ  ᠣᠷᠳᠣ ᠵᠠᠰᠠᠮᠠᠯ ᠵᠠᠮ ᠢ ᠰᠢᠨ᠎ᠡ ᠪᠠᠷ ᠦᠷᠭᠦᠯᠵᠢᠯᠡᠨ ᠵᠠᠰᠠᠵᠤ᠂ 3 ᠵᠤᠷᠪᠤᠰ ᠭᠤᠤᠯᠳᠠᠯᠭ᠎ᠠ ᠲᠠᠢ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠬᠦᠪᠡᠭᠡᠳᠣ ᠰᠢᠷ᠎ᠠ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠰᠢᠭᠯᠠᠯᠲᠠ ᠳᠤ ᠣᠷᠣᠭᠤᠯᠵᠤ᠂ ᠰᠢᠯᠢ ᠶᠢᠨ ᠬᠤᠳᠠ ᠠᠴᠠ ᠲᠠᠢ ᠽᠢ ᠴᠧᠩ ᠬᠦᠷᠬᠦ ᠲᠦᠷᠭᠡᠨ ᠬᠤᠷᠳᠤᠴᠠᠲᠤ ᠲᠡᠮᠦᠷ ᠵᠠᠮ᠂ ᠵᠢᠨᠢᠩ — ᠲᠦᠩᠯᠢᠶᠣᠣ  ᠲᠡᠮᠦᠷ ᠵᠠᠮ ᠢ ᠴᠠᠬᠢᠯᠭᠠᠨᠵᠢᠭᠤᠯᠵᠦ ᠦᠭᠡᠷᠡᠴᠢᠯᠡᠨ ᠵᠠᠰᠠᠬᠤ᠂ ᠬᠤᠱᠢᠭ᠎ᠠ ᠠᠴᠠ ᠹᠧᠩ ᠨᠢᠩ ᠬᠦᠷᠬᠦ ᠲᠡᠮᠦᠷ ᠵᠠᠮ ᠤᠨ ᠳᠡᠰ ᠳᠡᠪᠰᠢᠭᠦᠯᠦᠨ ᠦᠭᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠪᠡ᠃ 6.79 ᠲᠦᠮᠡᠨ ᠬᠥᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠣ᠂ 2.7 ᠲᠦᠮᠡᠨ ᠡᠷᠦᠬᠡ ᠶᠢᠨ ᠬᠡᠷ ᠤᠨ ᠵᠣᠷᠯᠣᠩ ᠢ ᠥᠭᠡᠷᠡᠴᠢᠯᠡᠨ ᠵᠠᠰᠠᠵᠤ᠂ 82  ᠪᠠᠶᠢᠭᠤᠯᠣᠮᠵᠢᠳᠣ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠶᠢ ᠪᠡᠶᠡᠯᠡᠭᠦᠯᠪᠡ᠃ ᠠᠪᠠᠭ᠎ᠠ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠳᠤ 2.62 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂  36 ᠲᠥᠷᠥᠯ ᠵᠦᠢᠯ ᠢ ᠬᠡᠷᠡᠭᠵᠢᠭᠦᠯᠵᠦ᠂ ᠣᠲᠣ ᠦᠶ᠎ᠡ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠪᠠ ᠮᠠᠯ ᠲᠡᠵᠢᠭᠡᠪᠦᠷᠢ ᠶᠢ ᠨᠠᠶᠢᠳᠠᠨ ᠬᠠᠮᠢᠶᠠᠷᠤᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠵᠡᠷᠭᠡ ᠲᠠᠯ᠎ᠠ ᠪᠠᠷ ᠠᠰᠢᠭᠲᠠᠶ ᠲᠤᠷᠰᠢᠯᠭ᠎ᠠ ᠶᠢ ᠬᠠᠶᠢᠨ ᠰᠦᠪᠡᠭᠴᠢᠯᠡᠭᠰᠡᠨ ᠪᠠᠶᠢᠨ᠎ᠠ᠃     ︵ᠲᠤᠯᠤᠭ᠎ᠠ︶ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂  ᠪᠥᠬᠦ ᠣᠷᠣᠨ ᠤ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾ ᠲᠠᠪᠴᠠᠩ ᠤᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠬᠦᠢᠴᠡᠳᠬᠡᠵᠣ ᠪᠣᠯᠬᠤ ᠨᠣᠷᠮ᠎ᠠ ᠶᠢ 80%᠎ ᠳᠤ ᠬᠦᠷᠦᠭᠦᠯᠪᠡ᠃ ᠡᠷᠢᠶᠡᠨ ᠬᠤᠲᠠ ᠶᠢᠨ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠮᠠᠨ ᠤ ᠲᠠᠯ᠎ᠠ ᠶᠢᠨ 3 ᠬᠠᠪᠳᠠᠭᠠᠢ ᠳᠥᠷᠪᠡᠯᠵᠢᠨ ᠺᠢᠯᠣᠮᠧᠲᠷ ᠤᠨ ᠭᠤᠤᠯ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠦᠨᠳᠦᠰᠦᠨ ᠳᠡᠭᠡᠨ ᠳᠠᠭᠤᠰᠬᠠᠵᠤ᠂ ᠪᠥᠬᠦ ᠣᠷᠣᠨ ᠤ ᠠᠩᠬᠠᠳᠠᠭᠴᠢ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠪᠣᠳᠠᠲᠠᠶᠢᠵᠢᠭᠤᠯᠤᠨ ᠪᠣᠯᠪᠠᠰᠣᠷᠠᠭᠤᠯᠬᠤ ᠴᠡᠭ ᠵᠥᠪᠰᠢᠶᠡᠷᠡᠭᠳᠡᠪᠡ᠃ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠪᠣᠭᠤᠮᠲᠠ ᠪᠠᠷ ᠦᠩᠭᠡᠷᠡᠭᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ  ᠲᠡᠷᠭᠡᠨ ᠤ ᠲᠤᠭ᠎ᠠ ᠶᠢ 53.3%᠎ ᠪᠠᠷ ᠨᠡᠮᠡᠭᠳᠡᠭᠦᠯᠪᠡ︔ ᠵᠡᠭᠦᠨ ᠬᠠᠲᠠᠪᠴᠢ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ ᠲᠣᠭᠤᠷᠢᠭ ᠎ ᠲᠠᠬᠢ ᠥᠭᠡᠷᠡᠴᠢᠯᠡᠯᠲᠡ ᠶᠢᠨ ᠲᠥᠷᠥᠯ ᠵᠦᠢᠯ ᠢ 70 %᠎ ᠪᠠᠷ ᠪᠡᠶᠡᠯᠡᠭᠦᠯᠪᠡ ᠃ ᠪᠦᠬᠦ ᠵᠢᠯ ᠳᠤ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1926 ᠲᠦᠮᠡᠨ ᠲᠤᠨ ᠳᠤ  ᠭᠦᠷᠭᠡᠪᠡ᠃    ︵ ᠨᠠᠢᠮᠠ︶ ᠠᠷᠠᠳ ᠤᠨ ᠠᠮᠢᠳᠤᠷᠠᠯ ᠤᠨ ᠦᠢᠯᠡᠰ ᠢ ᠪᠦᠲᠦᠮᠵᠢᠳᠣ ᠪᠠᠲᠤᠯᠠᠭ᠎ᠠ ᠲᠠᠢ ᠪᠣᠯᠭᠠᠪᠠ᠃  7.46 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ 1.33 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.09%᠎ ᠶᠢᠨ ᠳᠣᠲᠣᠷ᠎ᠠ ᠬᠢᠵᠠᠭᠠᠷᠯᠠᠪᠠ᠃ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ  ᠂ ᠡᠮᠴᠢᠯᠡᠭᠡᠨ ᠤ ᠪᠦᠯᠦᠭᠯᠡᠯ 2᠎ ᠢ ᠪᠠᠶᠢᠭᠤᠯᠵᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ 25 ᠪᠠᠶᠢᠭᠤᠯᠵᠤ᠂ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠪᠦᠬᠦ᠋ᠢᠯᠡ ᠴᠣᠭᠴᠠ ᠶᠢᠨ ᠲᠠᠰ ᠳᠡᠪᠰᠢᠭᠦᠯᠬᠦ ᠲᠥᠷᠥᠯ ᠵᠦᠢᠯ ᠤᠨ ᠭᠤᠤᠯ ᠴᠣᠭᠴᠠ ᠶᠢᠨ ᠢᠨᠵᠧᠨᠧᠷᠢᠩ ᠤᠨ 70%᠎ ᠶᠢ ᠪᠡᠶᠡᠯᠡᠭᠦᠯᠪᠡ᠃ 77 ᠰᠤᠷᠭᠠᠭᠤᠯᠢ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ  ︽ᠪᠠᠭᠤᠷᠠᠢ ᠲᠠᠯ᠎ᠠ ᠪᠠᠨ ᠰᠢᠯᠢᠳᠡᠭᠵᠢᠬᠦᠯᠦᠨ ᠶᠠᠰᠣ ᠴᠢᠨᠠᠷ ᠢᠶᠠᠨ ᠳᠡᠭᠡᠭᠰᠢᠯᠡᠬᠦᠯᠬᠦ︾ ᠢᠨᠵᠧᠨᠧᠷᠢᠩ ᠢ ᠬᠡᠷᠡᠭᠵᠢᠭᠦᠯᠵᠣ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠨ ᠳᠡᠭᠡᠭᠰᠢᠯᠡᠭᠦᠯᠦᠭᠰᠡᠨ ᠨᠤᠷᠮ᠎ᠠ ᠶᠢ 97.2%᠎ ᠎ ᠲᠤ ᠬᠦᠷᠭᠡᠪᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 7᠎ ᠎ ᠶᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠠᠯᠪᠠᠨ ᠠᠴᠠ ᠡᠷᠬᠢᠯᠡᠭᠰᠡᠨ ᠴᠡᠴᠡᠷᠯᠢᠭ ᠲᠠᠬᠢ ᠬᠡᠦᠬᠡᠳ ᠤᠨ ᠡᠵᠡᠯᠡᠬᠦ ᠬᠠᠷᠢᠴᠠᠯ ᠢ 73 %᠎ ᠳᠤ  ᠬᠦᠷᠭᠡᠵᠣ᠂  ᠪᠦᠬᠦ ᠣᠷᠣᠨ ᠳᠤ ᠲᠡᠷᠢᠭᠦᠯᠡᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ  ᠎ ᠤᠨ ᠵᠢᠭᠠᠨ ᠰᠤᠷᠭᠠᠯᠲᠠ ᠶᠢ ᠴᠢᠩᠭᠠᠳᠬᠠᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ 29 ᠳᠤᠮᠳᠠᠳᠤ ᠪᠠᠭ᠎ᠠ ᠰᠤᠷᠭᠠᠭᠤᠯᠢ ᠶᠢᠨ 2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ  ᠭᠡᠷᠡᠭᠵᠢᠬᠦᠯᠪᠡ᠃ ᠣᠯᠠᠨ ᠲᠦᠮᠡᠨ ᠤ ᠰᠣᠶᠣᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠤᠯᠠᠭᠠᠨᠮᠥ᠋ᠴᠢᠷ ᠎ ᠨᠢ 349 ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠪᠡ᠃ ᠪᠥᠬᠦ ᠣᠷᠣᠨ ᠳᠤ ᠨᠠᠭᠠᠳᠤ ᠵᠠᠬ᠎ᠠ ᠶᠢᠨ  ᠠᠮᠢᠳᠣᠷᠠᠯ ᠎ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠬᠤᠲᠠ ᠬᠥᠳᠡᠭᠡ ᠳᠤ ᠨᠢᠭᠡᠳᠦᠯᠲᠡᠶ ᠲᠦᠯᠦᠪᠵᠢᠬᠦᠯᠬᠦ ᠶᠢ ᠤᠷᠢᠳᠠᠪᠠᠷ ᠪᠡᠶᠡᠯᠡᠭᠦᠯᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠤᠨ ᠱᠠᠲᠤᠨ ᠳᠤ ᠨᠢᠭᠡᠳᠦᠯᠲᠡᠶ ᠲᠦᠯᠦᠪᠵᠢᠬᠦᠯᠬᠦ ᠎ ᠶᠢ ᠪᠡᠶᠡᠯᠡᠭᠦᠯᠪᠡ᠃ ᠴᠡᠷᠢᠭ ᠎ ᠠᠴᠠ ᠬᠠᠯᠠᠭᠳᠠᠭᠰᠠᠳ ᠤᠨ ᠳᠥᠷᠪᠡᠳᠦᠭᠡᠷ ᠳᠡᠰ ᠤᠨ ᠦᠢᠯᠡᠴᠢᠯᠡᠭᠡᠨ ᠤ ᠪᠠᠲᠤᠯᠠᠭ᠎ᠠ ᠶᠢᠨ  ᠲᠣᠭᠳᠠᠯᠴᠠᠭ᠎ᠠ ᠶᠢ ᠨᠡᠶᠢᠳᠡᠮ  ᠬᠠᠮᠣᠷᠬᠤ ᠶᠢ ᠪᠡᠶᠡᠯᠡᠭᠦᠯᠪᠡ᠃ ᠥᠯᠥ ᠬᠥᠳᠡᠯᠬᠦ ᠬᠥᠷᠥᠩᠭᠡ ᠶᠢᠨ ᠦᠯᠡᠳᠡᠭᠳᠡᠵᠦ ᠢᠷᠡᠭᠰᠡᠨ ᠦᠨᠡᠮᠯᠡᠯ ᠢ  ᠬᠦᠢᠴᠡᠳᠭᠡᠬᠦ ᠪᠦᠬᠦᠯᠢ ᠴᠣᠭᠴᠠ ᠶᠢᠨ  ᠬᠦᠢᠴᠡᠳᠬᠡᠵᠣ ᠳᠠᠭᠤᠰᠬᠠᠭᠰᠠᠨ ᠨᠣᠷᠮ᠎ᠠ ᠶᠢ 86 %᠎ ᠎ ᠪᠠᠷ ᠳᠠᠪᠠᠭᠤᠯᠵᠣ  ᠂ ᠡᠭᠦᠨ ᠳᠤ ᠣᠷᠣᠨ ᠰᠠᠭᠤᠴᠠ ᠶᠢᠨ ᠦᠨᠡᠮᠯᠡᠯ ᠎ ᠢ  ᠬᠦᠢᠴᠡᠳᠬᠡᠵᠣ ᠳᠠᠭᠤᠰᠬᠠᠭᠰᠠᠨ ᠨᠣᠷᠮ᠎ᠠ  ᠎ ᠶᠢ 92.2%᠎ ᠲᠤ  ᠬᠦᠷᠭᠡᠵᠣ᠂ ᠪᠥᠬᠦ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠭᠳᠠᠪᠠ  ᠃     ︵ᠶᠢᠰᠦ︶ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ 5 ᠭᠠᠵᠠᠷ ᠣᠷᠣᠨ ᠤ ᠨᠢᠭᠡᠴᠡ ᠪᠠ 3 ᠭᠠᠴᠠᠭ᠎ᠠ ᠶᠢ ᠪᠥᠬᠦ ᠣᠷᠣᠨ ᠤ ᠵᠢᠷᠭᠤᠳᠤᠭᠠᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ︵ᠭᠠᠴᠠᠭ᠎ᠠ︶᠎ ᠪᠠᠷ ᠨᠡᠷᠡᠶᠢᠳᠪᠡ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾᠎ ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ  ᠨᠠᠮᠳᠠᠭᠤᠯᠣᠨ ᠰᠢᠢᠳᠪᠦᠷᠢᠯᠡᠭᠰᠡᠨ ᠨᠣᠷᠮ᠎ᠠ ᠶᠢ 97%᠎ ᠳᠤ  ᠬᠦᠷᠭᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠠᠮᠵᠢᠯᠲᠠ  ᠣᠯᠵᠣ᠂ ᠡᠷᠡᠭᠦᠦ ᠶᠢᠨ ᠬᠡᠷᠡᠭ ᠪᠠ ᠠᠮᠤᠷ ᠢ ᠬᠠᠮᠠᠭᠠᠯᠠᠬᠤ ᠬᠡᠷᠡᠭ ᠢ ᠲᠣᠰᠪᠣᠷᠢ 8.5% ᠪᠣᠯᠣᠨ 24.6%᠎ ᠪᠠᠷ  ᠪᠠᠭᠤᠷᠠᠭᠤᠯᠪᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ‌ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠡ᠊ᠨᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠦᠨ ᠤ ᠲᠤᠭ᠎ᠠ ᠶᠢ ᠲᠣᠰᠪᠣᠷᠢ 19.4% ᠪᠠ 64.7%᠎ ᠪᠠᠷ ᠪᠠᠭᠤᠷᠠᠭᠤᠯᠪᠠ᠃ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠰᠡᠷᠭᠡᠶᠢᠯᠡᠯᠲᠡ ᠶᠢ ᠪᠠᠬᠢᠵᠢᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂  ᠣᠷᠣᠨ ᠨᠤᠲᠤᠭ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠴᠡᠷᠢᠭ ᠠᠩᠭᠢ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠢ ᠰᠢᠨ᠎ᠡ ᠲᠠᠪᠰᠢᠯᠳᠠ ᠲᠠᠢ  ᠪᠣᠯᠭᠠᠪᠠ᠃ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ᠃     ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠨᠠᠷᠢᠯᠢᠭ ᠣᠨᠣᠴᠠᠲᠠᠶ ᠪᠠᠷ ᠪᠠᠷᠢᠮᠵᠢᠶᠠᠯᠠᠨ ᠬᠠᠷᠭᠤᠭᠤᠯᠵᠤ᠂  ᠵᠦᠷᠢᠶ᠎ᠡ ᠲᠣᠳᠠᠭᠳᠠᠯ ᠢᠶᠠᠨ ᠴᠠᠭ ᠲᠤᠬᠠᠢ ᠳᠤᠨᠢ ᠡᠷᠢᠨ ᠭᠠᠷᠭᠠᠵᠣ ᠬᠠᠷᠭᠤᠭᠤᠯᠣᠨ᠂ ︽ᠲᠦᠷᠪᠡᠡ ᠤᠬᠠᠮᠰᠠᠷ︾᠎ ᠎ ᠢᠶᠠᠨ  ᠪᠠᠬᠢᠵᠢᠭᠦᠯᠵᠣ᠂ ︽ᠲᠦᠷᠪᠡᠡ ᠢᠲᠡᠭᠡᠯ︾᠎ ᠢᠶᠠᠨ ᠪᠠᠳᠣᠳᠬᠠᠨ᠂   ︽ᠬᠤᠶᠠᠷ ᠢ ᠬᠠᠮᠠᠭᠠᠯᠠᠬᠤ︾᠎ ᠶᠢ ᠦᠨᠡᠨᠬᠦ ᠪᠡᠶᠡᠯᠡᠭᠦᠯᠪᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠠᠬᠢᠭᠤᠯᠵᠤ᠂ ᠲᠥᠪ ᠤᠨ ᠲᠣᠭᠤᠷᠢᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠎ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠤᠰᠬᠠᠶ ᠲᠣᠭᠤᠷᠢᠨ ᠪᠠᠶᠢᠴᠠᠭᠠᠯᠲᠠ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠥᠪᠯᠡᠷᠡᠭᠦᠯᠦᠨ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 9 ᠬᠤᠪᠢ ᠰᠠᠨᠠᠯ ᠰᠠᠨᠠᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ 5 ᠬᠤᠪᠢ ᠰᠠᠨᠠᠯ ᠳᠤᠷᠠᠳᠤᠯᠭ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ 119 ᠬᠤᠪᠢ ᠰᠠᠨᠠᠯ ᠳᠤᠷᠠᠳᠤᠯᠭ᠎ᠠ ᠶᠢ ᠪᠦᠬᠦᠨ ᠢ ᠬᠤᠭᠤᠴᠠᠭ᠎ᠠ ᠶᠣᠰᠣᠭᠠᠷ ᠭᠦᠢᠴᠡᠳᠬᠡᠨ ᠳᠠᠭᠤᠰᠬᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ︽ᠭᠤᠷᠪᠠᠨ ᠵᠦᠢᠯ ᠤᠨ ᠲᠦᠷᠢᠮ︾᠎ ᠢ ᠪᠥᠬᠦ ᠣᠷᠣᠨ ᠤ ᠠᠩᠬᠠᠳᠠᠭᠴᠢ ᠪᠦᠯᠦᠭ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠵᠢᠭᠰᠠᠭᠠᠨ ᠣᠷᠣᠭᠤᠯᠤᠭᠰᠠᠨ ᠴᠣᠷ ᠤᠨ ᠭᠠᠭᠴᠠ ᠵᠢᠱᠢᠶ᠎ᠡ ᠦᠵᠡᠭᠦᠯᠬᠦ ᠲᠥᠷᠥᠯ ᠵᠦᠢᠯ ᠪᠣᠯᠭᠠᠵᠣ᠂ ᠬᠠᠤᠯᠢ ᠪᠠᠷ ᠣᠷᠣᠨ ᠢᠶᠠᠨ ᠵᠠᠰᠠᠬᠤ ᠰᠢᠯᠭᠠᠨ ᠦᠨᠡᠯᠡᠯᠳᠡ ᠳᠤ ᠮᠠᠨ ᠤ ᠠᠶᠢᠮᠠᠭ ᠪᠥᠬᠦ ᠣᠷᠣᠨ ᠳᠠᠭᠠᠨ 2 ᠳ᠋ᠤᠭᠠᠷ ᠲᠤ ᠵᠢᠭᠰᠠᠭᠠᠭᠳᠠᠪᠠ᠃ ︽ᠠᠷᠪᠢᠯᠠᠨ ᠭᠠᠮᠨᠠᠬᠤ ︾  ᠦᠵᠡᠯ ᠰᠠᠨᠠᠭ᠎ᠠ ᠶᠢ ᠪᠠᠷᠢᠮᠲᠠᠯᠠᠵᠤ᠂ ᠪᠥᠬᠦ ᠠᠶᠢᠮᠠᠭ ᠤᠨ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠤᠨ ᠵᠠᠷᠤᠯᠭ᠎ᠠ ᠶᠢ 13.6%  ᠎ ᠪᠠᠷ ᠪᠠᠭᠤᠷᠠᠭᠤᠯᠪᠠ᠃     ᠡᠷᠬᠢᠯᠡᠭᠴᠢ ᠨᠠᠷ᠂ ᠭᠡᠰᠢᠭᠦᠳ ᠡ᠂ 2020 ᠣᠨ ᠤ ᠭᠤᠣᠯ ᠬᠠᠷᠠᠯᠲᠠ ᠡᠭᠦᠷᠭᠡ ᠶᠢ ᠠᠮᠵᠢᠯᠲᠠᠲᠠᠢ ᠪᠡᠶᠡᠯᠡᠭᠦᠯᠦᠭᠰᠡᠨ ᠨᠢ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠢᠯᠠᠯᠳᠠ ᠲᠠᠢ ᠪᠠᠷ  ᠳᠡᠭᠦᠰᠭᠡᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠰᠢᠢᠳᠪᠦᠷᠢᠯᠡᠭᠴᠢ ᠴᠢᠨᠠᠷᠲᠠᠢ ᠠᠮᠵᠢᠯᠲᠠ ᠪᠦᠲᠦᠮᠵᠢ ᠣᠯᠤᠭᠰᠠᠨ ᠢ ᠬᠠᠷᠠᠭᠤᠯᠵᠤ ᠪᠠᠶᠢᠭ᠎ᠠ ᠶᠣᠮ᠃ ᠲᠠᠪᠤᠨ ᠵᠢᠯ ᠤᠨ ᠲᠤᠷᠰᠢ᠂ ᠪᠦᠬᠦ ᠠᠶᠢᠮᠠᠭ ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠲᠠᠯ᠎ᠠ ᠪᠠᠷ ᠯᠠᠪᠳᠠᠭᠤᠨ ᠪᠠᠲᠤᠲᠠᠢ ᠣᠷᠣᠭᠰᠢᠯᠠᠪᠠ᠃ ᠨᠢᠭᠡ ᠳᠤ ᠠᠵᠤ ᠠᠬᠤᠶ ᠶᠢᠨ ᠪᠣᠳᠠᠲᠤ ᠬᠦᠴᠦᠨ ᠢ ᠲᠣᠭᠲᠠᠭᠤᠨ ᠢᠶᠠᠷ ᠳᠡᠭᠡᠭᠰᠢᠯᠡᠬᠦᠯᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠳᠤ ᠳᠤᠮᠳᠠᠴᠢ ᠪᠠᠷ 4.7%᠎ ᠪᠠᠷ  ᠨᠡᠮᠡᠭᠳᠡᠭᠦᠯᠵᠣ᠂  ᠤᠯᠤᠰ ᠤᠨ ᠳᠣᠲᠣᠭᠠᠳᠤ ᠶᠢᠨ ᠬᠥᠮᠦᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 1 ᠲᠦᠮᠡᠨ ᠳ᠋ᠣᠯᠯᠠᠷ ᠎ ᠠᠴᠠ  ᠲᠠᠪᠠᠭᠤᠯᠵᠣ᠂ ᠴᠥᠮ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠭᠠᠪᠠ︔ ᠣᠯᠠᠨ ᠨᠡᠶᠢᠲᠡ ᠶᠢᠨ ᠡᠩ ᠤᠨ ᠲᠥᠰᠦᠪ ᠣᠷᠣᠯᠭ᠎ᠠ ᠶᠢ ᠵᠢᠯ ᠳᠤ ᠳᠤᠮᠳᠠᠴᠢ ᠪᠠᠷ 6.8%  ᠎ ᠪᠠᠷ ᠨᠡᠮᠡᠭᠳᠡᠭᠦᠯᠵᠣ᠂ ᠶᠡᠷᠦᠩᠬᠡᠶ ᠬᠡᠮᠵᠢᠶ᠎ᠡ ᠨᠢ ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠎ ᠳᠤ ᠪᠥᠬᠦ ᠣᠷᠣᠨ ᠤ 7 ᠳ᠋ᠤᠭᠠᠷ ᠲᠤ ᠪᠠᠶᠢᠭᠰᠠᠨ ᠠᠴᠠ ᠪᠠᠨ 2020 ᠣᠨ ᠳᠤ 5 ᠳ᠋ᠤᠭᠠᠷ ᠪᠠᠶᠢᠷᠢᠨ ᠳᠤ ᠬᠦᠷᠲᠡᠯ᠎ᠡ ᠳᠡᠭᠡᠭᠰᠢᠯᠡᠭᠦᠯᠪᠡ᠃ ᠲᠠᠪᠤᠨ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ 580 ᠲᠥᠷᠥᠯ ᠵᠦᠢᠯ ᠢ ᠬᠡᠷᠡᠭᠵᠢᠭᠦᠯᠵᠦ᠂ ᠨᠡᠶᠢᠳᠡ 1933 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃  ᠬᠤᠶᠠᠷ ᠲᠤ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠭᠤᠷᠪᠠᠨ ᠠᠵᠤ  ᠦᠢᠯᠡᠰ ᠤᠨ ᠪᠦᠲᠦᠴᠡ ᠎ ᠶᠢ ︽ᠠᠷᠪᠠᠨ ᠬᠤᠶᠠᠳᠤᠭᠠᠷ ᠲᠠᠪᠤᠨ ᠵᠢᠯ︾ ᠎ ᠤᠨ ᠲᠥᠯᠥᠪᠵᠢᠭᠦᠯᠭᠡ ᠶᠢᠨ ᠰᠡᠭᠦᠯᠴᠢ ᠶᠢᠨ 16.4᠄ 44.6᠄ 39 ᠪᠠᠶᠢᠭᠰᠠᠨ ᠠᠴᠠ ᠪᠠᠨ 16.1᠄ 42.6᠄ 41.3  ᠪᠣᠯᠭᠠᠨ ᠬᠤᠪᠢᠷᠠᠭᠤᠯᠪᠠ᠃  ︽ᠬᠤᠨᠢ ᠶᠢ  ᠴᠦᠬᠡᠳᠭᠡᠨ ᠦᠬᠡᠷ ᠢ ᠨᠡᠮᠡᠭᠳᠡᠭᠦᠯᠬᠦ︾ ᠠᠵᠢᠯ ᠢᠯᠡᠳᠲᠡ ᠦᠷ᠎ᠡ ᠪᠦᠲᠦᠮᠵᠢ ᠣᠯᠵᠤ᠂  ᠬᠤᠨᠢᠨ ᠤ ᠲᠤᠭ᠎ᠠ ᠲᠣᠯᠣᠭᠠᠶ ᠶᠢ 1110 ᠲᠦᠮᠡ ᠪᠣᠯᠭᠠᠨ ᠪᠠᠭᠠᠰᠬᠠᠵᠤ᠂ ︽ᠠᠷᠪᠠᠨ ᠬᠤᠶᠠᠳᠤᠭᠠᠷ ᠲᠠᠪᠤᠨ ᠵᠢᠯ︾ ᠎ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 1/5᠎ ᠪᠠᠷ ᠬᠠᠰᠣᠭᠳᠠᠭᠤᠯᠵᠣ ᠂ ᠦᠬᠡᠷ ᠤᠨ ᠲᠤᠭ᠎ᠠ ᠲᠣᠯᠣᠭᠠᠶ ᠶᠢ 173 ᠲᠦᠮᠡ ᠳᠤ ᠬᠦᠷᠭᠡᠵᠦ᠂ ︽ᠠᠷᠪᠠᠨ ᠬᠤᠶᠠᠳᠤᠭᠠᠷ ᠲᠠᠪᠤᠨ ᠵᠢᠯ︾᠎ ᠎ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 1/4᠎ ᠪᠠᠷ ᠨᠡᠮᠡᠭᠳᠡᠭᠦᠯᠪᠡ᠃ ᠴᠡᠪᠡᠷ ᠡᠨᠧᠷᠭᠢ ᠶᠢᠨ ᠰᠤᠷᠪᠤᠯᠵᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠤᠯᠵᠤ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢ ᠳᠠᠬᠢᠨ ᠢᠶᠠᠷ ᠨᠡᠮᠡᠭᠳᠡᠬᠦᠯᠬᠦ ᠶᠢ ᠪᠡᠶᠡᠯᠡᠭᠦᠯᠵᠦ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯᠴᠢ ᠶᠢᠨ 1005 ᠲᠦᠮᠡᠨ ᠺᠢᠯᠣᠸᠠᠲ ᠪᠠᠶᠢᠭᠰᠠᠨ ᠠᠴᠠ ᠪᠠᠨ  2261 ᠲᠦᠮᠡᠨ ᠺᠢᠯᠣᠸᠠᠲ  ᠪᠣᠯᠭᠠᠨ ᠬᠦᠭᠵᠢᠬᠦᠯᠵᠣ᠂ ᠡᠭᠦᠨ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠡᠵᠡᠯᠡᠬᠦ ᠬᠠᠷᠢᠴᠠᠯ  ᠎ ᠢ 45%᠎ ᠳᠤ  ᠬᠦᠷᠭᠡᠪᠡ᠃ ᠨᠡᠭᠦᠷᠡᠰᠦᠨ ᠤ ᠭᠠᠷᠤᠯᠲᠠ ᠶᠢ 1 ᠳ᠋ᠦᠩᠰᠢᠭᠤᠷ ᠲᠣᠨ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠠᠶᠢᠮᠠᠭ ᠤᠨ ᠳᠣᠲᠣᠭᠠᠳᠤ ᠳᠤ  ᠰᠢᠯᠵᠢᠬᠦᠯᠦᠨ ᠰᠢᠩᠭᠡᠭᠡᠬᠦ ᠨᠣᠷᠮ᠎ᠠ ᠶᠢ 44%  ᠪᠣᠯᠭᠠᠨ ᠳᠡᠭᠡᠭᠰᠢᠯᠡᠭᠦᠯᠪᠡ᠃ ᠨᠢᠭᠡ ᠪᠦᠯᠦᠭ ᠥᠪᠡᠷᠮᠢᠴᠡ ᠣᠨᠴᠠᠯᠢᠭ ᠪᠦᠬᠦᠢ ᠳᠠᠪᠠᠭᠤᠯᠢᠭ ᠠᠵᠤ ᠦᠢᠯᠡᠰ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠎ ᠢ ᠬᠥᠭᠵᠢᠭᠦᠯᠦᠨ  ᠪᠣᠵᠠᠭᠠᠶᠢᠷᠠᠭᠤᠯᠪᠠ᠃ ᠭᠤᠷᠪᠠ ᠳᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠢᠯᠡᠷᠬᠡᠢ ᠦᠷ᠎ᠡ ᠪᠦᠲᠦᠮᠵᠢ ᠤᠯᠪᠠ᠃ ᠠᠮᠢ ᠠᠬᠤᠶ ᠶᠢᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠪᠠ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠪᠠ᠃ ᠬᠤᠶᠠᠷ ᠶᠡᠭᠡ ᠡᠯᠡᠰᠦᠷᠬᠡᠭ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠨᠡᠶᠢᠲᠡ 1000 ᠭᠠᠷᠤᠶ ᠲᠦᠮᠡᠨ ᠮᠥ ᠵᠠᠰᠠᠬᠤ ᠶᠢ ᠪᠡᠶᠡᠯᠡᠭᠦᠯᠵᠦ᠂ ᠪᠥᠬᠦ ᠠᠶᠢᠮᠠᠭ ᠤᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 50.1%᠎ ᠳᠤ ᠬᠦᠷᠦᠭᠦᠯᠵᠣ᠂ ︽ᠠᠷᠪᠠᠨ ᠬᠤᠶᠠᠳᠤᠭᠠᠷ ᠲᠠᠪᠤᠨ ᠵᠢᠯ︾᠎ ᠎ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 4.9 ᠵᠠᠭᠤᠨ ᠤ ᠬᠤᠪᠢ ᠶᠢᠨ ᠴᠡᠭ  ᠎ ᠢᠶᠠᠷ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠥᠬᠡᠶ ᠠᠭᠤᠷᠬᠠᠶ ᠶᠢ 56  ᠪᠠᠶᠢᠭᠤᠯᠵᠤ᠂ ᠡᠭᠦᠨ ᠳᠤ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢ 8  ᠪᠠᠶᠢᠭᠤᠯᠵᠤ᠂ ᠴᠦᠮ ᠪᠥᠬᠦ ᠣᠷᠣᠨ ᠤ ᠡᠮᠦᠨ᠎ᠡ ᠡᠩᠨᠡᠭᠡᠨ ᠳᠤ  ᠵᠢᠭᠰᠠᠭᠠᠭᠳᠠᠪᠠ᠃ ᠲᠦᠷᠪᠡ ᠎ ᠳᠤ ᠬᠥᠭᠵᠢᠯᠲᠡ  ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠪᠠ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠨᠡᠶᠢᠲᠡ 1300 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠠᠶᠢᠮᠠᠭ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠢ ᠣᠷᠳᠣ  ᠎ ᠶᠢ 2483 ᠺᠢᠯᠣᠮᠧᠲᠷ ᠲᠤ ᠭᠦᠷᠭᠡᠵᠣ᠂   ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 19.5%᠎ ᠪᠠᠷ ᠨᠡᠮᠡᠭᠳᠡᠭᠦᠯᠪᠡ︔ ᠬᠤᠶᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠢ 1551 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠣ᠂  ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 5813 ᠺᠢᠯᠣᠮᠧᠲᠷ ᠪᠥᠳᠥᠭᠡᠨ ᠪᠠᠶᠢᠭᠤᠯᠵᠤ᠂  ᠭᠤᠣᠯᠳᠠᠭᠤ ᠠᠶᠢᠮᠠᠭ ᠠᠴᠠ ᠣᠷᠣᠵᠣ ᠭᠠᠷᠬᠤ ᠨᠡᠪᠳᠡᠷᠠᠯ ᠤᠨ ᠵᠠᠮ᠂ ᠬᠤᠰᠢᠭᠤ ᠰᠢᠶᠠᠨ ᠬᠤᠳᠠ  ︵ᠣᠷᠣᠨ︶᠂ ᠬᠤᠶᠠᠷ ᠪᠣᠭᠤᠮᠲᠠ ᠳᠤ ᠴᠥᠮ ᠨᠢᠭᠡᠳᠦᠭᠡᠷ ᠳᠡᠰ ᠠᠴᠠ ᠳᠡᠭᠡᠭᠰᠢᠬᠢ ᠵᠠᠰᠠᠮᠠᠯ ᠵᠠᠮ  ᠨᠡᠪᠳᠡᠷᠡᠭᠦᠯᠪᠡ᠃ ᠴᠠᠬᠢᠯᠭᠠᠨ ᠲᠣᠣᠷ᠂ ᠤᠰᠤᠨ ᠠᠰᠢᠭᠯᠠᠯᠲᠠ᠂  ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠶᠡᠬᠡᠪᠡᠷ  ᠰᠠᠶᠢᠵᠢᠷᠠᠭᠤᠯᠪᠠ᠃ ᠲᠠᠪᠤ ᠳᠤ ᠬᠤᠳᠠ ᠬᠥᠳᠡᠭᠡ ᠶᠢᠨ ᠳᠦᠷᠢ ᠲᠦᠷᠬᠦ ᠎ ᠶᠢ ᠢᠯᠡᠳᠲᠡ ᠬᠤᠪᠢᠷᠠᠯᠲᠠ ᠲᠠᠢ ᠪᠣᠯᠭᠠᠪᠠ᠃ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠨᠡᠶᠢᠲᠡ 149 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠪᠥᠬᠦ ᠠᠶᠢᠮᠠᠭ ᠤᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.7%᠎ ᠳᠤ  ᠬᠦᠷᠭᠡᠪᠡ᠃ ᠮᠠᠯᠵᠢᠬᠤ ᠲᠠᠷᠢᠶᠠᠯᠠᠬᠤ ᠣᠷᠣᠨ ᠤ 1.43 ᠲᠦᠮᠡᠨ ᠡᠷᠦᠬᠡ ᠶᠢᠨ ᠨᠣᠷᠠᠮᠠᠷ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠠᠷᠢᠭᠤᠨ ᠴᠡᠪᠡᠷ ᠤᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ ᠶᠢ 41.5%᠎ ᠳᠤ  ᠭᠦᠷᠭᠡᠵᠣ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠪᠠᠶᠢᠭ᠎ᠠ ᠭᠠᠵᠠᠷ ᠲᠤ 4G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃  ᠵᠢᠷᠭᠤᠭ᠎ᠠ ᠳᠤ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠢ ᠦᠷᠭᠦᠯᠵᠢᠯᠡᠨ ᠰᠠᠶᠢᠵᠢᠷᠠᠭᠤᠯᠪᠠ᠃ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ ᠣᠷᠣᠯᠭ᠎ᠠ ᠶᠢ ᠵᠢᠯ ᠳᠤ ᠳᠤᠮᠳᠠᠴᠢ ᠪᠠᠷ 6.5% ᠪᠠ 9%᠎ ᠪᠠᠷ ᠨᠡᠮᠡᠭᠳᠡᠭᠦᠯᠪᠡ᠃ ᠨᠡᠶᠢᠲᠡ 44 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠣᠷᠣᠭᠤᠯᠵᠤ᠂ 8 ᠶᠠᠳᠠᠭᠤ ᠬᠦᠴᠢᠷᠳᠡᠯᠲᠡᠶ ᠬᠤᠰᠢᠭᠤ ᠰᠢᠶᠠᠨ᠂ 228 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ᠂ 5.2 ᠲᠦᠮᠡᠨ ᠳᠠᠩᠰᠠᠯᠠᠵᠣ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠠᠵᠢᠯ ᠣᠯᠭᠤᠯᠲᠠ᠂ ᠰᠤᠷᠭᠠᠨ ᠬᠥᠮᠦᠵᠢᠯ᠂  ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠪᠠ ᠨᠠᠰᠤᠵᠢᠯ ᠤᠨ ᠠᠰᠠᠷᠠᠮᠵᠢ ᠵᠡᠷᠭᠡ ᠡᠯ᠎ᠡ ᠲᠥᠷᠥᠯ ᠤᠨ ᠦᠢᠯᠡᠰ ᠢ ᠲᠦᠷᠭᠡᠨ ᠲᠠᠪᠰᠢᠯᠳᠠ ᠲᠠᠢ  ᠪᠣᠯᠭᠠᠪᠠ᠃ ︽ ᠠᠮᠤᠭᠤᠯᠠᠩ ᠰᠢᠯᠢ ᠶᠢᠨ ᠭᠤᠤᠯ ᠠᠶᠢᠮᠠᠭ︾᠎ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠥᠷᠭᠡᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ‌ᠨᠡᠮᠡᠭᠳᠡᠭᠦᠯᠪᠡ᠃     ᠥᠩᠭᠡᠷᠡᠭᠰᠡᠨ ᠲᠠᠪᠤᠨ ᠵᠢᠯ ᠤᠨ ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠂  ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠎ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠬᠠᠯᠠᠮᠵᠢᠯᠠᠯ ᠳᠡᠮᠵᠢᠯᠭᠡ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠠᠶᠢᠮᠠᠭ ᠤᠨ ᠨᠠᠮ ᠤᠨ ᠬᠤᠷᠢᠶ᠎ᠠ ᠪᠦᠬᠦ ᠠᠶᠢᠮᠠᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠲᠡᠮᠡᠴᠡᠭᠰᠡᠨ ᠤ ᠦᠷ᠎ᠡ ᠳ᠋ᠦᠩ  ᠮᠦᠨ᠂ ᠮᠥᠨᠴᠦ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠬᠦ ᠬᠦᠴᠦᠨ ᠢᠶᠠᠷ ᠢᠶᠠᠨ ᠬᠠᠪᠰᠤᠷᠤᠯᠴᠠᠵᠤ᠂ ᠬᠢᠨᠠᠯᠲᠠ ᠲᠠᠯᠪᠢᠵᠤ ᠳᠡᠮᠵᠢᠭᠰᠡᠨ ᠤ ᠦᠷ᠎ᠡ ᠳ᠋ᠦᠩ  ᠪᠣᠯᠣᠨ᠎ᠠ᠃ ᠡ᠊ᠨᠳᠡ ᠪᠢ ᠵᠠᠬᠢᠷᠭ᠎ᠠ ᠶᠢᠨ ᠡᠮᠦᠨ᠎ᠡ ᠠᠴᠠ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠠᠮᠵᠢᠯᠲᠠ ᠪᠠᠨ ᠳ᠋ᠦᠩᠨᠡᠬᠦ ᠶᠢᠨ ᠬᠠᠮᠲᠤ᠂  ᠣᠳᠣᠬᠠᠨ ᠤ ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠭᠠᠳᠠᠭᠠᠳᠤ ᠣᠷᠴᠢᠨ ᠳᠤ ᠪᠠᠰᠠ ᠮᠠᠰᠢ ᠣᠯᠠᠨ ᠲᠣᠭᠲᠠᠪᠤᠷᠢ ᠥᠬᠡᠶ ᠬᠦᠴᠦᠨ ᠵᠦᠢᠯ ᠣᠷᠣᠰᠢᠵᠤ᠂ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠮᠥᠨ ᠬᠦ ᠲᠦᠢᠯ ᠤᠨ ᠬᠠᠲᠠᠭᠤ ᠪᠡᠷᠬᠡ ᠪᠠᠶᠢᠭᠰᠠᠭᠠᠷ ᠭᠡᠳᠡᠭ ᠢ  ᠪᠢᠳᠡ ᠨᠡᠩ ᠰᠡᠷᠭᠡᠭ ᠢᠶᠠᠷ ᠣᠯᠵᠣ ᠳᠠᠨᠢᠭᠤᠰᠢᠲᠠᠢ ᠪᠠᠶᠢᠭ᠎ᠠ ᠶᠣᠮ᠃ ᠡᠨᠧᠷᠭᠢ ᠳᠤ ᠲᠦᠰᠢᠭᠯᠡᠬᠦ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠪᠦᠲᠦᠴᠡ ᠶᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠤᠭᠠᠳᠤᠶ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ᠂ ᠲᠤᠮᠤ ᠲᠦᠷᠦᠯ ᠵᠦᠢᠯ  ᠰᠢᠯᠢᠳᠡᠭ ᠰᠠᠶᠢᠨ ᠲᠦᠷᠦᠯ ᠵᠦᠢᠯ ᠢ ᠵᠠᠯᠭᠠᠯᠳᠤᠭᠤᠯᠬᠤ ᠲᠠᠯ᠎ᠠ ᠪᠠᠷ ᠬᠦᠴᠦᠨ ᠮᠡᠬᠦᠰᠳᠡᠵᠦ ᠪᠠᠶᠢᠬᠤ ᠎ ᠪᠠᠨ ᠪᠢᠳᠡ ᠲᠠᠨᠢᠬᠤ ᠴᠢᠬᠤᠯᠠᠲᠠᠢ ᠪᠠᠷ ᠪᠠᠷᠠᠬᠤ ᠦᠭᠡᠢ ᠪᠠᠰᠠ ᠮᠠᠨ ᠤ ᠠᠶᠢᠮᠠᠭ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠨᠥᠬᠦᠴᠡᠯ ᠬᠡᠪᠡᠷᠡᠭ ᠪᠣᠯᠬᠤᠷ ᠵᠠᠰᠠᠵᠤ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠡᠷᠴᠢᠮ ᠢ ᠴᠢᠩᠭᠠᠷᠠᠭᠤᠯᠬᠤ ᠠᠴᠠ ᠪᠢᠰᠢ ᠰᠣᠯᠠᠷᠠᠭᠤᠯᠵᠣ ᠪᠣᠯᠬᠤ ᠦᠭᠡᠶ ᠭᠡᠳᠡᠭ ᠢ ᠲᠠᠨᠢᠬᠤ ᠬᠡᠷᠡᠭᠲᠠᠢ ᠶᠣᠮ︔᡽ ᠡᠬᠢ ᠪᠠᠶᠠᠯᠢᠭ ᠣᠷᠴᠢᠨ ᠲᠣᠭᠤᠷᠢᠨ ᠪᠠ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠬᠢᠵᠠᠭᠠᠷᠯᠠᠯ ᠡᠳᠦᠷ ᠢᠷᠡᠬᠦᠶ᠎ᠡ ᠴᠢᠩᠭᠠᠷᠠᠵᠤ᠂ ᠠᠮᠢ ᠠᠬᠤᠶ ᠶᠢ  ᠣᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ ᠳᠤ ᠰᠢᠨ᠎ᠡ ᠰᠢᠪᠲᠤᠯᠤᠯᠲᠠ ᠲᠠᠢ ᠪᠣᠯᠭᠠᠬᠤ ᠴᠢᠬᠤᠯᠠᠲᠠᠶ ᠪᠠᠶᠢᠨ᠎ᠠ ᠭᠡᠳᠡᠭ ᠢ ᠨᠡᠩ ᠴᠤ ᠳᠠᠨᠢᠭᠤᠰᠢᠲᠠᠢ ᠶᠣᠮ᠃ ᠡᠭᠦᠨ ᠤ ᠬᠠᠮᠲᠤ᠂ ᠮᠠᠨ ᠤ ᠠᠶᠢᠮᠠᠭ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠪᠠᠰᠠ ᠵᠠᠷᠢᠮ ᠲᠣᠪᠤᠶᠢᠮ᠎ᠠ ᠳᠤᠲᠠᠭᠤᠳᠠᠯ ᠣᠷᠣᠰᠢᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠬᠠᠷᠢᠴᠠᠩᠭᠤᠶ ᠪᠠᠷ ᠬᠤᠴᠣᠷᠤᠩᠭᠤᠶ ᠪᠠᠶᠢᠵᠤ᠂ ᠢᠯᠠᠩᠭᠤᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠶ᠂ ᠴᠢᠳᠠᠪᠤᠷᠢᠲᠠᠨ ᠤ ᠪᠣᠭᠤᠮᠢ ᠬᠢᠵᠠᠭᠠᠷᠯᠠᠯ ᠤᠨ ᠠᠰᠠᠭᠤᠳᠠᠯ ᠲᠣᠪᠤᠶᠢᠮ᠎ᠠ ᠪᠠᠶᠢᠵᠤ᠂ ᠺᠠᠳ᠋ᠷ ᠤᠨ ᠡᠩᠨᠡᠭᠡᠨ ᠤ ᠣᠷᠣᠨ ᠪᠠᠶᠢᠷᠢ ᠳᠠᠪᠰᠢᠬᠤ ᠪᠠᠷ ᠮᠡᠷᠡᠶᠢᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠴᠤᠭ ᠵᠣᠷᠢᠭ ᠳᠤᠲᠠᠮᠠᠭ ᠪᠠᠶᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠪᠥᠬᠦ ᠠᠶᠢᠮᠠᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠦᠷᠭᠡᠨ ᠰᠠᠶᠢᠵᠢᠷᠠᠭᠤᠯᠬᠤ ᠴᠢᠬᠤᠯᠠᠲᠠᠶ ᠪᠠᠶᠢᠨ᠎ᠠ ᠬᠡᠬᠦ  ᠮᠡᠳᠦ᠃ ᠡᠭᠦᠨ ᠳᠤ ᠪᠢᠳᠡ ᠡᠷᠬᠡᠪᠰᠢ ᠠᠰᠠᠭᠤᠳᠠᠯ ᠳᠤ ᠰᠢᠭᠤᠳ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ  ᠪᠠᠶᠢᠭᠠᠳ ᠰᠠᠶᠢᠬᠠᠨ ᠰᠢᠢᠳᠪᠦᠷᠢᠯᠡᠬᠦ ᠴᠢᠬᠤᠯᠠᠲᠠᠢ ᠶᠣᠮ᠃     ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠭᠦᠭᠵᠢᠭᠦᠯᠦᠯᠳᠡ ᠶᠢᠨ ᠭᠤᠣᠯ ᠬᠠᠷᠠᠯᠲᠠ ᠡᠭᠦᠷᠭᠡ     ᠠᠶᠢᠮᠠᠭ ᠤᠨ ᠨᠠᠮ ᠤᠨ ᠬᠤᠷᠢᠶ᠎ᠠ ᠶᠢᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ  ᠭᠦᠭᠵᠢᠭᠦᠯᠦᠯᠳᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠣᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾᠎ ᠶᠢ ᠦᠨᠳᠦᠰᠦᠯᠡᠨ᠂ ᠪᠢᠳᠡ ︽ᠰᠢᠯᠢ ᠶᠢᠨ ᠭᠤᠤᠯ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠭᠦᠭᠵᠢᠭᠦᠯᠦᠯᠳᠡ ᠎ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ  ᠪᠣᠯᠣᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾᠎ ᠶᠢ ᠨᠠᠶᠢᠷᠠᠭᠤᠯᠤᠨ ᠵᠣᠬᠢᠶᠠᠵᠤ᠂ ᠲᠣᠰ ᠤᠳᠠᠭᠠᠨ ᠤ ᠬᠤᠷᠠᠯ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠪᠡ᠃     ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ  ᠨᠢᠭᠡᠳᠦᠭᠡᠷ ᠲᠠᠪᠤᠨ ᠵᠢᠯ  ᠪᠣᠯᠣᠨ᠎ᠠ᠃ ᠪᠢᠳᠡ ᠰᠢᠨ᠎ᠡ ᠬᠥᠭᠵᠢᠯᠲᠡ ᠶᠢᠨ ᠱᠠᠲᠤ ᠦᠶ᠎ᠡ ᠎ ᠳᠤ ᠰᠠᠭᠤᠷᠢᠯᠠᠵᠣ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠪᠦᠷᠢᠨ ᠪᠦᠳᠦᠨ ᠣᠨᠣᠪᠴᠢᠲᠠᠢ ᠪᠦᠬᠦ ᠲᠠᠯ᠎ᠠ ᠪᠠᠷ ᠭᠦᠨᠵᠡᠭᠡᠶ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠣᠰᠣᠭᠠᠷ  ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ  ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠴᠣᠭᠴᠠᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠮᠢ ᠠᠬᠤᠶ ᠶᠢ ᠤᠷᠢᠳ ᠢᠶᠠᠷ  ᠪᠣᠳᠣᠯᠬᠢᠯᠠᠭᠰᠠᠨ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ  ᠵᠠᠮᠨᠠᠨ᠎ᠠ᠃     ᠭᠤᠤᠯ ᠬᠠᠷᠠᠯᠲᠠ ᠪᠣᠯ᠄ ᠲᠠᠪᠤᠨ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠲᠠᠮᠵᠢᠭᠤᠯᠣᠨ᠂ ︽ᠪᠣᠬᠢᠷᠲᠤᠯ ᠥᠬᠡᠶ ᠬᠥᠭᠵᠢᠭᠦᠯᠬᠦ᠂ ᠠᠷᠠᠳ ᠢᠶᠠᠨ ᠪᠠᠶᠠᠵᠢᠭᠤᠯᠵᠤ ᠠᠶᠢᠮᠠᠭ ᠎ ᠢᠶᠠᠨ ᠬᠦᠴᠦᠷᠬᠡᠭᠵᠢᠭᠦᠯᠬᠦ︾ ᠶᠡᠷᠦᠩᠬᠡᠶ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠪᠣᠳᠠᠲᠤ ᠠᠬᠢᠴᠠ ᠲᠠᠢ ᠪᠣᠯᠭᠠᠵᠣ᠂ ᠪᠥᠬᠦ ᠠᠶᠢᠮᠠᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠲᠥᠷᠥᠯ ᠤᠨ ᠠᠵᠢᠯ ᠦᠢᠯᠡᠰ ᠲᠤ ᠨᠠᠩ ᠶᠡᠭᠡ ᠰᠢᠨ᠎ᠡ ᠬᠥᠭᠵᠢᠯᠲᠡ ᠲᠠᠢ ᠪᠣᠯᠭᠠᠨ᠎ᠠ᠃ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ᠂ 6 ᠵᠦᠢᠯ ᠤᠨ  ᠬᠦᠢᠴᠡᠳᠭᠡᠯ ᠲᠤᠭ᠎ᠠ ᠶᠢ  ᠳᠤᠷᠠᠳᠴᠤ᠂ ᠡᠭᠦᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ ᠵᠢᠯ ᠳᠤ ᠳᠤᠮᠳᠠᠴᠢ ᠪᠠᠷ 5% ᠣᠷᠴᠢᠮ ᠨᠡᠮᠡᠭᠳᠡᠭᠦᠯᠵᠦ᠂ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ ᠵᠢᠯ ᠳᠤ ᠳᠤᠮᠳᠠᠴᠢ ᠪᠠᠷ 2% ᠣᠷᠴᠢᠮ ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠯ᠎ᠠ ᠪᠠᠷ᠂ 3 ᠵᠦᠢᠯ ᠤᠨ ᠬᠦᠢᠴᠡᠳᠭᠡᠯ ᠲᠤᠭ᠎ᠠ ᠶᠢ  ᠳᠤᠷᠠᠳᠴᠤ᠂ ᠡᠭᠦᠨ ᠳᠤ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠵᠢᠯ ᠳᠤ ᠳᠤᠮᠳᠠᠴᠢ ᠪᠠᠷ 12 %᠎ ᠢᠶᠠᠷ ᠨᠡᠮᠡᠭᠳᠡᠭᠦᠯᠦᠨ᠎ᠡ᠃ ᠠᠷᠠᠳ ᠤᠨ ᠠᠮᠢᠳᠤᠷᠠᠯ ᠤᠨ  ᠪᠣᠶᠠᠨ ᠵᠢᠷᠭᠠᠯ ᠤᠨ ᠲᠠᠯ᠎ᠠ ᠪᠠᠷ᠂ 7 ᠵᠦᠢᠯ ᠤᠨ ᠬᠦᠢᠴᠡᠳᠭᠡᠯ ᠲᠤᠭ᠎ᠠ ᠶᠢ ᠳᠤᠷᠠᠳᠴᠤ᠂ ᠡᠭᠦᠨ ᠳᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ  ᠪᠣᠯᠬᠤᠶᠢᠴᠢ ᠣᠷᠣᠯᠭ᠎ᠠ ᠶᠢ ᠵᠢᠯ ᠳᠤ ᠳᠤᠮᠳᠠᠴᠢ ᠪᠠᠷ 5% ᠣᠷᠴᠢᠮ ᠨᠡᠮᠡᠭᠳᠡᠭᠦᠯᠦᠨ᠎ᠡ᠃ ᠪᠣᠬᠢᠷᠲᠤᠯ ᠥᠬᠡᠶ ᠠᠮᠢ ᠠᠬᠤᠶ ᠶᠢᠨ ᠲᠠᠯ᠎ᠠ ᠪᠠᠷ᠂ 6 ᠵᠦᠢᠯ ᠤᠨ ᠬᠦᠢᠴᠡᠳᠭᠡᠯ ᠲᠤᠭ᠎ᠠ ᠶᠢ ᠳᠤᠷᠠᠳᠴᠤ᠂ ᠡᠭᠦᠨ ᠳᠤ ᠭᠠᠵᠠᠷ ᠣᠷᠣᠨ ᠤ ᠨᠢᠭᠡᠴᠢ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠱᠠᠭᠠᠷᠳᠠᠯᠭ᠎ᠠ ᠳᠤ ᠬᠦᠷᠭᠡᠨ᠎ᠡ᠃ ᠠᠮᠤᠷ ᠲᠦᠪᠰᠢᠨ ᠤ ᠪᠠᠲᠤᠯᠠᠭ᠎ᠠ ᠶᠢᠨ ᠲᠠᠯ᠎ᠠ ᠪᠠᠷ᠂ 2 ᠵᠦᠢᠯ ᠤᠨ ᠭᠦᠢᠴᠡᠳᠬᠡᠯ ᠲᠤᠭ᠎ᠠ ᠶᠢ ᠳᠤᠷᠠᠳᠴᠤ᠂ ᠡᠭᠦᠨ ᠳᠤ 2025 ᠣᠨ ᠪᠣᠯᠬᠤ ᠳᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 50 ᠳ᠋ᠦᠩᠰᠢᠭᠤᠷ ᠵᠢᠩ ᠳᠤ ᠬᠦᠷᠭᠡᠵᠦ᠂ ᠡᠨᠧᠷᠭᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 0.8 ᠳ᠋ᠦᠩᠰᠢᠭᠤᠷ ᠲᠣᠨ ᠪᠠᠷᠢᠮᠵᠢᠶᠠᠲᠤ ᠨᠡᠭᠦᠷᠡᠰᠦᠨ ᠳᠤ ᠬᠦᠷᠭᠡᠨ᠎ᠡ᠃ ᠳᠡᠭᠡᠷ᠎ᠡ ᠳᠤᠷᠠᠳᠤᠭᠰᠠᠨ ᠨᠡᠶᠢᠲᠡ 24 ᠵᠦᠢᠯ ᠤᠨ ᠭᠦᠢᠴᠡᠳᠬᠡᠯ ᠲᠤᠭ᠎ᠠ ᠶᠢᠨ ᠳᠣᠲᠣᠷ᠎ᠠ ᠵᠢᠱᠢᠯᠲᠡ ᠶᠢᠨ ᠴᠢᠨᠠᠷᠲᠠᠢ ᠭᠦᠢᠴᠡᠳᠬᠡᠯ ᠲᠤᠭ᠎ᠠ 16 ᠵᠦᠢᠯ᠂ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ 8 ᠵᠦᠢᠯ ᠪᠠᠶᠢᠵᠤ᠂ ᠣᠳᠣᠬᠠᠨ ᠤ ᠪᠠ ᠠᠯᠤᠰ ᠬᠡᠳᠦ ᠶᠢ ᠬᠠᠮᠲᠤ ᠳᠤᠨᠢ ᠬᠠᠷᠠᠭᠠᠯᠵᠠᠵᠤ᠂ ᠪᠣᠳᠠᠲᠤ ᠪᠠᠶᠢᠳᠠᠯ ᠪᠠ ᠪᠣᠯᠤᠮᠵᠢ ᠶᠢ ᠪᠣᠳᠣᠯᠬᠢᠯᠠᠵᠤ᠂ ᠪᠣᠳᠠᠲᠤ ᠬᠥᠭᠵᠢᠯᠲᠡ ᠶᠢᠨ ᠰᠠᠭᠤᠷᠢ ᠪᠠ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ  ᠢᠯᠡᠷᠡᠭᠦᠯᠦᠭᠰᠡᠨ ᠪᠠᠶᠢᠨ᠎ᠠ᠃ ᠳᠡᠭᠡᠷ᠎ᠡ ᠲᠣᠷᠠᠳᠣᠭᠰᠠᠨ ᠬᠠᠷᠠᠯᠲᠠ ᠶᠢᠨ ᠲᠣᠭᠤᠷᠢᠨ ᠳᠤ᠂ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄     ᠨᠢᠭᠡ ᠳᠤ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ  ᠳᠡᠪᠰᠢᠭᠦᠯᠬᠦ  ᠶᠢ ᠦᠷᠭᠦᠯᠵᠢᠯᠡᠨ ᠠᠬᠢᠭᠤᠯᠤᠨ᠎ᠠ᠃ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠶᠢᠮᠠᠭ ᠢᠶᠠᠨ ᠬᠥᠭᠵᠢᠭᠦᠯᠦᠨ ᠮᠠᠨᠳᠤᠭᠤᠯᠬᠤ  ︾ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡᠳᠦᠭᠡᠷ ᠦᠢᠯᠡᠳᠪᠦᠷᠢᠯᠡᠯ  ᠤᠨ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠬᠡᠯᠬᠢᠶᠡᠵᠢᠯ ᠤᠨ ᠲᠣᠭᠤᠷᠢᠨ ᠳᠤ  ᠰᠢᠨ᠎ᠡ ᠶᠢ ᠡᠭᠦᠳᠬᠦ ᠬᠡᠯᠬᠢᠶᠡᠵᠢᠯ ᠢ ᠪᠠᠶᠢᠷᠢᠯᠠᠭᠤᠯᠵᠤ᠂  ︽ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ︾᠎ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠨ᠂ ᠬᠥᠭᠵᠢᠯᠲᠡ ᠶᠢ ᠴᠢᠬᠤᠯᠠ ᠡᠯᠧᠮᠧᠨ᠋ᠲ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠪᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠲᠠᠯ᠎ᠠ ᠨᠤᠲᠤᠭ ᠤᠨ ᠠᠯᠠᠰᠢᠨ ᠬᠤᠨᠢᠨ ᠤ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠪᠦᠯᠦᠭᠯᠡᠯ᠂ ᠴᠢᠨᠠᠷ ᠰᠠᠶᠢᠲᠠᠶ ᠠᠯᠠᠰᠢᠨ ᠦᠬᠡᠷ ᠤᠨ ᠠᠵᠤ ᠦᠢᠯᠡᠰ ᠤᠨ ᠪᠦᠰᠡ᠂ ᠤᠨᠴᠠᠯᠢᠭᠳᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠪᠦᠰᠡ ᠶᠢ ᠶᠡᠬᠡᠪᠡᠷ ᠳᠥᠯᠭᠢᠨ ᠠᠬᠢᠭᠤᠯᠵᠤ᠂ ᠡᠭᠦᠯᠳᠡᠷ ᠤᠨ ᠢᠷᠡᠯᠲᠡ᠂  ᠰᠦ ᠰᠠᠭᠠᠯᠢ ᠶᠢᠨ ᠢᠷᠡᠯᠲᠡ᠂ ᠲᠡᠵᠢᠭᠡᠯ ᠡᠪᠡᠰᠦ ᠪᠣᠷᠳᠤᠭ᠎ᠠ ᠪᠠ ᠥᠨᠳᠥᠷ ᠤᠨᠠᠯᠲᠠ ᠲᠠᠢ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ︔ ᠪᠣᠬᠢᠷᠲᠤᠯ ᠥᠬᠡᠶ ᠠᠭᠤᠷᠬᠠᠶ᠂ ᠪᠣᠬᠢᠷᠲᠤᠯ ᠥᠬᠡᠶ ᠴᠠᠬᠢᠯᠭᠠᠨ ᠭᠠᠷᠭᠠᠬᠤ᠂ ᠪᠣᠬᠢᠷᠲᠤᠯ ᠥᠬᠡᠶ ᠴᠠᠬᠢᠯᠭᠠᠨ ᠬᠦᠷᠭᠡᠬᠦ ᠭᠤᠷᠪᠠᠨ ᠶᠡᠭᠡ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠴᠡᠪᠡᠷ ᠡᠨᠧᠷᠭᠢ ᠶᠢᠨ ᠪᠠᠲᠤᠯᠠᠭ᠎ᠠ ᠶᠢᠨ ᠰᠠᠭᠤᠷᠢᠨ ᠭᠠᠵᠠᠷ ᠢ ᠲᠦᠷᠭᠡᠳᠬᠡᠨ ᠪᠦᠲᠦᠭᠡᠨ ᠪᠠᠶᠢᠭᠤᠯᠤᠨ᠎ᠠ︔ ᠡᠨᠧᠷᠭᠢ ᠶᠢᠨ ᠬᠤᠷᠣᠭᠳᠠᠭᠤᠯᠤᠭ᠎ᠠ ᠪᠠᠷ ᠳᠣᠣᠷ᠎ᠠ᠂ ᠨᠡᠮᠡᠯᠲᠡ ᠦᠷᠳᠡᠭ ᠢᠶᠠᠷ ᠥᠨᠳᠥᠷ᠂ ᠵᠠᠬ᠎ᠠ ᠳᠡᠯᠭᠡᠭᠦᠷ ᠤᠨ ᠲᠠᠯᠳᠠ ᠬᠦᠴᠦᠨ ᠢᠶᠠᠷ ᠶᠡᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠢ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠲᠦᠰᠢᠭ  ᠲᠤᠯᠭᠠᠭᠤᠷᠢᠯᠠᠯ ᠪᠣᠯᠭᠠᠨ᠎ᠠ᠃     ᠬᠤᠶᠠᠷ ᠲᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠦᠨ᠎ᠡ᠃ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠭᠤᠯᠠ ᠤᠰᠤ ᠣᠶ ᠰᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠦᠯᠦᠪᠵᠢᠬᠦᠯᠦᠨ᠂ ᠨᠤᠲᠤᠭ ᠪᠡᠯᠴᠢᠭᠡᠷ ᠲᠤ ᠰᠢᠨ᠎ᠡ ᠪᠠᠷ ᠠᠭᠤᠷᠬᠠᠶ ᠨᠡᠭᠡᠭᠡᠬᠦ ᠥᠬᠡᠶ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠠᠮᠢ ᠠᠬᠤᠶ ᠶᠢᠨ ᠴᠢᠳᠠᠮᠵᠢᠳᠤ ᠣᠷᠣᠨ ᠳᠤ ᠠᠵᠤ ᠦᠢᠯᠡᠳᠪᠦᠷᠢ ᠶᠢᠨ ᠲᠥᠷᠥᠯ ᠵᠦᠢᠯ ᠢ  ᠲᠠᠬᠢᠵᠣ ᠪᠠᠶᠢᠷᠢᠰᠢᠭᠤᠯᠬᠤ ᠥᠬᠡᠶ᠂  ᠣᠲᠣ ᠶᠢᠨ ᠪᠠᠶᠢᠭ᠎ᠠ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠠᠮᠢ ᠠᠬᠤᠶ ᠶᠢ ᠵᠠᠰᠠᠨ ᠰᠡᠷᠭᠦᠭᠡᠬᠦ ᠶᠢ ᠪᠥᠬᠦ ᠲᠠᠯ᠎ᠠ ᠪᠠᠷ ᠠᠬᠢᠭᠤᠯᠵᠤ᠂ 3 ᠵᠢᠯ ᠤᠨ ᠬᠤᠭᠤᠴᠠᠭ᠎ᠠ ᠶᠢ ᠬᠡᠷᠡᠭᠯᠡᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠠᠶᠢᠮᠠᠭ ᠪᠣᠯᠭᠠᠨ ᠡᠭᠦᠳᠦᠨ ᠪᠠᠶᠢᠭᠤᠯᠵᠤ᠂ ᠨᠢᠭᠡ ᠪᠦᠯᠦᠭ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ  ᠰᠢᠶᠠᠨ ᠬᠤᠲᠠ  ︵ᠣᠷᠣᠨ︶᠎ ᠶᠢ ᠡᠭᠦᠳᠦᠨ  ᠪᠠᠶᠢᠭᠤᠯᠣᠨ᠎ᠠ᠃ ᠪᠣᠬᠢᠷᠲᠤᠯ ᠎ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠣᠷᠴᠢᠨ ᠲᠣᠭᠤᠷᠢᠨ ᠤ ᠴᠢᠨᠠᠷ  ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠡᠨᠧᠷᠭᠢ ᠶᠢᠨ ᠰᠤᠷᠪᠤᠯᠵᠢ ᠪᠠ ᠤᠰᠤᠨ ᠤ ᠡᠬᠢ ᠪᠠᠶᠠᠯᠢᠭ ᠤᠨ ᠬᠤᠷᠣᠭᠳᠠᠭᠤᠯᠤᠯ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ  ︽ᠬᠤᠣᠰ ᠡᠵᠡᠮᠳᠡᠯ︾᠎ ᠤᠨ ᠠᠵᠢᠯᠯᠠᠭ᠎ᠠ ᠶᠢ ᠴᠢᠩᠭ᠎ᠠ ᠬᠡᠷᠡᠭᠵᠢᠭᠦᠯᠵᠦ᠂ ᠡᠬᠢ ᠪᠠᠶᠠᠯᠢᠭ ᠢ ᠠᠷᠪᠢᠯᠠᠵᠤ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃     ᠭᠤᠷᠪᠠ ᠳᠤ ᠥᠭᠡᠷᠡᠴᠢᠯᠡᠯᠲᠡ ᠨᠡᠭᠡᠭᠡᠯᠳᠡ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠭᠤᠤᠯᠳᠠᠯᠭ᠎ᠠ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ  ᠂ ᠲᠥᠪ ᠭᠤᠤᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠦᠨᠡᠨᠴᠢ ᠢᠲᠡᠭᠡᠮᠵᠢᠲᠡᠶ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ᠪᠡᠭᠡᠵᠢᠩ ᠲᠢᠶᠠᠨᠵᠢᠨ ᠡᠾᠧᠪᠸᠢ᠂ ᠪᠦᠸᠧᠬᠠᠢ ᠲᠠᠩᠭᠢᠰ ᠤᠨ ᠡᠷᠬᠢᠨ ᠲᠣᠭᠤᠷᠢᠨ ᠳᠠᠬᠢ ᠬᠥᠭᠵᠢᠭᠰᠡᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠪᠦᠬᠦ ᠲᠠᠯ᠎ᠠ ᠪᠠᠷ ᠠᠭᠤᠰᠤᠯᠴᠠᠨ᠎ᠠ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠦᠨ᠂ ᠤᠮᠠᠷᠠᠰᠢ ᠨᠡᠭᠡᠭᠡᠯᠲᠡ ᠬᠢᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠳᠥᠷᠪᠡ ᠳᠤ ᠵᠣᠬᠢᠴᠠᠩᠭᠤᠶ ᠬᠥᠭᠵᠢᠯᠲᠡ ᠶᠢ ᠪᠠᠷᠢᠮᠲᠠᠯᠠᠨ᠂ ᠬᠤᠲᠠ ᠬᠥᠳᠡᠭᠡ ᠶᠢᠨ  ᠲᠦᠷᠢ ᠲᠦᠷᠬᠦ  ᠎ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ ᠂ ᠡᠯ᠎ᠡ ᠬᠤᠰᠢᠭᠤ ᠰᠢᠶᠠᠨ ᠬᠤᠲᠠ ︵ᠣᠷᠣᠨ︶᠎ ᠶᠢᠨ ᠵᠦᠷᠢᠶᠡᠴᠢᠯᠡᠭᠰᠡᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠦᠯᠦᠪᠵᠢᠭᠦᠯᠦᠨ ᠠᠬᠢᠭᠤᠯᠤᠨ᠎ᠠ᠃ ᠵᠠᠮ ᠬᠠᠷᠢᠯᠴᠠᠭ᠎ᠠ ᠪᠠ ᠡᠨᠧᠷᠭᠢ ᠶᠢᠨ ᠰᠤᠷᠪᠤᠯᠵᠢ᠂ ᠴᠢᠮᠡᠭᠡ  ᠬᠤᠯᠪᠣᠭᠠᠨ ᠤ ᠰᠦᠯᠵᠢᠶᠡᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠪᠦᠰᠡ ᠨᠤᠲᠤᠭ ᠤᠨ ᠥᠨᠳᠥᠷ ᠦᠷ᠎ᠡ ᠪᠦᠲᠦᠮᠵᠢ ᠲᠠᠢ ᠪᠠᠷ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃  ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠣᠯᠠᠨ  ᠱᠠᠲᠤ ᠳᠠᠪᠬᠤᠷᠭ᠎ᠠ ᠬᠤᠯᠪᠣᠭᠠᠯᠠᠨ ᠬᠥᠳᠡᠯᠦᠯᠴᠡᠭᠰᠡᠨ᠂ ᠣᠯᠠᠨ ᠭᠤᠭᠴᠤᠭ᠎ᠠ ᠴᠡᠭ ᠬᠠᠷᠢᠯᠴᠠᠨ ᠬᠥᠳᠡᠯᠦᠯᠴᠡᠭᠰᠡᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃     ᠲᠠᠪᠤ ᠳᠤ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃  ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠢᠶᠠᠨ ᠬᠢᠬᠦ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ  ᠎ ᠳᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ  ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠤᠨ᠎ᠠ᠃ ᠤᠯᠤᠰ ᠤᠨ ᠠᠮᠤᠷ ᠲᠦᠪᠰᠢᠨ ᠤ ᠶᠡᠷᠦᠩᠬᠡᠢ ᠴᠣᠭᠴᠠ ᠶᠢᠨ ᠦᠵᠡᠯᠲᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃     ᠭᠤᠷᠪᠠ᠂ 2021 ᠣᠨ ᠤ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ     2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ ᠵᠢᠯ ᠮᠥᠨ᠂ ᠮᠦᠨᠴᠦ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠣᠨ᠎ᠠ᠃  ᠦᠨᠦ ᠵᠢᠯ ᠤᠨ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠣᠰᠣᠭᠠᠷ᠂  ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠦ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ  ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠣᠯᠤᠨ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠪᠠᠲᠤ ᠰᠠᠭᠤᠷᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠨᠡᠷᠡᠲᠦ ᠳᠡᠮᠳᠡᠭᠳᠣ ᠶᠢᠨ ᠪᠦᠲᠦᠭᠡᠨ ᠪᠠᠶᠢᠭᠤᠯᠤᠯᠲᠠ ᠪᠠᠷ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠵᠣ᠂  ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠦᠯᠦᠪᠵᠢᠬᠦᠯᠦᠨ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠪᠠᠬᠢᠵᠢᠭᠦᠯᠵᠦ᠂ ᠠᠮᠢ ᠠᠬᠤᠶ ᠶᠢ ᠣᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠬᠢᠯᠡᠯᠳᠡ ᠶᠢᠨ ᠭᠠᠷᠤᠭ᠎ᠠ ᠪᠠᠨ ᠰᠠᠶᠢᠲᠤᠷ ᠡᠬᠢᠯᠡᠭᠦᠯᠬᠦ ᠶᠢ ᠦᠨᠡᠨᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ  ᠃     ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% ᠣᠷᠴᠢᠮ ᠢᠶᠠᠷ ᠨᠡᠮᠡᠭᠳᠡᠭᠦᠯᠦᠨ᠎ᠡ︔ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 6%᠎ ᠠᠴᠠ ᠳᠡᠭᠡᠭᠰᠢ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 5%᠎ ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ  ᠪᠤᠳᠠᠰ ᠤᠨ ᠵᠢᠵᠢᠭᠯᠡᠨ  ᠪᠤᠷᠤᠯᠠᠭᠤᠯᠬᠤ  ᠶᠡᠷᠦᠩᠬᠡᠢ ᠬᠡᠮᠵᠢᠶ᠎ᠡ ᠶᠢ 5.5% ᠣᠷᠴᠢᠮ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ  ︔ ᠭᠠᠵᠠᠷ ᠣᠷᠣᠨ ᠤ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠭᠢ ᠶᠢᠨ ᠬᠤᠷᠤᠭᠳᠠᠯ ᠢ 3%᠎ ᠪᠠᠷ ᠪᠠᠭᠤᠷᠠᠭᠤᠯᠤᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠤᠭᠤᠷᠢᠨ ᠳᠤ᠂ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄    ︵ᠨᠢᠭᠡ︶ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂  ᠲᠤᠬ ᠲᠡᠮᠳᠡᠭ ᠲᠣᠳᠣᠷᠬᠠᠶ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠨ᠎ᠠ     ᠠᠮᠢ ᠠᠬᠤᠶ ᠶᠢᠨ ᠬᠠᠮᠠᠭᠠᠯᠠᠯᠲᠠ ᠳᠤ ᠲᠦᠷᠢᠮ ᠢᠶᠠᠷ ᠬᠢᠵᠠᠭᠠᠷᠯᠠᠬᠤ ᠪᠠᠨ ᠴᠢᠩᠭᠠᠳᠬᠠᠨ᠎ᠠ᠃ ᠱᠢ ᠲᠠᠢ ᠹᠧᠩ ᠱᠦᠵᠢ ᠶᠢᠨ ᠳᠤᠷᠠᠳᠤᠭᠰᠠᠨ  ︽ᠲᠠᠪᠤᠨ ᠶᠠᠭᠤ ᠬᠢᠬᠦ︾ ᠭᠡᠰᠡᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠥᠬᠡᠶ ᠠᠵᠤ ᠦᠢᠯᠡᠰ ᠤᠨ ᠪᠠᠶᠢᠷᠢᠯᠠᠭᠤᠯᠤᠯᠲᠠ᠂ ᠬᠡᠪᠴᠢᠶ᠎ᠡ ᠪᠠ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠥᠬᠡᠶ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ᠂ ᠬᠠᠪᠤᠷ ᠤᠨ ᠤᠯᠠᠷᠢᠯ ᠳᠤ ᠪᠡᠯᠴᠢᠭᠡᠷ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ ᠂ ᠪᠣᠳᠠᠲᠤ ᠪᠠᠶᠢᠳᠠᠯ ᠲᠠᠢ ᠎ ᠪᠠᠨ ᠤᠶᠠᠯᠳᠤᠭᠤᠯᠤᠨ ᠪᠡᠯᠴᠢᠭᠡᠷ ᠤᠨ ᠳᠠᠭᠠᠭᠠᠴᠠ ᠳᠤ  ᠲᠤᠭᠢᠷᠠᠭᠤᠯᠤᠨ ᠮᠠᠯ ᠮᠠᠯᠵᠢᠬᠤ ᠠᠵᠢᠯ ᠤᠨ ᠵᠢᠯᠣᠭᠤᠳᠬᠤ ᠰᠠᠨᠠᠯ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠠᠷᠭ᠎ᠠ ᠵᠡᠷᠭᠡ ᠲᠦᠷᠢᠮ ᠢ ᠲᠣᠭᠲᠠᠭᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠭᠯᠠᠬᠤ ᠶᠢ ᠠᠬᠢᠭᠤᠯᠤᠨ᠎ᠠ᠃     ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠴᠢᠩᠭᠠᠳᠬᠠᠨ᠎ᠠ᠃  ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠬᠤᠲᠠ ︵ᠣᠷᠣᠨ︶ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠤᠯᠤᠰ ᠤᠨ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠲᠤᠷᠰᠢᠯᠲᠠ ᠶᠢᠨ ᠴᠡᠭ ᠢ ᠢᠳᠡᠪᠬᠢᠲᠡᠶ ᠪᠠᠷ ᠮᠡᠳᠡᠭᠦᠯᠦᠨ᠎ᠡ᠃ ᠳᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ᠂ ᠬᠡᠪᠴᠢᠶᠡᠵᠢᠭᠦᠯᠦᠭᠰᠡᠨ ᠣᠶ ᠰᠢᠭᠤᠶ ᠶᠢᠨ ᠲᠠᠯᠠᠪᠠᠶ ᠶᠢᠨ ᠲᠤᠷᠰᠢᠯᠲᠠ ᠶᠢᠨ ᠴᠡᠭ ᠵᠡᠷᠭᠡ ᠠᠮᠢ ᠠᠬᠤᠶ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 66 ᠲᠦᠮᠡᠨ ᠮᠥ ᠮᠣᠳᠣ ᠳᠠᠷᠢᠵᠤ ᠣᠶᠢᠵᠢᠭᠤᠯᠬᠤ᠂ ᠳᠠᠴᠢᠷᠳᠠᠭᠰᠠᠨ ᠪᠡᠯᠴᠢᠭᠡᠷ ᠢ 80 ᠲᠦᠮᠡᠨ ᠮᠥ ᠰᠡᠷᠭᠦᠭᠡᠬᠦ ᠶᠢ ᠪᠡᠶᠡᠯᠡᠭᠦᠯᠦᠨ᠎ᠡ᠃ ᠵᠠᠳᠠᠭᠠᠶ ᠨᠡᠭᠦᠷᠡᠰᠦᠨ ᠠᠭᠤᠷᠬᠠᠶ ᠪᠣᠯᠤᠨ ᠲᠣᠮᠣ ᠬᠡᠯᠪᠡᠷᠢ ᠶᠢᠨ ᠨᠡᠭᠦᠷᠡᠰᠦᠨ ᠤ ᠪᠤᠰᠤ ᠵᠠᠳᠠᠭᠠᠶ ᠠᠭᠤᠷᠬᠠᠶ ᠪᠠᠷ ᠭᠤᠤᠯᠳᠠᠯᠭ᠎ᠠ ᠪᠣᠯᠭᠠᠭᠰᠠᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠥᠬᠡᠶ ᠠᠭᠤᠷᠬᠠᠶ ᠶᠢ 70᠎ ᠠᠴᠠ ᠳᠡᠭᠡᠭᠰᠢ ᠳᠤ ᠬᠦᠷᠦᠭᠦᠯᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ ᠮᠠᠯᠲᠠᠭᠰᠠᠨ ᠬᠠᠶᠠᠭᠳᠠᠮᠠᠯ ᠨᠦᠬᠡ ᠶᠢ ᠵᠠᠰᠠᠬᠤ ᠲᠠᠯᠠᠪᠠᠶ ᠶᠢ 40 ᠬᠠᠪᠲᠠᠭᠠᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠳᠤ ᠬᠦᠷᠦᠭᠦᠯᠦᠨ᠎ᠡ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠢᠭᠡ ᠠᠴᠠ ᠵᠦᠢᠴᠢᠯᠡᠵᠦ ᠨᠦᠭᠦᠭᠡ ᠶᠢ ᠮᠡᠳᠡᠬᠦ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃     ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ᠎ᠡ᠃ ᠬᠦᠬᠡ  ᠤᠭᠲᠠᠷᠭᠤᠢ᠂ ᠬᠥᠬᠡᠮᠳᠦᠭ ᠤᠰᠤ᠂  ᠬᠦᠨᠳᠡᠰᠢ ᠦᠭᠡᠢ ᠬᠥᠷᠥᠰᠥ ᠶᠢ ᠬᠠᠮᠠᠭᠠᠯᠠᠬᠤ ᠪᠠᠶᠢᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠮᠠᠰᠢᠨ ᠲᠡᠷᠭᠡᠨ ᠤ ᠪᠣᠬᠢᠷᠲᠤᠯ ᠢ ᠵᠠᠰᠠᠬᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠤᠰᠤᠨ ᠤ ᠡᠬᠢ ᠰᠤᠷᠪᠤᠯᠵᠢ ᠶᠢᠨ ᠣᠷᠣᠨ ᠢ ᠳᠦᠷᠢᠮᠵᠢᠭᠦᠯᠦᠨ ᠪᠦᠳᠦᠭᠡᠨ ᠪᠠᠶᠢᠭᠤᠯᠬᠤ ᠵᠡᠷᠭᠡ ᠠᠵᠢᠯ ᠢ ᠰᠠᠶᠢᠲᠤᠷ ᠠᠳᠬᠤᠨ᠎ᠠ᠃ ᠢᠯᠠᠯᠲᠠ ᠠᠭᠤᠷᠬᠠᠶ ᠶᠢᠨ ᠣᠷᠣᠨ ᠤ ᠪᠠᠷᠠᠭᠤᠨ ᠭᠤᠷᠪᠠᠳᠤᠭᠠᠷ ᠠᠭᠤᠷᠬᠠᠶ᠂ ᠪᠠᠷᠠᠭᠤᠨ ᠬᠤᠶᠠᠳᠤᠭᠠᠷ ᠠᠭᠤᠷᠬᠠᠶ ᠪᠠᠷ ᠭᠤᠤᠯᠳᠠᠯᠭ᠎ᠠ ᠪᠣᠯᠭᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠲᠦᠷᠭᠡᠳᠬᠡᠨ ᠠᠬᠢᠭᠤᠯᠤᠨ᠎ᠠ᠃     ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠨᠡᠭᠦᠷᠡᠰᠦᠲᠥ᠋ᠷᠥᠭᠴᠢ ᠶᠢᠨ ᠲᠠᠪᠬᠠᠷ ᠢᠰᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠬᠤ ᠠᠵᠢᠯ ᠢ ᠰᠠᠶᠢᠲᠤᠷ ᠬᠢᠨ᠎ᠡ᠃ ᠬᠠᠮᠤᠭ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠯᠡᠨ ᠡᠨᠧᠷᠭᠢ ᠶᠢᠨ ᠬᠤᠷᠤᠭᠳᠠᠯ ᠤᠨ  ︽ᠬᠤᠣᠰ ᠡᠵᠡᠮᠳᠡᠯ︾᠎ ᠤᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠦᠢᠯᠡᠰ ᠪᠠᠶᠢᠭᠤᠯᠬᠤ ᠵᠥᠪᠰᠢᠶᠡᠷᠡᠯ ᠤᠨ ᠰᠦᠷᠭᠡᠦ ᠵᠢᠭᠰᠠᠭᠠᠯᠲᠠ ᠶᠢ ᠪᠠᠶᠢᠭᠤᠯᠵᠤ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠭᠡᠭᠡᠭᠳᠡᠭᠦᠯᠵᠦ᠂ ᠡᠨᠧᠷᠭᠢ ᠶᠢᠨ ᠬᠤᠷᠤᠭᠳᠠᠯ ᠤᠨ ᠡᠯᠧᠮᠧᠨ᠋ᠲ ᠢ ᠪᠠᠭᠠᠰᠬᠠᠬᠤ ᠲᠤᠬᠢᠷᠠᠭᠤᠯᠤᠯᠳᠠ ᠶᠢ ᠪᠠᠲᠤᠯᠠᠵᠤ᠂ ᠡᠨᠧᠷᠭᠢ ᠶᠢᠨ ᠬᠤᠷᠤᠭᠳᠠᠯ ᠤᠨ ︽ᠬᠤᠣᠰ ᠡᠵᠡᠮᠳᠡᠯ︾᠎ ᠤᠨ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢᠨ  ᠲᠠᠪᠬᠤᠷ ᠢᠰᠦᠯ ᠡᠭᠦᠰᠭᠡᠬᠦ ᠣᠷᠭᠢᠯ ᠦᠶ᠎ᠡ ᠪᠡ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠰᠠᠭᠠᠷᠮᠠᠭᠵᠢᠭᠤᠯᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠤᠨ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠣᠳᠠᠲᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠭᠠᠳᠠᠭᠰᠢᠯᠠᠭᠤᠯᠤᠯᠲᠠ ᠶᠢ ᠬᠢᠨᠠᠨ ᠬᠡᠮᠵᠢᠬᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃     ︵ᠬᠤᠶᠠᠷ︶ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ     ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠵᠦ᠂ ︽ᠰᠢᠯᠢ ᠶᠢᠨ ᠭᠤᠤᠯ ᠠᠶᠢᠮᠠᠭ ᠤᠨ ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠠᠷᠭ᠎ᠠ ︵2021 — 2023 ᠣᠨ︶︾᠎ ᠶᠢ ᠨᠡᠶᠢᠲᠡᠯᠡᠨ᠂  ᠰᠢᠯᠢᠳᠡᠭ ᠡᠭᠦᠯᠳᠡᠷ ᠢ ᠦᠷᠡᠵᠢᠭᠦᠯᠬᠦ᠂ ᠲᠠᠷᠭᠤᠯᠠᠭᠤᠯᠬᠤ ᠵᠡᠷᠭᠡ ᠪᠠᠭᠤᠷᠠᠶ  ᠭᠤᠭᠴᠤᠭ᠎ᠠ ᠶᠢ ᠭᠤᠤᠯᠳᠠᠯᠭ᠎ᠠ ᠲᠠᠢ ᠲᠡᠳᠬᠦᠵᠦ᠂ ᠵᠢᠯ ᠤᠨ ᠳᠣᠲᠣᠷ᠎ᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ 180 ᠲᠦᠮᠡᠨ ᠲᠤᠯᠤᠭᠠᠢ ᠳᠤ ᠬᠦᠷᠦᠭᠦᠯᠦᠨ᠎ᠡ᠃ ᠤᠯᠤᠰ ᠠᠴᠠ ᠨᠤᠲᠤᠭ ᠤᠨ ᠠᠯᠠᠰᠢᠨ ᠬᠤᠨᠢᠨ ᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠴᠡᠪᠡᠷᠵᠢᠭᠦᠯᠦᠨ ᠰᠠᠶᠢᠵᠢᠷᠠᠭᠤᠯᠬᠤ᠂  ᠡᠷᠯᠢᠰᠡᠵᠢᠭᠦᠯᠦᠨ ᠪᠣᠷᠳᠣᠬᠤ᠂ ᠨᠠᠷᠢᠯᠢᠭ ᠴᠢᠨᠠᠷᠯᠢᠭ ᠡᠳ᠋ᠰᠢᠭᠦᠯᠬᠦ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ  ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠯᠢ ᠶᠢᠨ ᠭᠤᠤᠯ ᠬᠤᠨᠢ᠂ ᠰᠢᠯᠢ ᠶᠢᠨ ᠭᠤᠤᠯ ᠦᠬᠡᠷ᠂ ᠮᠣᠩᠭᠤᠯ ᠠᠳᠤᠭᠤ᠂ ᠰᠢᠯᠢ ᠶᠢᠨ ᠭᠤᠤᠯ ᠴᠠᠭᠠᠨ ᠢᠳᠡᠭᠡ ᠵᠡᠷᠭᠡ ᠤᠨᠴᠠᠯᠢᠬᠳᠤ ᠠᠵᠤ ᠦᠢᠯᠡᠰ ᠤᠨ ᠨᠠᠷᠠᠲᠤ ᠲᠡᠮᠳᠡᠭᠲᠦ ᠶᠢ ᠭᠤᠤᠯᠳᠠᠯᠭ᠎ᠠ ᠲᠠᠢ ᠪᠣᠶ ᠪᠣᠯᠭᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ᠎ᠡ᠃     ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠬᠦᠭᠵᠢᠭᠦᠯᠦᠨ᠎ᠡ᠃  ᠬᠤᠶᠠᠷ ᠵᠤᠷᠪᠤᠰ ᠣᠨᠴᠠ ᠥᠨᠳᠥᠷ ᠬᠦᠴᠦᠳᠡᠯᠲᠦ  ᠢᠵᠢ ᠪᠦᠷᠢᠳᠦᠭᠦᠯᠬᠦ ᠴᠠᠬᠢᠯᠭᠠᠨ ᠡᠭᠦᠰᠭᠡᠭᠴᠢ ᠶᠢᠨ ᠴᠡᠭ ᠤᠨ ᠪᠥᠳᠥᠭᠡᠨ ᠪᠠᠶᠢᠭᠤᠯᠤᠯᠲᠠ ᠶᠢ ᠱᠠᠯᠠᠪᠳᠠᠨ ᠲᠥᠯᠬᠢᠨ ᠠᠬᠢᠭᠤᠯᠵᠤ᠂ ᠱᠧᠨ ᠬᠤᠸᠠ ᠴᠠᠬᠢᠯᠭᠠᠨ ᠦᠢᠯᠡᠳᠪᠦᠷᠢ ᠶᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠴᠠᠬᠢᠯᠭᠠᠨ ᠤ ᠦᠢᠯᠡᠳᠪᠦᠷᠢ ᠪᠣᠯᠤᠨ ᠳᠡᠭᠡᠳᠦ ᠨᠠᠷᠢᠯᠢᠭ ᠬᠦᠡᠭᠬᠡᠨ ᠴᠠᠭᠠᠨ ᠤ ᠬᠠᠪᠲᠠᠰᠤᠨ ᠪᠦᠰᠡᠨ ᠤ ᠥᠪᠡᠷ ᠲᠡᠭᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠂ ᠵᠢᠶᠠᠩᠰᠦ ᠮᠤᠵᠢ ᠶᠢᠨ ᠡᠨᠧᠷᠭᠢ ᠶᠢᠨ ᠤᠯᠠᠭᠠᠶ ᠶᠢᠨ ᠴᠠᠬᠢᠯᠭᠠᠨ ᠦᠢᠯᠡᠳᠪᠦᠷᠢ᠂ ᠬᠤᠸᠠ ᠳ᠋ᠢᠶᠠᠨ ᠶᠢᠨ ᠱᠠᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠠᠵᠢᠯ ᠡᠬᠢᠯᠡᠭᠦᠯᠦᠨ ᠪᠥᠳᠥᠭᠡᠨ ᠪᠠᠶᠢᠭᠤᠯᠬᠤ ᠶᠢ ᠲᠥᠯᠬᠢᠨ ᠠᠬᠢᠭᠤᠯᠵᠤ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 200 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠣᠨᠴᠠ ᠥᠨᠳᠥᠷ ᠬᠦᠴᠦᠳᠡᠯᠲᠦ ᠴᠠᠬᠢᠯᠭᠠᠨ ᠤ ᠢᠵᠢ ᠪᠦᠷᠢᠳᠦᠭᠦᠯᠬᠦ ᠬᠤᠶᠠᠳᠤᠭᠠᠷ ᠬᠤᠭᠤᠴᠠᠭᠠᠨ ᠤ ᠰᠠᠯᠬᠢᠨ ᠬᠦᠴᠦᠨ ᠤ ᠴᠠᠬᠢᠯᠭᠠᠨ ᠎ ᠤ ᠲᠥᠷᠥᠯ ᠵᠦᠢᠯ ᠢ ᠴᠤᠬᠤᠯᠠᠪᠤᠷᠢᠯᠠᠬᠤ ᠠᠵᠢᠯ ᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠪᠠᠷᠠᠭᠤᠨ ᠣᠷᠣᠨ ᠤ ᠬᠢᠯᠢ ᠳᠠᠭᠠᠤ ᠶᠢᠨ ᠡᠯᠡᠰᠦᠷᠬᠡᠭᠵᠢᠭᠰᠡᠨ ᠭᠠᠵᠠᠷ ᠣᠷᠣᠨ ᠤ ᠰᠢᠨ᠎ᠡ ᠡᠨᠧᠷᠭᠢ ᠶᠢᠨ ᠨᠡᠭᠡᠭᠡᠯᠳᠡ ᠬᠢᠭᠡᠳ ᠠᠮᠢ ᠠᠬᠤᠶ ᠶᠢ ᠰᠡᠷᠭᠦᠭᠡᠨ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠥᠯᠬᠢᠨ ᠠᠬᠢᠭᠤᠯᠵᠤ᠂ ᠱᠠᠩᠳᠤ ᠶᠢᠨ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠎ ᠤ ᠲᠠᠯᠠᠪᠠᠢ ᠪᠣᠯᠤᠨ ᠵᠢᠩ ᠨᠧᠩ ᠠᠪᠠᠭ᠎ᠠ ᠬᠤᠰᠢᠭᠤᠨ ᠤ ᠡᠯᠡᠰᠦᠷᠬᠡᠭ ᠭᠠᠵᠠᠷ ᠤᠨ ᠠᠮᠢ ᠠᠬᠤᠶ ᠶᠢ ᠵᠠᠰᠠᠬᠤ ᠭᠡᠷᠡᠯ ᠸᠣᠯᠲ ᠤᠨ ᠲᠥᠷᠥᠯ ᠵᠦᠢᠯ ᠤᠨ ᠠᠵᠢᠯ ᠡᠬᠢᠯᠡᠭᠦᠯᠦᠨ ᠪᠥᠳᠥᠭᠡᠨ ᠪᠠᠶᠢᠭᠤᠯᠬᠤ ᠶᠢ ᠲᠥᠯᠬᠢᠨ ᠠᠬᠢᠭᠤᠯᠤᠨ᠎ᠠ᠃ ᠯᠦ ᠰᠢᠨ ᠨᠡᠭᠦᠷᠡᠰᠦᠨ ᠠᠭᠤᠷᠬᠠᠶ᠂ ᠲᠠᠪᠤᠨ ᠲᠠᠰᠤᠯᠭ᠎ᠠ ᠪᠠᠶᠢᠰᠢᠩ ᠤᠨ ᠪᠠᠷᠠᠭᠤᠨ ᠨᠢᠭᠡᠳᠦᠭᠡᠷ ᠨᠣᠮᠧᠷᠲᠤ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠠᠶᠢᠮᠠᠭ ᠲᠤ 1.2 ᠳ᠋ᠦᠩᠰᠢᠭᠤᠷ ᠲᠣᠨ ᠲᠦᠭᠦᠬᠡᠶ ᠨᠡᠭᠦᠷᠡᠰᠦ ᠦᠢᠯᠡᠳᠪᠦᠷᠢᠯᠡᠨ᠎ᠡ᠃     ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠦᠴᠦᠯᠡᠨ ᠪᠤᠶᠢᠵᠢᠭᠤᠯᠤᠨ᠎ᠠ᠃ ᠭᠤᠤᠯᠯᠠᠬᠤ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠨᠢᠭᠡ ᠪᠦᠯᠦᠭ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠴᠢᠩᠭᠠᠳᠬᠠᠬᠤ ᠲᠥᠷᠥᠯ ᠵᠦᠢᠯ ᠢ ᠰᠦᠪᠡᠭᠴᠢᠯᠡᠨ ᠬᠡᠷᠡᠭᠵᠢᠭᠦᠯᠦᠨ᠎ᠡ᠃ ᠲᠠᠶᠢᠹᠦᠰᠧ ᠬᠤᠰᠢᠭᠤᠨ ᠤ ᠬᠡᠲᠦ ᠬᠠᠲᠠᠭᠤ ᠮᠠᠲ᠋ᠧᠷᠢᠶᠠᠯ᠂ ᠪᠠᠶᠠᠨᠬᠤᠸᠠ ᠬᠥᠩᠭᠡᠨ ᠴᠠᠭᠠᠨ ᠤ ᠰᠡᠭᠦᠯᠴᠢ ᠶᠢᠨ ᠡᠳ᠋ᠰᠢᠭᠦᠯᠭᠡ ᠵᠡᠷᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠠᠯᠬᠢᠨ ᠬᠦᠴᠦᠨ ᠤ ᠮᠠᠰᠢᠨ ᠤ ᠪᠦᠬᠦᠯᠢ ᠴᠤᠭᠴᠠᠯᠠᠪᠦᠷᠢ᠂ ᠨᠡᠷᠡᠨ ᠡᠨᠧᠷᠭᠢ ᠶᠢᠨ ᠲᠣᠨᠤᠭ ᠲᠥᠬᠦᠭᠡᠷᠦᠮᠵᠢ ᠵᠡᠷᠭᠡ ᠦᠢᠯᠡᠳᠬᠦ ᠦᠢᠯᠡᠰ ᠢ ᠢᠳᠡᠪᠬᠢᠲᠡᠶ ᠬᠥᠭᠵᠢᠭᠦᠯᠵᠦ᠂ ᠳᠡᠭᠡᠳᠦ ᠨᠠᠷᠢᠯᠢᠭ ᠬᠥᠩᠭᠡᠨ ᠴᠠᠭᠠᠨ ᠤ ᠬᠠᠪᠲᠠᠰᠤᠨ ᠪᠦᠰᠡ᠂ ᠬᠢᠮᠡᠯ ᠠᠯᠮᠠᠰ ᠤᠨ ᠬᠤᠶᠠᠳᠤᠭᠠᠷ ᠬᠤᠭᠤᠴᠠᠭ᠎ᠠ᠂ ᠪᠠᠯ ᠴᠢᠯᠠᠭᠤᠨ ᠴᠠᠬᠢᠯᠭᠠᠨ ᠲᠦᠢᠯ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠶᠤᠸᠠᠨ ᠤ ᠳᠡᠭᠡᠳᠦ ᠨᠡᠶᠢᠰᠯᠡᠯ ᠤᠨ ᠵᠤᠭᠠᠴᠠᠭᠰᠠᠳ ᠤᠨ ᠲᠥᠪ  ᠵᠡᠷᠭᠡ‌ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠢᠳᠡᠪᠬᠢᠲᠡᠶ ᠪᠠᠷ ᠴᠣᠭᠴᠠᠯᠠᠨ ᠪᠠᠶᠢᠭᠤᠯᠵᠤ᠂ ᠮᠠᠯᠴᠢᠨ ᠠᠶᠢᠯ ᠵᠢᠭᠤᠯᠴᠢᠯᠠᠯ ᠤᠨ ᠴᠡᠭ ᠢ ᠳᠦᠷᠢᠮᠵᠢᠭᠦᠯᠦᠨ ᠬᠥᠭᠵᠢᠭᠦᠯᠵᠦ᠂ ᠠᠮᠢ ᠠᠬᠤᠶ ᠶᠢᠨ ᠲᠠᠯ᠎ᠠ ᠨᠤᠲᠤᠭ ᠤᠨ ᠰᠣᠶᠣᠯ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠣᠷᠣᠨ ᠢ ᠲᠦᠷᠭᠡᠳᠬᠡᠨ ᠪᠠᠶᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠦᠭᠵᠢᠯᠲᠡ ᠶᠢ ᠵᠣᠷᠢᠭᠵᠢᠭᠤᠯᠵᠤ᠂ ᠡᠯ᠎ᠡ ᠲᠦᠷᠦᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠴᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠶᠢᠨ ᠠᠭᠤᠰᠤᠯᠴᠠᠯ ᠢ ᠠᠬᠢᠭᠤᠯᠤᠨ᠎ᠠ᠃     ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ᠴᠢᠬᠤᠯᠠ ᠶᠡᠭᠡ ᠲᠥᠷᠥᠯ ᠵᠦᠢᠯ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠠᠶᠢᠮᠠᠭ ᠤᠨ ᠲᠠᠰ ᠤᠨ 145 ᠭᠤᠤᠯᠳᠠᠯᠭ᠎ᠠ ᠲᠠᠢ ᠲᠥᠷᠥᠯ ᠵᠦᠢᠯ ᠢ  ᠪᠦᠬᠦ ᠲᠠᠯ᠎ᠠ ᠪᠠᠷ ᠠᠬᠢᠭᠤᠯᠵᠣ᠂ ᠵᠢᠯ ᠤᠨ ᠳᠣᠲᠣᠷ᠎ᠠ 310 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︽ᠬᠤᠶᠠᠷ ᠰᠢᠨ᠎ᠡ ᠨᠢᠭᠡ ᠴᠢᠬᠤᠯᠠ︾᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠠᠷᠠᠳ ᠤᠨ ᠠᠮᠢᠳᠤᠷᠠᠯ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠢ ᠨᠥᠭᠡᠴᠡᠯᠡᠬᠦ ᠠᠵᠢᠯ ᠢ ᠴᠢᠩᠭᠠᠳᠬᠠᠨ᠎ᠠ᠃ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ  ᠲᠦᠷᠦᠯ ᠤᠨ ᠵᠢᠭᠡᠯᠡᠯᠭᠡ ᠶᠢᠨ ᠲᠡᠮᠳᠡᠭᠲᠦ᠂ ᠡᠩ ᠤᠨ ᠵᠢᠭᠡᠯᠡᠯᠭᠡ ᠶᠢᠨ ᠲᠡᠮᠳᠡᠭᠲᠦ ᠵᠡᠷᠭᠡ ᠶᠢᠨ ᠪᠠᠯᠠ ᠮᠥᠩᠭᠦ ᠶᠢ ᠢᠳᠡᠪᠬᠢᠯᠡᠨ ᠣᠯᠵᠤ᠂ ᠨᠢᠭᠡ ᠪᠦᠯᠦᠭ ᠠᠵᠤ ᠠᠬᠤᠶ ᠨᠡᠶᠢᠭᠡᠮ ᠤᠨ ᠦᠷ᠎ᠡ ᠠᠰᠢᠭ ᠢᠶᠠᠷ ᠢᠯᠡᠷᠬᠡᠶ᠂ ᠡᠮᠦᠨᠡᠬᠢ ᠬᠤᠭᠤᠴᠠᠭᠠᠨ ᠳᠤ ᠪᠣᠯᠪᠠᠰᠤᠷᠠᠩᠭᠤᠶ ᠪᠣᠯᠤᠭᠰᠠᠨ ᠬᠡᠮᠵᠢᠶ᠎ᠡ ᠪᠠᠷ ᠥᠨᠳᠥᠷ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠰᠦᠪᠡᠭᠴᠢᠯᠡᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠬᠥᠬᠡᠮᠥ᠋ᠷᠡᠨ ᠤ ᠭᠤᠷᠪᠠᠯᠵᠢᠨ ᠬᠤᠶᠢᠭ ᠲᠤ ᠰᠢᠨᠵᠢᠯᠡᠨ ᠪᠠᠶᠢᠴᠠᠭᠠᠬᠤ ᠵᠡᠷᠭᠡ ᠠᠵᠠ ᠲᠣᠬᠢᠶᠠᠯ ᠢ ᠠᠰᠢᠭᠯᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠰᠢᠨ᠎ᠡ ᠲᠥᠷᠥᠯ ᠵᠦᠢᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃     ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠨ᠎ᠡ     ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃  ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ ᠣᠲᠣ ᠶᠢᠨ ᠪᠠᠶᠢᠭ᠎ᠠ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠷᠢᠯᠢᠭ ᠨᠠᠶᠢᠳᠠᠪᠤᠷᠢᠵᠢᠭᠤᠯᠵᠤ᠂ ᠨᠠᠷᠢᠯᠢᠭ ᠤᠨᠤᠪᠴᠢᠲᠠᠢ ᠠᠷᠭ᠎ᠠ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠲᠠᠬᠢᠨ ᠶᠠᠳᠠᠭᠤᠷᠠᠭᠤᠯᠬᠤ ᠦᠭᠡᠢ᠂ ᠶᠠᠳᠠᠭᠤᠷᠠᠮᠠᠷ ᠪᠠᠶᠢᠭ᠎ᠠ ᠬᠥᠮᠦᠨ ᠠᠮᠠ ᠶᠢ ᠶᠠᠳᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠰᠢᠶᠠᠨ ᠤ ᠬᠡᠪᠴᠢᠶᠡᠨ ᠤ ᠤᠨᠴᠠᠯᠢᠬᠳᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠶᠡᠬᠡᠪᠡᠷ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠ ᠨᠡᠶᠢᠭᠡᠮ ᠤᠨ ᠬᠢᠨ ᠤ ᠣᠷᠣᠯᠴᠠᠵᠤ ᠬᠠᠪᠰᠤᠷᠤᠨ ᠲᠡᠳᠬᠦᠬᠦ  ᠦᠢᠯᠡᠳᠦᠯ ᠢ ᠭᠦᠢᠴᠡᠳ ᠪᠠᠳᠠᠷᠠᠭᠤᠯᠵᠤ᠂  ᠬᠠᠮᠵᠢᠯᠴᠠᠨ ᠬᠠᠮᠲᠤ ᠪᠠᠷ ᠠᠰᠢᠭ ᠬᠦᠷᠳᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠢ ᠪᠣᠯᠭᠠᠨ᠎ᠠ᠃     ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃  ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠶ  ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠭᠠᠴᠠᠭ᠎ᠠ ᠲᠣᠰᠬᠤᠨ ᠤ ᠪᠠᠶᠢᠷᠢᠰᠢᠭᠤᠯᠤᠯᠲᠠ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠢᠯᠢᠳᠡᠭᠵᠢᠭᠦᠯᠵᠦ᠂ ᠤᠰᠤ ᠴᠠᠬᠢᠯᠭᠠᠨ ᠵᠠᠮ ᠨᠡᠪᠳᠡᠷᠡᠭᠦᠯᠭᠡ ᠴᠢᠮᠡᠭᠡ ᠬᠤᠯᠪᠣᠭ᠎ᠠ ᠵᠡᠷᠭᠡ ᠣᠯᠠᠨ ᠨᠡᠶᠢᠲᠡ ᠶᠢᠨ ᠰᠠᠭᠤᠷᠢ ᠲᠦᠭᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠰ ᠳᠡᠪᠰᠢᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠵᠣᠷᠯᠣᠩ ᠤᠨ ᠬᠤᠪᠢᠰᠬᠠᠯ︾᠎ ᠢ ᠲᠥᠷᠥᠯ ᠬᠤᠪᠢᠶᠠᠨ ᠡᠮᠬᠢ ᠵᠢᠷᠤᠮ ᠲᠠᠢ ᠪᠠᠷ ᠠᠬᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠤᠲᠠ ᠬᠥᠳᠡᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ  ᠪᠡᠨ‌‍ᠲ᠋ᠦ᠋ᠷᠭᠡᠳᠬᠡᠨ᠎ᠡ᠃     ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠠᠬᠢᠭᠤᠯᠤᠨ᠎ᠠ ᠃  ᠤᠷᠢᠳᠠᠪᠠᠷ ᠲᠤᠷᠰᠢᠯᠲᠠ ᠬᠢᠬᠦ᠂ ᠴᠡᠭ ᠢᠶᠠᠷ ᠨᠡᠶᠢᠳᠡᠮ ᠢ ᠳᠠᠶᠢᠴᠢᠯᠠᠬᠤ ᠶᠢ ᠪᠠᠷᠢᠮᠲᠠᠯᠠᠨ᠂ ᠠᠪᠠᠭ᠎ᠠ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠦᠷᠭᠦᠯᠵᠢᠯᠡᠨ ᠠᠬᠢᠭᠤᠯᠵᠤ᠂ ᠲᠠᠶᠢᠹᠦᠰᠧ ᠬᠤᠰᠢᠭᠤᠨ ᠤ ᠲᠤᠷᠰᠢᠯᠲᠠ ᠶᠢᠨ ᠴᠡᠭ ᠢ ᠡᠬᠢᠯᠡᠭᠦᠯᠵᠦ᠂ ᠤᠯᠠᠰᠢᠷᠠᠭᠤᠯᠵᠦ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠴᠢᠷᠮᠠᠶᠢᠨ ᠪᠣᠶ ᠪᠣᠯᠭᠠᠨ᠎ᠠ᠃ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠤᠪᠢ ᠣᠷᠣᠭᠤᠯᠬᠤ ᠲᠦᠷᠢᠮ ᠤᠨ ᠲᠤᠷᠰᠢᠯᠲᠠ ᠶᠢ ᠢᠳᠡᠪᠬᠢᠲᠡᠶ ᠥᠷᠨᠢᠭᠦᠯᠵᠦ᠂ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠡᠭᠦᠷᠭᠡ ᠶᠢ  ᠪᠡᠶᠡᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠ ᠦᠢᠯᠡᠴᠢᠯᠡᠭᠡᠨ ᠤ ᠭᠤᠤᠯ ᠴᠣᠭᠴᠠ ᠶᠢ ᠶᠡᠬᠡᠪᠡᠷ ᠪᠤᠶᠢᠵᠢᠭᠤᠯᠵᠤ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ  ᠪᠦᠬᠦᠶᠢᠯᠡ ᠬᠤᠰᠢᠭᠤ ᠰᠢᠶᠠᠨ ᠤ ᠲᠤᠷᠰᠢᠯᠲᠠ ᠶᠢᠨ ᠴᠡᠭ ᠎ ᠢ ᠳᠥᠯᠭᠢᠨ ᠠᠬᠢᠭᠤᠯᠬᠤ ᠠᠵᠢᠯ ᠢ ᠰᠠᠶᠢᠲᠤᠷ ᠠᠳᠬᠤᠨ᠎ᠠ᠃     ︵ᠲᠦᠷᠪᠡ︶ ᠰᠠᠭᠤᠷᠢ ᠨᠥᠬᠦᠴᠡᠯ ᠢ ᠦᠨᠡᠨᠬᠦ ᠰᠠᠶᠢᠵᠢᠷᠠᠭᠤᠯᠵᠤ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠶᠡᠬᠡᠪᠡᠷ ᠪᠠᠬᠢᠵᠢᠭᠦᠯᠦᠨ᠎ᠡ     ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠᠷ ᠶᠡᠷᠦᠩᠬᠡᠶᠢᠯᠡᠨ ᠵᠠᠬᠢᠷᠤᠭᠤᠯᠵᠤ᠂ ᠬᠤᠲᠠ ᠪᠠᠯᠭᠠᠰᠣᠨ ᠤ ᠡᠯ᠎ᠡ ᠲᠥᠷᠥᠯ ‍ᠤᠨ‌‍ᠲ᠋ᠥ᠋ᠯᠥᠪᠵᠢᠭᠦᠯᠭᠡ ᠶᠢ ᠥᠨᠳᠥᠷ ᠲᠦᠪᠰᠢᠨ ᠢᠶᠠᠷ ᠨᠠᠶᠢᠷᠠᠭᠤᠯᠤᠨ᠂ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠷᠢᠮᠵᠢᠶ᠎ᠠ ᠶᠢ  ᠳᠡᠭᠡᠭᠰᠢᠯᠡᠭᠦᠯᠬᠦ ᠬᠡᠪᠴᠢᠶ᠎ᠡ ᠶᠢ ᠥᠷᠭᠡᠳᠬᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢᠨ ᠲᠠᠰ ᠢ ᠳᠡᠭᠡᠭᠰᠢᠯᠡᠭᠦᠯᠬᠦ ᠴᠢᠳᠠᠪᠤᠷᠢ ᠶᠢ ᠥᠷᠭᠡᠳᠬᠡᠬᠦ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠠᠵᠤ ᠦᠢᠯᠡᠰ ᠤᠨ ᠪᠤᠶᠢᠵᠢᠭᠤᠯᠤᠯᠲᠠ ᠶᠢᠨ ᠪᠡᠯᠡᠳᠬᠡᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠡᠮᠬᠢ ᠵᠢᠷᠤᠮ ᠲᠠᠢ ᠠᠬᠢᠭᠤᠯᠵᠤ᠂  ᠵᠢᠯ ᠤᠨ ᠳᠣᠲᠣᠷ᠎ᠠ 69 ᠬᠠᠭᠤᠴᠢᠨ  ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ  ᠵᠦᠢᠯ ᠢ ᠰᠢᠨ᠎ᠡ ᠪᠠᠷ  ᠬᠡᠷᠡᠭᠵᠢᠬᠦᠯᠵᠣ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠭᠠᠨ ᠳᠠᠬᠢ ᠦᠯᠡᠳᠡᠭᠳᠡᠯ ᠦᠨᠡᠮᠯᠡᠯ ᠭᠦᠢᠴᠡᠳᠭᠡᠬᠦ᠂ ᠨᠤᠷᠠᠮᠠᠷ ᠣᠷᠣᠨ ᠰᠠᠭᠤᠴᠠ ᠶᠢ ᠥᠭᠡᠷᠡᠴᠢᠯᠡᠬᠦ ᠬᠤᠭᠤᠴᠠᠭ᠎ᠠ ᠠᠴᠠ ᠬᠡᠲᠦᠷᠡᠲᠡᠯ᠎ᠡ ᠲᠥᠪᠬᠢᠨᠡᠭᠦᠯᠦᠭᠰᠡᠨ ᠥᠬᠡᠶ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠰᠶᠢᠳᠪᠦᠷᠢᠯᠡᠨ᠎ᠡ᠃ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠪᠠᠯᠭᠠᠰᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃     ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃  ᠰᠢᠯᠢ ᠶᠢᠨ ᠬᠤᠳᠠ ᠠᠴᠠ ᠲᠠᠢ ᠽᠢ ᠴᠧᠩ ᠬᠦᠷᠬᠦ ᠲᠦᠷᠭᠡᠨ ᠬᠤᠷᠳᠤᠴᠠᠲᠤ ᠲᠡᠮᠦᠷ ᠵᠠᠮ᠂ ᠵᠢᠨᠢᠩ — ᠲᠦᠩᠯᠢᠶᠣᠣ  ᠲᠡᠮᠦᠷ ᠵᠠᠮ ᠢ ᠴᠠᠬᠢᠯᠭᠠᠨᠵᠢᠭᠤᠯᠵᠦ ᠦᠭᠡᠷᠡᠴᠢᠯᠡᠨ ᠵᠠᠰᠠᠬᠤ ᠪᠠ ᠵᠢᠨᠢᠩ ᠎ ᠤᠨ ᠬᠤᠶᠠᠳᠤᠭᠠᠷ ᠲᠡᠮᠦᠷ ᠵᠠᠮ ᠤᠨ ᠴᠢᠳᠠᠮᠵᠢ ᠶᠢ ᠦᠷᠭᠡᠳᠭᠡᠨ ᠦᠭᠡᠷᠡᠴᠢᠯᠡᠬᠦ᠂ ᠬᠤᠱᠢᠭ᠎ᠠ ᠠᠴᠠ ᠹᠧᠩ ᠨᠢᠩ ᠬᠦᠷᠬᠦ ᠲᠡᠮᠦᠷ ᠵᠠᠮ ᠤᠨ ᠳᠡᠰ ᠳᠡᠪᠰᠢᠭᠦᠯᠦᠨ ᠦᠭᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃  ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠤᠨ᠎ᠠ᠃ 1600 ᠺᠢᠯᠣᠮᠧᠲᠷ  ᠤᠷᠲᠦ ᠵᠠᠰᠠᠮᠠᠯ ᠵᠠᠮ ᠢ ᠰᠢᠨ᠎ᠡ ᠪᠠᠷ ᠦᠷᠭᠦᠯᠵᠢᠯᠡᠨ ᠵᠠᠰᠠᠵᠤ᠂ ᠮᠢᠩᠭᠠᠲᠦ ᠠᠴᠠ ᠰᠢᠨᠡᠪᠤᠯᠠᠭ ᠬᠥᠷᠬᠦ ᠵᠡᠷᠭᠡ 5 ᠵᠤᠷᠪᠤᠰ ᠭᠤᠤᠯᠳᠠᠯᠭ᠎ᠠ ᠲᠠᠢ ᠵᠠᠰᠠᠮᠠᠯ ᠵᠠᠮ ᠢ ᠨᠡᠪᠲᠡᠷᠡᠭᠦᠯᠬᠦ ᠪᠠᠷ ᠴᠢᠷᠮᠠᠶᠢᠨ᠎ᠠ᠃ 5G᠎ ᠶᠢᠨ ᠰᠠᠭᠤᠷᠢ ᠥᠷᠲᠡᠭᠡ ᠶᠢ 700 ᠪᠠᠶᠢᠭᠤᠯᠵᠤ᠂ ᠬᠤᠰᠢᠭᠤ ᠰᠢᠶᠠᠨ ᠬᠤᠲᠠ ︵ᠤᠷᠤᠨ︶᠎ ᠶᠢᠨ ᠲᠥᠪ ᠬᠤᠲᠠ ᠪᠠᠯᠭᠠᠰᠤ᠂ ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ᠂ ᠲᠣᠮᠣ ᠬᠡᠯᠪᠡᠷᠢ ᠶᠢᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ 5G᠎ ᠶᠢᠨ ᠲᠣᠤᠷ ᠰᠦᠯᠵᠢᠶ᠎ᠡ ᠪᠦᠷᠬᠦᠭᠦᠯᠬᠦ ᠶᠢ ᠪᠡᠶᠡᠯᠡᠭᠦᠯᠦᠨ᠎ᠡ᠃     ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠠᠰ ᠳᠡᠪᠰᠢᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠯ᠎ᠡ ᠲᠦᠷᠦᠯ ᠤᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠢ ᠨᠢᠭᠡᠳᠦᠯᠲᠡᠢ ᠲᠥᠯᠥᠪᠵᠢᠭᠦᠯᠦᠨ ᠨᠢᠭᠡᠳᠭᠡᠬᠦ ᠠᠵᠢᠯ ᠢ ᠦᠨᠡᠨᠬᠦ ᠰᠠᠶᠢᠲᠤᠷ ᠠᠳᠬᠤᠵᠤ᠂ ᠣᠷᠣᠨ ᠵᠠᠢ ᠶᠢᠨ ᠪᠠᠶᠢᠷᠢᠰᠢᠯ ᠪᠠ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠵᠦ᠂ ᠡᠷᠴᠢᠮᠵᠢᠭᠦᠯᠦᠭᠰᠡᠨ᠂ ᠪᠣᠬᠢᠷᠲᠤᠯ ᠦᠭᠡᠢ᠂ ᠣᠶᠤᠨᠵᠢᠭᠰᠠᠨ ᠥᠭᠡᠷᠡᠴᠢᠯᠡᠯᠲᠡ ᠶᠢ ᠳᠡᠮᠵᠢᠨ᠎ᠡ  ᠃ ᠵᠠᠬ᠎ᠠ ᠳᠡᠯᠭᠡᠭᠦᠷᠴᠢᠯᠡᠭᠰᠡᠨ ᠪᠠᠯᠠ ᠲᠣᠬᠢᠷᠠᠭᠤᠯᠭ᠎ᠠ ᠶᠢᠨ ᠵᠠᠭᠪᠤᠷ ᠢ ᠬᠡᠷᠡᠭᠯᠡᠨ᠂ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠭᠡᠷᠣᠮᠵᠢ ᠪᠠ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠲᠥᠷᠥᠯ ᠵᠦᠢᠯ ᠢ  ᠰᠠᠭᠤᠷᠢᠰᠢᠭᠤᠯᠣᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠎ ᠲᠠᠢ︾ ᠠᠵᠤ ᠠᠬᠤᠶᠢᠯᠠᠯ᠂  ᠬᠤᠴᠣᠷᠤᠩᠭᠤᠢ ᠥᠨᠳᠥᠷ ᠡᠨᠧᠷᠭᠢᠲᠦ ᠠᠵᠤ ᠠᠬᠤᠶᠢᠯᠠᠯ ᠢ ᠶᠡᠷᠦᠩᠭᠡᠶᠢᠯᠡᠨ ᠵᠠᠰᠠᠬᠤ ᠪᠠ ︽ᠦᠬᠦᠰᠢᠷᠡᠮᠡᠯ ᠠᠵᠤ ᠠᠬᠤᠶᠢᠯᠠᠯ︾᠎ ᠢ ᠴᠡᠪᠡᠷᠯᠡᠨ ᠳᠢᠭᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠬᠢ ᠪᠠᠶᠠᠯᠢᠭ ᠪᠣᠯᠤᠨ ᠬᠢᠵᠠᠭᠠᠷ ᠲᠠᠢ ᠬᠥᠭᠵᠢᠯᠲᠡ ᠶᠢᠨ ᠣᠷᠣᠨ ᠵᠠᠢ ᠶᠢ ᠪᠦᠲᠦᠮᠵᠢᠲᠡᠢ ᠠᠰᠢᠭᠯᠠᠨ ︽ᠲᠡᠷᠢᠬᠦᠨ ᠤ ᠦᠢᠯᠡᠳᠪᠦᠷᠢᠯᠡᠯ ᠤᠨ ᠬᠦᠴᠦᠨ ᠢ ᠰᠢᠯᠵᠢᠬᠦᠯᠦᠨ ᠣᠷᠣᠭᠤᠯᠵᠣ︾᠂ ᠬᠥᠭᠵᠢᠯᠲᠡ ᠶᠢᠨ ᠤᠳᠤᠷᠢᠳᠤᠮᠵᠢ ᠳᠤ  ᠨᠡᠶᠢᠴᠡᠬᠦ‍ ᠨᠢᠭᠡ ᠪᠦᠯᠦᠭ ᠰᠢᠨ᠎ᠡ ᠲᠦᠷᠦᠯ ᠵᠦᠢᠯ ᠰᠢᠯᠢᠳᠡᠭ ᠰᠠᠶᠢᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠳᠠᠪᠠᠭᠤᠯᠢᠭ ᠠᠵᠤ ᠦᠢᠯᠡᠰ᠂ ᠰᠢᠨ᠎ᠡ ᠪᠠᠷ ᠭᠦᠭᠵᠢᠨ ᠮᠠᠨᠳᠤᠭᠰᠠᠨ ᠠᠵᠤ ᠦᠢᠯᠡᠰ ᠤᠨ  ᠪᠦᠯᠦᠭᠯᠡᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶᠡᠰᠣ ᠶᠢ ᠤᠷᠲᠤᠳᠬᠠᠬᠤ ᠪᠠ ᠬᠤᠯᠪᠣᠭᠳᠠᠯᠲᠤ ᠠᠵᠤ ᠦᠢᠯᠡᠰ ᠤᠨ ᠨᠡᠪᠴᠢᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠲᠠᠯᠠᠪᠤᠷ ᠪᠣᠯᠭᠠᠨ ᠪᠥᠲᠥᠭᠡᠨ ᠪᠠᠶᠢᠭᠤᠯᠤᠨ᠎ᠠ᠃     ︵ᠲᠠᠪᠤ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠥᠭᠡᠷᠡᠴᠢᠯᠡᠯᠲᠡ ᠨᠡᠬᠡᠬᠡᠯᠳᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠳᠠᠰᠤᠷᠠᠯᠳᠠ ᠦᠬᠡᠢ ᠬᠦᠭᠵᠢᠭᠦᠯᠦᠨ᠎ᠡ     ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠶᠢᠮᠠᠭ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃ᠤᠨᠴᠠᠯᠢᠭᠳᠤ ᠳᠠᠪᠠᠭᠤᠯᠢᠭ ᠠᠵᠤ ᠦᠢᠯᠡᠰ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠥᠷᠥᠯ ᠵᠦᠢᠯ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠢᠨ᠎ᠡ ᠶᠢ ᠡᠭᠦᠳᠬᠦ ᠶᠢᠨ ᠴᠢᠳᠠᠪᠤᠷᠢ ᠶᠢ ᠳᠡᠭᠡᠭᠰᠢᠯᠡᠬᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠲᠣᠮᠳᠠ ᠪᠠᠭ᠎ᠠ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠤᠪᠢᠷᠠᠭᠤᠯᠬᠤ ᠶᠢ ᠲᠦᠷᠭᠡᠳᠬᠡᠨ᠎ᠡ᠃ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠠᠭᠤᠷᠢ ᠰᠤᠳᠤᠯᠤᠯ ᠤᠨ ᠵᠠᠷᠤᠳᠠᠯ ᠤᠨ ᠪᠡᠯᠡ ᠣᠷᠣᠭᠤᠯᠤᠯᠲᠠ ᠶᠢ ᠢᠳᠡᠭ ᠢᠳᠡᠭ ᠢᠶᠠᠷ ᠨᠡᠮᠡᠭᠳᠡᠭᠦᠯᠦᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ  ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠵᠤ᠂ ᠥᠷᠢᠰᠥᠯᠳᠦᠭᠦᠯᠦᠨ ᠲᠥᠷᠥᠯ ᠵᠦᠢᠯ ᠲᠣᠭᠲᠠᠭᠠᠬᠤ᠂ ᠬᠠᠨᠳᠤᠯᠭ᠎ᠠ ᠲᠠᠢ ᠪᠠᠷ ᠨᠠᠶᠢᠳᠠᠬᠤ᠂ ︽ᠵᠠᠷᠯᠢᠭ ᠭᠦᠯᠢᠶᠡᠨ ᠬᠤᠰᠢᠭᠤᠷᠠᠨ ᠠᠵᠢᠯᠯᠠᠬᠤ︾ ᠪᠠ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠠᠯᠠ ᠮᠥᠩᠭᠦ ᠶᠢ ᠰᠢᠭᠤᠳ ᠰᠠᠯᠭᠠᠨ ᠥᠭᠬᠦ ᠵᠡᠷᠭᠡ ᠲᠦᠷᠢᠮ ᠢ ᠬᠡᠷᠡᠭᠵᠢᠭᠦᠯᠦᠨ᠎ᠡ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠠᠨᠳᠤᠯᠭᠠᠲᠤ ᠴᠢᠨᠠᠷᠲᠠᠶ ᠪᠠᠷ ᠤᠶᠠᠨ ᠬᠠᠳᠠᠨ ᠢᠶᠠᠷ ᠣᠷᠣᠭᠤᠯᠤᠨ ᠠᠪᠴᠢᠷᠠᠵᠤ᠂ ︽1230 ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ︾ ︽ᠨᠠᠷᠠᠲᠤ ᠪᠠᠭᠰᠢ ᠨᠠᠷᠠᠲᠤ ᠡᠮᠴᠢ ᠨᠠᠷᠠᠲᠤ ᠬᠥᠮᠦᠰ ᠤᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢᠨ ᠢᠨᠵᠧᠨᠧᠷᠢᠩ︾᠎ ᠢ ᠯᠠᠪᠳᠠᠭᠤᠨ ᠪᠠᠲᠤᠲᠠᠶ ᠥᠷᠨᠢᠭᠦᠯᠵᠦ᠂ ᠴᠢᠳᠠᠪᠤᠷᠢᠲᠠᠨ ᠢ ᠤᠷᠮᠠᠰᠢᠭᠤᠯᠬᠤ᠂ ᠦᠨᠡᠯᠡᠬᠦ ᠪᠠ ᠪᠠᠲᠤᠯᠠᠬᠤ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ ᠤ ᠲᠥᠰᠦᠯ ᠢ ᠲᠣᠭᠲᠠᠭᠠᠵᠤ᠂ ᠬᠠᠷᠠᠯᠲᠠᠲᠤ ᠡᠭᠦᠷᠭᠡ᠂ ᠴᠠᠭ ᠤᠨ ᠭᠤᠭᠴᠤᠭ᠎ᠠ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠵᠢᠷᠤᠭ ᠳᠦᠰᠦᠯ ᠎ ᠢᠶᠠᠷ ᠠᠵᠢᠯᠯᠠᠭᠤᠯᠣᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃   ︽ᠮᠦᠩᠭᠡ ᠰᠣᠪᠠᠭ︾ ᠰᠦᠯᠵᠢᠶᠡᠨ ᠤ ᠡᠯ᠎ᠡ ᠲᠦᠷᠦᠯ ᠤᠨ ᠠᠵᠢᠯ ᠢ  ᠪᠥᠬᠦ ᠲᠠᠯ᠎ᠠ ᠪᠠᠷ ᠬᠡᠷᠡᠭᠵᠢᠭᠦᠯᠵᠦ᠂ ᠠᠶᠢᠮᠠᠭ ᠤᠨ ᠲᠣᠰ ᠱᠠᠲᠤᠨ ᠤ ᠣᠶᠤᠨᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠠᠩᠬᠢᠮ ᠢ ᠪᠠᠶᠢᠭᠤᠯᠤᠨ᠂ ᠪᠥᠬᠦ ᠣᠷᠣᠨ ᠤ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠶᠢᠳᠪᠦᠷᠢᠯᠡᠬᠦ︾ ᠲᠠᠪᠴᠠᠩ ᠤᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ᠂ ᠳᠠᠷᠤᠶᠢᠬᠠᠨ ᠭᠦᠢᠴᠡᠳᠭᠡᠬᠦ᠂ ᠨᠢᠭᠡ ᠯᠡ ᠣᠳᠠᠭ᠎ᠠ ᠳᠤ ᠭᠦᠢᠴᠡᠳᠭᠡᠬᠦ᠂  ᠲᠠᠨ ᠳᠤ ᠬᠠᠪᠰᠣᠷᠣᠮᠵᠢ ᠦᠵᠡᠭᠦᠯᠬᠦ ᠶᠢ ᠪᠡᠶᠡᠯᠡᠭᠦᠯᠦᠨ᠎ᠡ᠃ ᠪᠥᠬᠦ ᠣᠷᠣᠨ ᠤ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠤᠶᠢᠵᠢᠭᠤᠯᠬᠤ ᠲᠥᠯᠥᠪᠯᠡᠭᠡ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠎ᠠ᠃ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠲᠤᠰᠬᠠᠶ ᠵᠦᠢᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠪᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠨᠡᠯᠡᠨ ᠵᠢᠱᠢᠵᠦ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ     ᠭᠠᠳᠠᠭᠰᠢ ᠨᠡᠭᠡᠭᠡᠯᠳᠡ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠦᠷᠳᠡᠬᠡᠨ ᠤ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠷᠢᠶᠡᠨ ᠬᠤᠲᠠ ᠶᠢᠨ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠭᠠᠳᠠᠭᠠᠳᠤ ᠨᠡᠭᠡᠭᠡᠯᠲᠡ ᠬᠢᠬᠦ ᠶᠢ ᠢᠳᠡᠪᠬᠢᠯᠡᠨ ᠣᠯᠵᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠥᠷᠲᠡᠭᠡ ᠲᠠᠯᠠᠪᠤᠷ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠱᠣᠭᠤᠮ ᠪᠠ ᠤᠶᠤᠨᠲᠤ ᠪᠣᠭᠤᠮᠲᠠ ᠶᠢ ᠪᠠᠶᠢᠭᠤᠯᠤᠨ᠎ᠠ᠃  ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠵᠦ ᠡᠳ᠋ᠰᠢᠭᠦᠯᠬᠦ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ ᠵᠡᠷᠭᠡ ᠨᠡᠭᠡᠭᠡᠯᠲᠡᠲᠦ ᠬᠡᠯᠪᠡᠷᠢ ᠶᠢᠨ ᠠᠵᠤ ᠦᠢᠯᠡᠰ ᠢ ᠢᠳᠡᠪᠬᠢᠲᠡᠶ ᠪᠠᠷ ᠪᠤᠶᠢᠵᠢᠭᠤᠯᠤᠨ᠎ᠠ᠃ ᠪᠡᠭᠡᠵᠢᠩ ᠲᠢᠶᠠᠨᠵᠢᠨ ᠡᡁᠧᠪᠸᠢ᠂ ᠪᠦᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ ᠬᠦᠷᠢᠶ᠎ᠡ ᠴᠠᠷᠠᠭᠠᠨ ᠳᠤ ᠲᠦᠷᠭᠡᠨ ᠠᠭᠤᠰᠤᠯᠴᠠᠵᠤ᠂ ︽ᠰᠢᠯᠢ ᠶᠢᠨ ᠭᠤᠣᠯ᠂ ᠤᠯᠠᠭᠠᠨᠬᠠᠳᠠ᠂ ᠴᠤᠤ ᠶᠠᠩ᠂ ᠵᠢᠨᠵᠧᠦ︾᠎ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠂ ᠴᠢᠬᠤᠯᠠ ᠶᠡᠭᠡ ᠲᠦᠷᠦᠯ ᠵᠦᠢᠯ ᠤᠨ ᠬᠠᠮᠲᠤᠷᠠᠯᠴᠠᠭ᠎ᠠ᠂ ᠰᠠᠭᠤᠷᠢ ᠲᠥᠬᠦᠭᠡᠷᠦᠮᠵᠢ ᠶᠢ ᠵᠣᠯᠭᠠᠭᠤᠯᠬᠤ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠤᠨ᠎ᠠ᠃     ︵ᠵᠢᠷᠭᠤᠭ᠎ᠠ︶ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠬᠦᠢᠴᠡᠳ ᠬᠠᠩᠭᠠᠨ᠎ᠠ     ᠠᠵᠢᠯ ᠣᠯᠭᠤᠯᠲᠠ ᠶᠢ ᠲᠣᠭᠳᠠᠪᠣᠷᠢᠵᠢᠭᠤᠯᠣᠨ ᠥᠷᠭᠡᠳᠬᠡᠨ᠎ᠡ᠃ ᠳᠡᠭᠡᠳᠦ ᠶᠡᠭᠡ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ᠂ ᠠᠵᠢᠯ ᠤᠯᠬᠤ ᠳᠤ ᠬᠦᠴᠢᠷᠲᠡᠶ ᠬᠥᠮᠦᠰ ᠢ ᠨᠠᠷᠢᠯᠢᠭ ᠤᠨᠤᠪᠴᠢᠲᠠᠢ ᠪᠠᠷ ᠬᠠᠪᠰᠤᠷᠤᠨ ᠲᠡᠳᠬᠦᠬᠦ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠵᠣᠯᠭᠠᠭᠤᠯᠬᠤ ᠦᠢᠯᠡᠴᠢᠯᠡᠭᠡ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠪᠠᠨ ᠳᠠᠭᠠᠭᠠᠵᠤ ᠠᠵᠢᠯ ᠤᠯᠬᠤ ᠶᠢ ᠬᠠᠪᠰᠤᠷᠤᠨ ᠲᠡᠳᠬᠦᠬᠦ ᠵᠡᠷᠭᠡ ᠲᠤᠰᠬᠠᠶ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠭᠤᠤᠯᠳᠠᠯᠭ᠎ᠠ ᠲᠠᠢ ᠤᠯᠠᠨ ᠨᠡᠶᠢᠲᠡ ᠳᠤ ᠬᠠᠨᠳᠤᠭᠤᠯᠤᠨ ᠲᠤᠰᠬᠠᠶ ᠪᠤᠯᠪᠠᠰᠤᠷᠠᠯ ᠤᠨ ᠲᠥᠯᠥᠪᠯᠡᠭᠡ ᠶᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠠᠮᠢᠳᠤᠯᠢᠭ ᠢᠶᠠᠷ ᠠᠵᠢᠯ ᠤᠯᠬᠤ ᠶᠢ ᠳᠡᠮᠵᠢᠨ᠎ᠡ᠃ ᠪᠥᠬᠦ ᠵᠢᠯ ᠳᠤ ᠬᠤᠲᠠ ᠪᠠᠯᠭᠠᠰᠤ ᠶᠢᠨ 9400᠎ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ 7.2 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 5%᠎ ᠶᠢᠨ ᠳᠣᠲᠣᠷ᠎ᠠ ᠬᠢᠵᠠᠭᠠᠷᠯᠠᠨ᠎ᠠ᠃     ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ ᠶᠣᠰᠣ ᠮᠣᠷᠠᠯ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠠ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃  ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠬᠠᠭᠤᠯᠤᠨ ᠬᠥᠲᠥᠯᠦᠨ ᠵᠢᠯᠣᠭᠤᠳᠬᠤ᠂ ᠪᠠᠭᠰᠢ ᠶᠢᠨ ᠬᠢᠷᠢ ᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠠᠯᠪᠠᠨ ᠠᠴᠠ ᠡᠷᠭᠢᠯᠡᠭᠰᠡᠨ 8 ᠬᠡᠤᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠠᠶᠢᠮᠠᠭ ᠤᠨ ᠮᠣᠩᠭᠤᠯ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠪᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ ᠲᠣᠭᠲᠠᠭᠠᠯᠲᠠ ᠪᠠᠨ ᠰᠢᠯᠢᠳᠡᠭᠵᠢᠭᠦᠯᠬᠦ ᠶᠢ ᠳᠡᠮᠵᠢᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠ ᠡᠩ ᠤᠨ ᠰᠤᠷᠭᠠᠨ ᠬᠥᠮᠦᠵᠢᠯ ᠤᠨ ᠠᠭᠤᠰᠣᠯᠴᠠᠬᠤ ᠎ ᠶᠢ ᠠᠬᠢᠭᠤᠯᠵᠣ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠯᠳᠤᠬᠤ ᠴᠢᠨᠠᠷ ᠢ ᠨᠡᠮᠡᠭᠳᠡᠭᠦᠯᠦᠨ᠎ᠡ᠃ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠣᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠢᠨᠠᠯᠲᠠ᠂  ᠵᠠᠰᠠᠭ ᠵᠠᠬᠢᠷᠭᠠᠨ ᠤ ᠬᠢᠨᠠᠯᠲᠠ ᠶᠢᠨ ᠠᠵᠢᠯ ᠢ ᠲᠦᠯᠬᠢᠨ ᠠᠬᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃     ᠡᠩᠬᠡ ᠮᠡᠨᠳᠦ ᠰᠢᠯᠢ ᠶᠢᠨ ᠭᠤᠤᠯ ᠤᠨ ᠪᠠᠶᠢᠭᠤᠯᠤᠯᠲᠠ ᠶᠢ ᠠᠬᠢᠭᠤᠯᠤᠨ᠎ᠠ᠃ ︽ᠭᠤᠷᠪᠠᠨ ᠡᠮᠨᠡᠯᠭᠡ︾᠎ ᠶᠢᠨ ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠮᠴᠢᠯᠡᠭᠡᠨ ᠤ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠪᠠᠴᠢᠮ ᠠᠪᠤᠷᠠᠬᠤ ᠡᠭᠦᠳᠡᠨ ᠡᠮᠨᠡᠯᠭᠡ ᠶᠢᠨ ᠠᠰᠠᠷ ᠤᠨ ᠪᠠᠷᠢᠯᠭ᠎ᠠ ᠶᠢ ᠳᠠᠭᠤᠰᠬᠠᠵᠦ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠤᠯᠠᠮᠵᠢᠯᠠᠯᠲᠤ ᠡᠮᠴᠢᠯᠡᠭᠡᠨ ᠤ ᠮᠡᠷᠭᠡᠵᠢᠯ ᠤᠨ ᠠᠰᠠᠷ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠳᠠᠭᠤᠰᠬᠠᠵᠦ᠂ ᠠᠶᠢᠮᠠᠭ ᠬᠤᠰᠢᠭᠤ ᠬᠤᠶᠠᠷ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠲᠥᠬᠦᠭᠡᠷᠦᠮᠵᠢ ᠳᠣᠭᠢᠷᠠᠭᠤᠯᠬᠤ ᠨᠣᠷᠮ᠎ᠠ ᠶᠢ 90 %᠎ ᠠᠴᠠ ᠳᠡᠭᠡᠭᠰᠢ ᠳᠤ ᠬᠦᠷᠭᠡᠨ᠎ᠡ᠃ ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ ᠬᠥᠭᠵᠢᠭᠦᠯᠬᠦ ᠎ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠦᠨ᠎ᠡ᠃ ᠪᠦᠬᠦ ᠠᠷᠠᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃     ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠬᠠᠷᠠᠭᠠᠯᠵᠠᠯ ᠵᠡᠷᠭᠡ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠶ ᠲᠡᠭᠦᠯᠳᠡᠷᠵᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ  ᠤᠨ ᠨᠠᠰᠤᠵᠢᠯ ᠤᠨ ᠠᠰᠠᠷᠠᠮᠵᠢ ᠎ ᠶᠢᠨ ᠳᠠᠭᠠᠳᠬᠠᠯ ᠤᠨ ᠲᠤᠰᠢᠶᠠᠭ᠎ᠠ ᠦᠭᠡᠢ ᠦᠯᠡᠳᠡᠭᠳᠡᠯ ᠠᠰᠠᠭᠤᠳᠠᠯ ᠢ ᠡᠮᠬᠢ ᠵᠢᠷᠤᠮ ᠲᠠᠢ ᠰᠶᠢᠳᠪᠦᠷᠢᠯᠡᠨ᠎ᠡ᠃ ᠬᠡᠷ ᠲᠡᠭᠡᠨ ᠰᠠᠭᠤᠵᠤ ᠪᠠᠶᠢᠭ᠎ᠠ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠮᠠᠯᠴᠢᠨ ᠲᠠᠷᠢᠶᠠᠴᠢᠨ ᠤ ᠬᠦᠴᠦ ᠶᠠᠪᠤᠭᠰᠠᠳ ᠲᠤ ᠦᠷᠢᠳᠣᠵᠣ ᠪᠠᠶᠢᠭ᠎ᠠ ᠴᠠᠯᠢᠩ ᠭᠦᠯᠦᠰᠣ ᠶᠢ ᠲᠤᠭ᠎ᠠ ᠶᠣᠰᠣᠭᠠᠷ ᠣᠯᠭᠤᠬᠤ ᠎ ᠶᠢ ᠪᠠᠲᠤᠯᠠᠬᠤ ᠠᠵᠢᠯ ᠢ ᠰᠠᠶᠢᠲᠤᠷ ᠬᠢᠨ᠎ᠠ᠃     ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠭᠠᠨᠮᠥ᠋ᠴᠢᠷ ᠤᠨ ᠰᠢᠨ᠎ᠡ ᠶᠢ ᠡᠭᠦᠳᠦᠨ ᠬᠥᠭᠵᠢᠬᠦ ᠶᠢ ᠲᠡᠮᠵᠢᠨ᠎ᠡ᠃ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠢᠨ ᠲᠣᠭᠤᠷᠢᠨ ᠳᠤ᠂ ᠪᠣᠳᠠᠲᠤ ᠠᠬᠤᠶ ᠶᠢᠨ ᠰᠡᠳᠦᠪ᠂ ᠬᠤᠪᠢᠰᠬᠠᠯ ᠤᠨ ᠲᠡᠤᠬᠡ ᠵᠡᠷᠭᠡ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢᠨ ᠡᠷᠴᠢᠮ ᠢᠶᠠᠨ ᠴᠢᠩᠭᠠᠷᠠᠭᠤᠯᠵᠣ᠂ ᠨᠢᠭᠡ ᠪᠦᠯᠦᠭ ᠰᠣᠳᠣᠨ ᠵᠦᠴᠦᠭᠡ ᠶᠢᠨ ᠪᠦᠲᠦᠭᠡᠯ ᠢ ᠡᠭᠦᠳᠦᠨ ᠂ ᠣᠯᠠᠨ ᠲᠦᠮᠡᠨ ᠤ ᠰᠣᠶᠣᠯ ᠤᠨ ᠰᠢᠷᠢᠰ ᠠᠵᠢᠯᠯᠠᠭ᠎ᠠ ᠶᠢ ᠡᠷᠭᠢᠯᠡᠨ᠎ᠡ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠ  ᠪᠣᠳᠠᠰ ᠤᠨ ᠪᠤᠰᠤ ᠰᠣᠶᠣᠯ ᠤᠨ ᠦᠪ  ᠎ ᠢ ᠵᠠᠯᠭᠠᠮᠵᠢᠯᠠᠨ ᠬᠦᠭᠵᠢᠬᠦᠯᠬᠦ ᠶᠢ ᠴᠢᠩᠭᠠᠳᠬᠠᠨ᠎ᠠ  ᠃     ︵ᠳᠣᠯᠤᠭ᠎ᠠ︶ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠢ ᠦᠨᠡᠨᠬᠦ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠨ᠂  ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠎ ᠢ ᠬᠢᠨᠠᠮᠠᠭᠠᠶ ᠤᠬᠠᠭᠤᠯᠤᠨ ᠲᠤᠭᠤᠰᠢᠯᠠᠭᠤᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠪᠠᠷ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠵᠤ᠂ ᠡᠯ᠎ᠡ ᠲᠦᠷᠦᠯ ᠤᠨ ᠦᠨᠳᠦᠰᠦᠳᠡᠨ ᠢ ᠬᠠᠭᠠᠴᠠᠭᠤᠯᠤᠨ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃     ᠠᠮᠤᠷ ᠠᠮᠤᠭᠤᠯᠠᠩ ᠰᠢᠯᠢ ᠶᠢᠨ ᠭᠤᠤᠯ ᠠᠶᠢᠮᠠᠭ ᠢ ᠪᠥᠲᠥᠭᠡᠨ ᠪᠠᠶᠢᠭᠤᠯᠬᠤ ᠪᠠᠨ ᠴᠢᠩᠭᠠᠳᠬᠠᠨ᠎ᠠ᠃ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠲᠥᠪᠯᠡᠷᠡᠭᠦᠯᠦᠨ ᠴᠡᠭᠴᠡᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠵᠦᠢ ᠶᠣᠰᠣᠨ ᠤ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠪᠦᠲᠦᠮᠵᠢᠲᠡᠶ ᠪᠠᠷ ᠰᠶᠢᠳᠪᠦᠷᠢᠯᠡᠵᠦ᠂ ᠵᠢᠭᠤᠷᠠᠯᠳᠤᠨ ᠰᠤᠷᠪᠤᠯᠵᠢᠯᠠᠵᠤ ᠦᠢᠮᠡᠭᠦᠯᠦᠨ ᠰᠤᠷᠪᠤᠯᠵᠢᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃  ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠣ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠦᠷᠨᠢᠭᠦᠯᠵᠣ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ︽ᠣᠶᠣᠨᠴᠢ ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠤᠯᠠᠨ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢᠶᠠᠨ ᠪᠠᠬᠢᠵᠢᠭᠦᠯᠬᠦ ᠶᠢ ᠲᠦᠯᠬᠢᠨ ᠠᠬᠢᠭᠤᠯᠤᠨ᠎ᠠ᠃     ᠠᠶᠤᠯᠭᠦᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠦᠨ᠎ᠡ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠤᠨ ᠬᠠᠮᠢᠶᠠᠷᠤᠯᠲᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠷᠢᠮᠣᠰᠦᠨ ᠲᠣᠶᠢᠯᠪᠣᠷᠢᠲᠠᠢ ᠪᠤᠯᠭᠤᠮᠵᠢᠲᠠᠢ ᠰᠠᠶᠢᠲᠤᠷ ᠠᠳᠬᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠮᠦᠨ ᠬᠠᠷ᠎ᠠ᠂ ᠡᠳ᠋ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠬᠡᠷᠡᠭᠵᠢᠭᠦᠯᠦᠨ᠂ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠰᠠᠶᠢᠲᠤᠷ ᠠᠳᠬᠤᠵᠤ᠂ ᠭᠠᠳᠠᠨ᠎ᠠ ᠠᠴᠠ ᠬᠠᠯᠳᠠᠪᠣᠷᠢᠯᠠᠨ ᠣᠷᠣᠵᠣ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ  ᠳᠡᠯᠭᠡᠷᠡᠬᠦ ᠶᠢ ᠪᠤᠯᠭᠤᠮᠵᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠬᠤᠯᠤᠭᠠᠨ᠎ᠠ  ᠬᠢᠵᠢᠭ ᠢ ᠰᠡᠷᠭᠡᠶᠢᠯᠡᠨ ᠡᠵᠡᠮᠳᠡᠬᠦ ᠶᠢ ᠥᠴᠦᠬᠡᠨ ᠴᠦ ᠰᠤᠯᠠᠷᠠᠭᠤᠯᠤᠯ ᠥᠬᠡᠶ ᠴᠢᠩᠭᠠᠳᠬᠠᠵᠤ᠂ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠤᠯᠤᠭᠠᠨ᠎ᠠ  ᠭᠠᠮᠰᠢᠭ ᠢ ᠰᠡᠷᠭᠡᠶᠢᠯᠡᠨ ᠵᠠᠰᠠᠬᠤ᠂ ᠡᠮᠴᠢᠯᠡᠭᠡᠨ ᠤ ᠰᠢᠭᠰᠢᠨ ᠪᠠᠶᠢᠴᠠᠭᠠᠬᠤ ᠵᠡᠷᠭᠡ ᠠᠵᠢᠯ ᠢ ᠠᠳᠬᠤᠵᠤ᠂ ᠬᠥᠮᠦᠨ ᠤ ᠬᠤᠭᠤᠷᠣᠨᠳᠣ ᠪᠠᠨ ᠬᠤᠯᠤᠭᠠᠨ᠎ᠠ  ᠬᠢᠵᠢᠭ ᠡᠭᠦᠰᠬᠦ ᠥᠬᠡᠶ ᠪᠠᠶᠢᠬᠤ ᠶᠢ ᠦᠨᠡᠨᠬᠦ  ᠪᠠᠳᠣᠯᠠᠨ᠎ᠠ᠃     ᠳᠥᠷᠪᠡ᠂ ᠵᠠᠬᠢᠷᠭ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ    ︵ᠨᠢᠭᠡ︶ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠵᠢᠨ‌‍ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠤᠨ᠂  ᠴᠠᠭ ᠢᠮᠠᠭᠲᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠲᠠᠢ ᠳᠡᠭᠡᠳᠦ  ᠬᠡᠮᠵᠢᠶ᠎ᠡ ᠪᠠᠷ ᠨᠢᠭᠡᠳᠦᠯᠲᠡᠢ  ᠪᠠᠶᠢᠯᠭᠠᠵᠣ᠂ ᠤᠯᠤᠰ ᠲᠦᠷᠦ ᠶᠢᠨ ᠲᠠᠯ᠎ᠠ ᠪᠠᠷ ᠠᠰᠠᠭᠤᠳᠠᠯ ᠢ ᠠᠵᠢᠭᠯᠠᠬᠤ ᠪᠠ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾᠎ ᠢᠶᠠᠨ  ᠣᠯᠠᠮ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ  ᠪᠡᠶᠡᠯᠡᠭᠦᠯᠦᠨ᠎ᠡ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠥᠭᠵᠢᠯᠲᠡ ᠶᠢ ᠡᠷᠢᠯᠬᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠣᠳᠠᠲᠤ  ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃    ︵ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂  ᠬᠢᠨᠠᠨ ᠪᠠᠶᠢᠴᠠᠭᠠᠵᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠳᠡᠭᠡᠳᠣ ᠬᠡᠮᠵᠢᠶ᠎ᠡ ᠪᠠᠷ ᠭᠦᠨᠳᠦᠳᠬᠡᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠣ ᠪᠤᠳᠤᠯᠭ᠎ᠠ ᠲᠣᠭᠲᠠᠭᠠᠬᠤ ᠲᠦᠷᠢᠮ ᠢ ᠴᠢᠩᠭ᠎ᠠ  ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠭᠰᠠᠨ᠂ ᠬᠠᠤᠯᠢ ᠶᠣᠰᠣᠭᠠᠷ ᠰᠶᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠡᠶᠡᠯᠡᠭᠦᠯᠦᠨ᠎ᠡ᠃ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾᠎ ᠢ ᠭᠦᠨᠵᠡᠭᠡᠶ ᠭᠡᠷᠡᠭᠵᠢᠬᠦᠯᠵᠣ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃     ︵ᠭᠤᠷᠪᠠ︶ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠣᠭᠲᠠᠭᠠᠭᠰᠠᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠱᠠᠲᠤ ᠱᠠᠲᠤ ᠪᠠᠷ ᠳᠠᠷᠤᠯᠲᠠ ᠥᠭᠴᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠨ ᠠᠬᠢᠭᠤᠯᠤᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂  ᠮᠠᠲ᠋ᠧᠷᠢᠶᠠᠯ ᠢ ᠴᠣᠮᠬᠠᠳᠬᠠᠨ ᠬᠤᠷᠠᠯ ᠢ ᠴᠥᠭᠡᠳᠬᠡᠬᠦ ᠶᠢ ᠶᠡᠬᠡᠪᠡᠷ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢ ᠬᠠᠯᠠᠨ ᠰᠠᠶᠢᠵᠢᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠤᠨ ᠪᠠᠶᠢᠴᠠᠭᠠᠵᠤ᠂ ᠦᠨᠳᠦᠰᠦᠨ ᠱᠠᠲᠤᠨ ᠤ ᠬᠢᠨ ᠢ ᠨᠡᠩ ᠤᠯᠠᠨ ᠡᠷᠴᠢ ᠬᠦᠴᠦᠲᠠᠢ ᠠᠵᠢᠯ  ᠠᠳᠬᠤᠬᠤ᠂ ᠬᠥᠭᠵᠢᠯᠲᠡ ᠶᠢ ᠠᠬᠢᠭᠤᠯᠬᠤ ᠳᠡᠭᠡᠷ᠎ᠡ  ᠣᠶᠣᠨ ᠣᠬᠠᠭᠠᠨ ᠬᠦᠴᠦᠨ ᠴᠢᠳᠠᠯ ᠢᠶᠠᠨ ᠳᠠᠯᠪᠢᠭᠤᠯᠣᠨ᠎ᠠ᠃ ᠦᠷᠭᠦᠯᠵᠢᠯᠡᠨ ᠭᠠᠪᠰᠢᠭᠠᠶᠢᠯᠠᠨ   ︽ᠠᠷᠪᠢᠯᠠᠨ ᠭᠠᠮᠨᠠᠵᠤ︾᠂ ᠲᠤᠭᠲᠠᠮᠠᠯ ᠪᠤᠰᠤ ᠵᠠᠷᠤᠯᠭ᠎ᠠ ᠶᠢ ᠴᠢᠩᠭ᠎ᠠ ᠡᠵᠡᠮᠳᠡᠵᠦ᠂  ᠠᠷᠪᠢᠴᠢ  ᠭᠠᠮᠲᠠᠢ ᠵᠠᠰᠠᠭ ᠤᠨ ᠣᠷᠳᠣᠨ ᠢ ᠪᠠᠶᠢᠭᠤᠯᠤᠨ᠎ᠠ᠃    ︵ᠲᠦᠷᠪᠡ︶ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠵᠠᠰᠠᠬᠤ ᠪᠠ ᠬᠠᠩᠭᠠᠨ ᠪᠣᠷᠣᠯᠠᠭᠤᠯᠬᠤ ᠰᠢᠰᠲ᠋ᠧᠮ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶ᠎ᠡ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠰᠣᠷᠪᠣᠯᠵᠢ ᠶᠢᠨ ᠰᠤᠯᠢᠯᠴᠠᠭ᠎ᠠ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠦᠷᠢᠮ ᠤᠨ      ︽ᠰᠢᠩᠭᠡᠯᠢᠭ︾᠎ ᠢ ᠪᠠᠬᠢᠵᠢᠭᠦᠯᠦᠨ᠎ᠡ᠃ ᠦᠨᠳᠦᠰᠦᠨ ᠱᠠᠲᠤᠨ ᠤ ︽ᠦᠴᠦᠬᠡᠨ ᠢᠯᠵᠠᠷᠠᠯ︾᠎ ᠢ ᠴᠡᠪᠡᠷᠯᠡᠨ ᠠᠷᠢᠯᠭᠠᠬᠤ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠤᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠠᠷᠠᠯ ᠤᠨ ᠠᠰᠠᠭᠤᠳᠠᠯ ᠢ  ᠴᠢᠩᠭ᠎ᠠ ᠪᠠᠶᠢᠴᠠᠭᠠᠨ ᠰᠶᠢᠳᠪᠦᠷᠢᠯᠡᠨ᠎ᠡ᠃     ᠡᠷᠬᠢᠯᠡᠭᠴᠢ ᠨᠠᠷ᠂ ᠭᠡᠰᠢᠭᠦᠳ ᠡ︕ ᠡᠬᠢᠯᠡᠯᠲᠡ ᠨᠢ ᠪᠦᠬᠦ ᠲᠠᠯ᠎ᠠ ᠎ ᠳᠤ ᠬᠤᠯᠪᠣᠭᠳᠠᠵᠤ᠂ ᠭᠠᠷᠤᠭ᠎ᠠ ᠨᠢ ᠢᠯᠠᠯᠲᠠ ᠶᠢᠨ ᠬᠠᠨᠳᠤᠰᠢ ᠶᠢ ᠲᠣᠭᠲᠠᠭᠠᠳᠠᠭ᠃ ᠪᠢᠳᠡ ᠪᠦᠬᠦᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠵᠣ᠂ ᠦᠪᠡᠷᠳᠡᠭᠡᠨ ᠵᠠᠰᠠᠬᠤ ᠣᠷᠣᠨ ᠎ ᠤ ᠨᠠᠮ ᠤ ᠬᠤᠷᠢᠶ᠎ᠠ᠂ ᠵᠠᠰᠠᠭ ᠤᠨ ᠣᠷᠳᠣᠨ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠷᠢᠳᠤᠬᠢ ᠬᠦᠮᠦᠰ ᠤᠨ ᠦᠢᠯᠡᠰ ᠢ ᠵᠠᠯᠭᠠᠮᠵᠢᠯᠠᠨ  ᠢᠷᠡᠭᠡᠳᠦᠢ ᠶᠢᠨ ᠵᠠᠮ ᠢ ᠨᠡᠭᠡᠭᠡᠵᠦ᠂ ᠦᠷᠭᠦᠯᠵᠢᠯᠡᠨ ᠲᠡᠮᠡᠴᠡᠵᠦ ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠠᠶᠢᠨ ᠰᠠᠶᠢᠬᠠᠨ ᠡᠬᠢᠯᠡᠯᠲᠡ ᠶᠢ ᠴᠢᠷᠮᠠᠶᠢᠨ ᠪᠡᠶᠡᠯᠡᠭᠦᠯᠵᠦ᠂ ᠰᠢᠯᠢ ᠶᠢᠨ ᠭᠤᠣᠯ ᠎ ᠢᠶᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠶ᠎ᠡ︕    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号