ᠰᠢᠯᠢ ᠶᠢᠨ ᠭᠤᠤᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ | ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠤ ᠮᠠᠲ᠋ᠧᠷᠢᠶᠠᠯ ︵ ᠨᠢᠭᠡ︶ | | | ᠠᠶᠢᠮᠠᠭ ᠤᠨ ᠵᠠᠬᠢᠷᠭ᠎ᠠ ᠶᠢᠨ ᠠᠵᠢᠯ ᠤᠨ ᠢᠯᠡᠳᠭᠡᠯ | | | — 2021 ᠣᠨ ᠤ 4 ᠳ᠋ᠣᠭᠡᠷ ᠰᠠᠷ᠎ᠠ ᠶᠢᠨ 15 ᠤ ᠡᠳᠦᠷ ᠤᠨ | ᠰᠢᠯᠢ ᠶᠢᠨ ᠭᠤᠤᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ | ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠳᠡᠭᠡᠷ᠎ᠡ | ᠰᠢᠯᠢ ᠶᠢᠨ ᠭᠤᠣᠯ ᠠᠶᠢᠮᠠᠭ ᠤᠨ ᠳᠠᠷᠤᠭ᠎ᠠ ᠯᠦᠸᠧ ᠴᠢᠩ | | | ᠡᠷᠬᠢᠯᠡᠭᠴᠢ ᠨᠠᠷ᠂ ᠭᠡᠰᠢᠭᠦᠳ ᠡ᠄ | ᠳᠣᠣᠷ᠎ᠠ ᠪᠢ ᠵᠠᠬᠢᠷᠭ᠎ᠠ ᠶᠢᠨ ᠡᠮᠦᠨ᠎ᠡ ᠠᠴᠠ ᠠᠵᠢᠯ ᠤᠨ ᠢᠯᠡᠳᠬᠡᠯ ᠬᠢᠶ᠎ᠠ᠂ ᠡᠷᠬᠢᠯᠡᠭᠴᠢ ᠨᠠᠷ᠂ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠰᠠᠨᠠᠭᠤᠯᠭ᠎ᠠ ᠪᠠᠨ ᠳᠤᠷᠠᠳᠬᠤ ᠪᠣᠯᠪᠠᠤ᠃ | ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ︾ ᠶᠢᠨ | ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠦᠭᠵᠢᠭᠦᠯᠦᠯᠳᠡ ᠶᠢᠨ ᠡᠷᠭᠢᠴᠡᠭᠦᠯᠦᠯ | 2020 ᠣᠨ ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠤᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ ᠪᠦᠬᠦ ᠠᠶᠢᠮᠠᠭ ᠳᠠᠶᠠᠭᠠᠷ ᠢᠶᠠᠷ ᠢᠶᠠᠨ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠶᠢᠨ ᠵᠢᠯ ᠳᠤ ᠨᠢᠭᠡᠨ ᠬᠤᠪᠢ ᠪᠣᠳᠠᠲᠠᠢ | ︽ᠠᠮᠵᠢᠯᠲᠠ ᠶᠢᠨ ᠬᠠᠭᠤᠳᠠᠰᠤ︾ ᠲᠣᠰᠢᠶᠠᠭᠰᠠᠨ ᠶᠣᠮ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ | ᠤᠨ ᠶᠡᠷᠦᠩᠬᠡᠶ ᠥᠷᠲᠡᠭ ᠢ 839.8 ᠳ᠋ᠦᠩᠰᠢᠭᠤᠷ ᠲᠥᠭᠦᠷᠢᠭ ᠲᠤ ᠭᠦᠷᠭᠡᠵᠣ᠂ 3.4 % ᠪᠠᠷ ᠨᠡᠮᠡᠭᠳᠡᠭᠦᠯᠦᠨ᠂ | ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠭᠤᠷᠪᠠᠳᠤᠭᠠᠷ ᠲᠤ ᠵᠢᠭᠰᠠᠭᠠᠭᠳᠠᠪᠠ︔ ᠪᠥᠬᠦ ᠨᠡᠶᠢᠭᠡᠮ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15.3 % ᠪᠠᠷ ᠨᠡᠮᠡᠭᠳᠡᠭᠦᠯᠦᠨ᠂ ᠪᠦᠬᠦ ᠣᠷᠣᠨ ᠤ | ᠨᠢᠭᠡᠳᠦᠭᠡᠷ ᠲᠤ ᠵᠢᠭᠰᠠᠭᠠᠭᠳᠠᠪᠠ︔ ᠣᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ 91.7 | ᠳ᠋ᠦᠩᠰᠢᠭᠤᠷ ᠲᠥᠭᠦᠷᠢᠭ ᠲᠤ ᠭᠦᠷᠭᠡᠵᠣ᠂ 15.5 % ᠪᠠᠷ ᠨᠡᠮᠡᠭᠳᠡᠭᠦᠯᠦᠨ᠂ ᠨᠡᠮᠡᠭᠳᠡᠯ ᠤᠨ ᠬᠤᠷᠳᠤᠴᠠ ᠨᠢ ᠪᠥᠬᠦ | ᠣᠷᠣᠨ ᠤ ᠭᠤᠷᠪᠠᠳᠤᠭᠠᠷ ᠲᠤ ᠵᠢᠭᠰᠠᠭᠠᠭᠳᠠᠪᠠ︔ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ ᠣᠷᠣᠯᠭ᠎ᠠ ᠶᠢ ᠲᠣᠰ | ᠲᠣᠰ 41391 ᠲᠥᠭᠦᠷᠢᠭ ᠪᠠ 18864 ᠲᠥᠭᠦᠷᠢᠭ ᠲᠤ ᠭᠦᠷᠭᠡᠵᠣ᠂ 1.5% ᠪᠠ 8.5% ᠪᠠᠷ | ᠨᠡᠮᠡᠭᠳᠡᠭᠦᠯᠦᠨ᠂ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠤ ᠵᠢᠷᠭᠤᠳᠤᠭᠠᠷ ᠲᠤ ᠵᠢᠭᠰᠠᠭᠠᠭᠳᠠᠪᠠ᠃ | ︵ᠨᠢᠭᠡ︶ ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠶ ᠪᠥᠭᠡᠳ | ᠪᠦᠲᠦᠮᠵᠢᠲᠡᠶ ᠶᠠᠪᠣᠭᠳᠠᠭᠤᠯᠪᠠ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠡᠮᠦᠨ᠎ᠡ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠨᠴᠠ ᠶᠡᠭᠡ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠣᠷᠢᠶᠠᠯᠠᠯᠭᠠ ᠶᠢ ᠴᠠᠭ ᠲᠠᠷᠣᠢ ᠳᠤᠨᠢ ᠬᠡᠷᠡᠭᠵᠢᠭᠦᠯᠵᠣ᠂ 1.6 ᠲᠦᠮᠡᠨ | ᠨᠠᠮ ᠤᠨ ᠭᠡᠰᠢᠭᠦᠨ ᠪᠣᠯᠤᠨ ᠺᠠᠳ᠋ᠷᠴᠣᠳ ᠵᠠᠷᠯᠢᠭ ᠲᠣᠰᠣᠮᠠᠭᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠰᠢᠭᠤᠷᠬᠠᠶᠢᠯᠠᠵᠣ᠂ 45 ᠡᠳᠦᠷ ᠤᠨ ᠬᠤᠭᠤᠴᠠᠭᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠣᠨᠣᠰᠢᠯᠠᠬᠤ ᠪᠠ ᠰᠡᠵᠢᠭᠯᠡᠯᠲᠡᠢ ᠡᠪᠡᠳᠴᠢᠨ ᠤ ᠵᠢᠱᠢᠶ᠎ᠠ ᠶᠢ ︽ᠪᠦᠬᠦᠨ ᠢ ᠪᠠᠶᠢᠴᠠᠭᠠᠨ ᠲᠣᠳᠣᠯᠠᠬᠤ︾ ᠶᠢ | ᠪᠡᠶᠡᠯᠡᠭᠦᠯᠵᠦ᠂ ᠡᠪᠡᠳᠴᠢᠲᠡᠨ ᠢ ᠦᠬᠦᠭᠦᠯᠬᠦ ᠦᠭᠡᠢ ᠪᠠᠶᠢᠬᠤ᠂ ᠡᠮᠴᠢ ᠰᠤᠪᠢᠯᠠᠭᠴᠢᠳ ᠲᠤ ᠨᠢᠭᠡ ᠴᠣ᠋ | ᠬᠠᠯᠳᠠᠪᠣᠷᠢᠯᠠᠭᠰᠠᠨ ᠦᠭᠡᠢ ᠪᠠᠶᠢᠬᠤ ᠶᠢ ᠪᠡᠶᠡᠯᠡᠭᠦᠯᠪᠡ᠃ ᠬᠢᠵᠢᠭ ᠤᠨᠪᠠᠶᠢᠳᠠᠯ ᠢ ᠪᠦᠲᠦᠮᠵᠢᠲᠡᠶ ᠡᠵᠡᠮᠳᠡᠭᠰᠡᠨ ᠤ | ᠳᠠᠷᠠᠭ᠎ᠠ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠳᠠᠬᠢᠨ | ᠳᠡᠯᠭᠡᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠬᠤᠶᠠᠳᠤᠭᠠᠷ | ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠭᠰᠠᠨ ᠡᠪᠡᠳᠴᠢᠳᠡᠨ ᠤ | ᠡᠭᠦᠳᠡᠨ ᠡᠮᠨᠡᠯᠭᠡ ᠶᠢᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠪᠣᠶ ᠪᠥᠬᠦᠶ ᠬᠤᠰᠢᠭᠤ ᠰᠢᠶᠠᠨ ᠬᠤᠲᠠ | ︵ᠣᠷᠣᠨ︶ ᠶᠢ ᠴᠦᠮ ᠪᠥᠭᠡᠮ ᠬᠦᠴᠢᠯ ᠤᠨ ᠪᠠᠶᠢᠴᠠᠭᠠᠨ ᠬᠡᠮᠵᠢᠯᠳᠡ ᠬᠢᠬᠦ ᠴᠢᠳᠠᠪᠤᠷᠢ ᠲᠠᠢ ᠪᠣᠯᠭᠠᠪᠠ᠃ | ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠯ᠎ᠠ | ᠨᠤᠲᠤᠭ ᠤᠨ ᠬᠤᠯᠤᠭᠠᠨ᠎ᠠ ᠬᠥᠨᠥᠭᠡᠯ ᠢ ᠰᠡᠷᠭᠡᠶᠢᠯᠡᠨ ᠵᠠᠰᠠᠬᠤ ᠲᠠᠯᠠᠪᠠᠶ ᠶᠢ 2500 ᠭᠠᠷᠤᠶ ᠲᠦᠮᠡᠨ ᠮᠥ ᠳᠤ | ᠭᠦᠷᠭᠡᠵᠣ᠂ ᠬᠤᠯᠤᠭᠠᠨ᠎ᠠ ᠬᠢᠵᠢᠭ ᠤᠨ ᠡᠬᠢ ᠡᠭᠦᠰᠦᠯ ᠲᠠᠢ ᠬᠤᠰᠢᠭᠤ ᠰᠢᠶᠠᠨ ᠬᠤᠲᠠ ᠶᠢᠨ PCR | ᠲᠤᠷᠰᠢᠯᠲᠠ ᠶᠢᠨ ᠲᠠᠰᠤᠭ ᠢ ᠪᠦᠬᠦᠨ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠦᠨᠡᠨᠪᠠᠲᠤ | ᠶᠢᠨ ᠤᠯᠤᠰ ᠤᠨ ᠲᠠᠰ ᠤᠨ ᠬᠤᠯᠤᠭᠠᠨ᠎ᠠ ᠬᠢᠵᠢᠭ ᠪᠠ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠰᠠᠭᠤᠷᠢᠨ | ᠭᠠᠵᠠᠷ ᠤᠨ ᠲᠣᠬᠠᠢ ᠶᠢᠨ ᠲᠠᠯᠠᠪᠠᠢ ᠶᠢᠨ ᠪᠣᠯᠪᠠᠰᠤᠷᠠᠭᠤᠯᠤᠯ ᠤᠨ ᠲᠥᠪ ᠢ ᠦᠭᠡᠷᠡᠴᠢᠯᠡᠨ ᠳᠠᠭᠤᠰᠬᠠᠪᠠ ᠃ | ︵ᠬᠤᠶᠠᠷ︶ ᠲᠣᠭᠳᠠᠭᠤᠨ ᠢᠶᠠᠷ ᠨᠡᠮᠡᠭᠳᠡᠬᠦᠯᠬᠦ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ᠃ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ 10.8 ᠳ᠋ᠦᠩᠰᠢᠭᠤᠷ ᠲᠥᠭᠦᠷᠢᠭ ᠤᠨ ᠰᠢᠨ᠎ᠡ ᠪᠠᠷ ᠨᠡᠮᠡᠭᠳᠡᠭᠰᠡᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠣᠨ᠂ 5 ᠳ᠋ᠦᠩᠰᠢᠭᠤᠷ ᠭᠠᠷᠤᠶ ᠲᠥᠭᠦᠷᠢᠭ ᠤᠨ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠦᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ | ᠦᠷᠲᠡᠭ ᠢ 1.6 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠵᠢᠵᠢᠭ ᠪᠠᠭ᠎ᠠ ᠠᠵᠤ ᠠᠬᠤᠶᠢᠯᠠᠯ ᠳᠤ 124. 5 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠭᠦᠯᠵᠣ ᠂ 13 ᠲᠦᠮᠡᠨ ᠡᠷᠦᠬᠡ ᠳᠤ ᠭᠦᠷᠭᠡᠵᠠᠢ᠃ | ᠪᠥᠬᠦ ᠣᠷᠣᠨ ᠳᠤ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠦᠪᠰᠢᠶᠡᠷᠡᠭᠦᠯᠬᠦ ᠰᠠᠷ᠎ᠠ ᠶᠢᠨ | ᠠᠵᠢᠯᠯᠠᠭ᠎ᠠ ᠶᠢ ᠤᠷᠢᠳᠠᠪᠠᠷ ᠥᠷᠨᠢᠭᠦᠯᠵᠦ᠂ ᠠᠶᠢᠮᠠᠭ ᠤᠨ ᠲᠠᠰ ᠤᠨ 123 ᠭᠤᠤᠯᠳᠠᠯᠭ᠎ᠠ ᠲᠠᠢ ᠲᠥᠷᠥᠯ ᠵᠦᠢᠯ ᠤᠨ | ᠠᠵᠢᠯ ᠢ ᠡᠬᠢᠯᠡᠬᠦᠯᠦᠨ᠂ 340 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ | ᠪᠣᠷᠣᠯᠠᠭᠤᠯᠭ᠎ᠠ ᠶᠢᠨ ᠨᠤᠷᠮ᠎ᠠ ᠶᠢ 101.4% ᠳᠤ ᠭᠦᠷᠭᠡᠵᠣ᠂ ᠲᠠᠪᠤᠨ ᠵᠢᠯ ᠤᠨ ᠲᠤᠷᠰᠢ ᠠᠩᠬ᠎ᠠ ᠤᠳᠠᠭ᠎ᠠ | ᠵᠠᠭᠤᠨ ᠤ ᠵᠠᠭᠤ ᠶᠢ ᠳᠠᠪᠠᠭᠤᠯᠪᠠ᠃ ᠪᠥᠬᠦ ᠣᠷᠣᠨ ᠤ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠬᠦᠯᠵᠣ᠂ 3 ᠠᠵᠤ ᠠᠬᠤᠶᠢᠯᠠᠯ ᠨᠢ ᠰᠣᠩᠭᠤᠭᠳᠠᠨ ᠣᠷᠣᠵᠣ᠂ | ᠠᠩᠬᠠᠨ ᠤ ᠠᠮᠵᠢᠯᠳᠠ ᠶᠢ ᠪᠡᠶᠡᠯᠡᠭᠦᠯᠪᠡ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠤᠰᠬᠠᠶ ᠲᠦᠷᠦᠯ | ᠤᠨ ᠪᠠᠯᠠ ᠮᠥᠩᠭᠦ ᠶᠢ ᠨᠠᠶᠢᠳᠠᠪᠤᠷᠢᠵᠢᠭᠤᠯᠬᠤ᠂ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠦᠢᠯᠡᠴᠢᠯᠡᠭᠡᠨ ᠤ ᠦᠢᠯᠡᠰ ᠤᠨ ᠰᠡᠷᠭᠦᠯᠲᠡ ᠪᠠ ᠬᠡᠷᠡᠭᠯᠡᠭᠡᠨ ᠤ ᠳᠠᠯᠳᠠ ᠬᠦᠴᠦᠨ ᠢ | ᠪᠠᠳᠠᠷᠠᠭᠤᠯᠬᠤ ᠳᠤ ᠬᠦᠴᠦᠨ ᠨᠡᠮᠡᠷᠢᠯᠡᠪᠡ᠃ | ︵ᠭᠤᠷᠪᠠ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠯᠡᠭᠴᠢ ᠴᠢᠨᠠᠷᠲᠠᠶ ᠦᠷ᠎ᠡ | ᠪᠦᠲᠦᠭᠡᠯ ᠤᠯᠪᠠ᠃ ᠪᠦᠬᠦ ᠠᠶᠢᠮᠠᠭ ᠤᠨ ᠬᠦᠴᠦᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠳᠤ᠂ 8 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠣᠷᠣᠭᠤᠯᠵᠤ᠂ | ᠶᠠᠳᠠᠭᠤ ᠶᠢ ᠲᠡᠳᠬᠦᠬᠦ 539 ᠲᠦᠷᠦᠯ ᠵᠦᠢᠯ ᠢ ᠬᠡᠷᠡᠭᠵᠢᠭᠦᠯᠵᠦ᠂ ᠦᠯᠡᠳᠡᠵᠣ ᠪᠠᠶᠢᠭᠰᠠᠨ 136 ᠶᠠᠳᠠᠭᠤ | ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠳᠤ ᠲᠣᠭᠲᠠᠭᠤᠨ ᠪᠤᠰᠤ ᠡᠷᠦᠬᠡ ᠪᠠ ᠶᠠᠳᠠᠭᠤᠷᠠᠮᠠᠷ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ ᠶᠢᠨ | ᠣᠷᠣᠯᠭ᠎ᠠ ᠪᠠᠨ ᠨᠡᠮᠡᠭᠳᠡᠭᠦᠯᠵᠦ ᠪᠡᠶᠡᠵᠢᠨ ᠴᠢᠨᠡᠭᠡᠯᠢᠭᠵᠢᠬᠦ ᠰᠠᠭᠤᠷᠢ ᠶᠢ ᠦᠷᠭᠦᠯᠵᠢᠯᠡᠨ ᠪᠠᠬᠢᠵᠢᠭᠦᠯᠪᠡ᠃ 98.9 | ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠲᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠵᠤ᠂ | ᠵᠢᠯ ᠤᠨ ᠡᠭᠦᠷᠭᠡ ᠪᠠᠨ 327% ᠪᠠᠷ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ | ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠦᠭᠡᠢ ᠳᠠᠩᠰᠠᠨ ᠤ ᠵᠣᠭᠤᠰ ᠢ ᠴᠥᠮ ᠲᠥᠯᠥᠵᠦ ᠳᠠᠭᠤᠰᠬᠠᠪᠠ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠬᠢᠰ ᠦᠭᠡᠢ ᠵᠢᠭᠡᠯᠡᠯᠭᠡ ᠶᠢᠨ ᠨᠣᠷᠮ᠎ᠠ ᠶᠢ 6.2 ᠵᠠᠭᠤᠨ ᠤ ᠬᠤᠪᠢ | ᠶᠢᠨ ᠴᠡᠭ ᠢᠶᠠᠷ ᠪᠠᠭᠤᠷᠠᠭᠤᠯᠵᠣ᠂ ᠵᠢᠯ ᠤᠨ ᠡᠬᠢᠨ ᠳᠤ ᠪᠥᠬᠦ ᠣᠷᠣᠨ ᠳᠤ 2 ᠳ᠋ᠤᠭᠠᠷ ᠲᠤ ᠪᠠᠶᠢᠭᠰᠠᠨ ᠠᠴᠠ ᠪᠠᠨ | ᠪᠠᠭᠤᠷᠠᠭᠠᠳ 11 ᠳ᠋ᠣᠭᠡᠷ ᠲᠤ ᠵᠢᠭᠰᠠᠭᠠᠭᠳᠠᠪᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠯᠳᠠ ᠪᠠ ︽ᠪᠤᠴᠠᠵᠤ | ᠪᠠᠶᠢᠴᠠᠭᠠᠨ ᠦᠵᠡᠬᠦ︾ ᠠᠵᠢᠯ ᠳᠤ ᠬᠠᠷᠢᠭᠤ ᠲᠤᠰᠬᠠᠭᠰᠠᠨ 42 ᠵᠦᠢᠯ ᠤᠨ ᠠᠰᠠᠭᠤᠳᠠᠯ ᠢ ᠪᠥᠬᠦ ᠣᠷᠣᠨ ᠳᠤ | ᠲᠦᠷᠦᠭᠦᠯᠡᠨ ᠪᠦᠬᠦᠨ ᠢ ᠰᠢᠢᠳᠪᠦᠷᠢᠯᠡᠵᠣ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠣᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ ᠨᠢᠭᠡ ᠪᠦᠯᠦᠭ | ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠪᠡ᠃ | ︵ᠳᠥᠷᠪᠡ︶ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ︽ᠶᠡᠷᠦᠩᠬᠡᠢ | ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠣᠭᠠᠨ ᠤ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠ | ᠪᠦᠳᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠣᠭᠲᠠᠭᠠᠯ︾ ᠢ ᠨᠡᠶᠢᠲᠡᠯᠡᠵᠦ᠂ | ᠨᠤᠲᠤᠭ ᠪᠡᠯᠴᠢᠭᠡᠷ ᠳᠡᠭᠡᠷ᠎ᠡ ᠰᠢᠨ᠎ᠡ ᠪᠠᠷ ᠠᠭᠤᠷᠬᠠᠶ ᠶᠢᠨ ᠨᠡᠭᠡᠭᠡᠨ ᠠᠰᠢᠭᠯᠠᠬᠤ ᠲᠥᠷᠥᠯ ᠵᠦᠢᠯ ᠭᠠᠷᠭᠠᠬᠤ ᠶᠢ | ᠴᠢᠩᠭ᠎ᠠ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠶᠢ ᠲᠣᠭᠲᠠᠭᠠᠪᠠ᠃ ᠠᠶᠢᠮᠠᠭ ᠤᠨ ᠬᠡᠪᠴᠢᠶᠡᠨ ᠤ 64.18% ᠶᠢᠨ | ᠲᠠᠯᠠᠪᠠᠢ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠪᠠ᠃ ᠡᠯ᠎ᠡ | ᠱᠠᠲᠤᠨ ᠤ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠯᠢᠳᠡᠭᠵᠢᠭᠦᠯᠦᠨ ᠨᠡᠶᠢᠯᠡᠭᠦᠯᠪᠡ᠃ | 95 ᠲᠦᠮᠡᠨ ᠮᠥ ᠭᠠᠵᠠᠷ ᠤᠨ ᠣᠶᠢᠵᠢᠭᠤᠯᠤᠯᠲᠠ ᠶᠢ ᠪᠡᠶᠡᠯᠡᠭᠦᠯᠵᠦ᠂ 80 ᠲᠦᠮᠡᠨ ᠮᠥ ᠨᠤᠲᠤᠭ ᠪᠡᠯᠴᠢᠭᠡᠷ ᠢ | ᠵᠠᠰᠠᠨ ᠰᠡᠷᠭᠦᠭᠡᠵᠦ᠂ 155 ᠲᠦᠮᠡᠨ ᠮᠥ ᠨᠤᠲᠤᠭ ᠪᠡᠯᠴᠢᠭᠡᠷ ᠢ ᠲᠣᠣᠷᠯᠠᠨ ᠪᠢᠲᠡᠭᠦᠮᠵᠢᠯᠡᠪᠡ᠃ ᠪᠠᠷᠢᠮᠵᠢᠶ᠎ᠠ ᠪᠠᠨ | ᠳᠡᠭᠡᠭᠰᠢᠯᠡᠭᠦᠯᠦᠨ ᠠᠭᠤᠷᠬᠠᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠨ ᠠᠬᠢᠭᠤᠯᠵᠤ | ᠂ 220 ᠵᠠᠳᠠᠭᠠᠶ ᠠᠭᠤᠷᠬᠠᠶ ᠶᠢᠨ ᠵᠠᠰᠠᠯᠲᠠ ᠶᠢᠨ ᠰᠠᠭᠤᠷᠢ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ | ᠨᠣᠷᠮ᠎ᠠ ᠶᠢ 100% ᠳᠤ ᠬᠦᠷᠦᠭᠦᠯᠵᠦ᠂ 12.1 ᠳ᠋ᠦᠩᠰᠢᠭᠤᠷ ᠲᠥᠭᠦᠷᠢᠭ ᠤᠨ ᠵᠠᠰᠠᠯᠲᠠ ᠶᠢᠨ ᠪᠠᠯᠠ ᠮᠥᠩᠭᠦ | ᠣᠷᠣᠭᠤᠯᠤᠨ᠂ 61 ᠬᠠᠪᠲᠠᠭᠠᠢ ᠳᠥᠷᠪᠡᠯᠵᠢᠨ ᠺᠢᠯᠣᠮᠧᠲᠷ ᠤᠨ ᠵᠠᠰᠠᠯᠳᠠ ᠶᠢᠨ ᠲᠠᠯᠠᠪᠠᠶ ᠶᠢ ᠪᠡᠶᠡᠯᠡᠭᠦᠯᠵᠦ᠂ 3 | ᠵᠦᠢᠯ ᠤᠨ ᠬᠦᠢᠴᠡᠳᠭᠡᠯ ᠲᠤᠭ᠎ᠠ ᠨᠢ ᠴᠥᠮ ᠪᠥᠬᠦ ᠣᠷᠣᠨ ᠤ ᠲᠡᠷᠢᠭᠦᠨ ᠪᠠᠶᠢᠷᠢᠨᠳᠤ ᠵᠢᠭᠰᠠᠭᠠᠭᠳᠠᠪᠠ︔ | ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ 32 ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ | ᠪᠠᠶᠢᠭᠤᠯᠵᠤ᠂ ᠡᠭᠦᠨ ᠳᠤ ᠤᠯᠤᠰ ᠤᠨ ᠲᠠᠰ ᠤᠨ 5 ᠠᠭᠤᠷᠬᠠᠶ ᠪᠠᠶᠢᠵᠣ ᠂ ᠲᠣᠰ ᠲᠣᠰ ᠪᠥᠬᠦ ᠣᠷᠣᠨ ᠤ 2 | ᠳ᠋ᠤᠭᠠᠷ ᠪᠠ 1 ᠳ᠋ᠣᠭᠡᠷ ᠪᠠᠶᠢᠷᠢᠨ ᠳᠤ ᠵᠢᠭᠰᠠᠭᠠᠭᠳᠠᠵᠣ᠂ ᠮᠠᠨ ᠤ ᠠᠶᠢᠮᠠᠭ ᠨᠢ ᠠᠭᠤᠷᠬᠠᠶ ᠶᠢᠨ ᠦᠢᠯᠡᠰ ᠤᠨ | ᠬᠤᠯᠪᠣᠭ᠎ᠠ ᠠᠴᠠ ᠣᠯᠭᠤᠭᠰᠠᠨ ︽ᠪᠥᠬᠦ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ | ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠭᠥᠷᠳᠡᠪᠡ᠃ | ︵ᠲᠠᠪᠤ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠠᠯᠬᠤᠴᠠ ᠪᠠᠨ | ᠲᠦᠷᠭᠡᠳᠬᠡᠪᠡ᠃ ᠮᠠᠯᠵᠢᠯ ᠤᠨ ᠣᠨ ᠤ ᠠᠯᠠᠰᠢᠨ ᠦᠬᠡᠷ ᠤᠨ ᠲᠤᠭ᠎ᠠ ᠲᠣᠯᠣᠭᠠᠶ ᠶᠢ ᠠᠳᠠᠯᠢ | ᠬᠤᠭᠤᠴᠠᠭᠠᠨ ᠤ ᠬᠢ ᠠᠴᠠ 13 ᠲᠦᠮᠡ ᠪᠠᠷ ᠨᠡᠮᠡᠭᠳᠡᠭᠦᠯᠵᠣ᠂ ᠡᠭᠦᠯᠳᠡᠷ ᠰᠠᠶᠢᠵᠢᠷᠠᠭᠤᠯᠣᠨ ᠦᠷᠡᠵᠢᠭᠦᠯᠬᠦ ᠠᠴᠠ | ᠬᠠᠰᠢᠶᠠᠯᠠᠨ ᠪᠣᠷᠳᠣᠵᠤ ᠲᠠᠷᠭᠤᠯᠠᠭᠤᠯᠬᠤ᠂ ᠨᠠᠷᠢᠯᠢᠭ ᠪᠣᠯᠪᠠᠰᠤᠷᠠᠭᠤᠯᠤᠭᠰᠠᠨ ᠠᠯᠠᠰᠢᠨ ᠦᠬᠡᠷ ᠤᠨ ᠪᠥᠬᠦ ᠠᠵᠤ | ᠦᠢᠯᠡᠰ ᠤᠨ ᠬᠡᠯᠬᠢᠶᠡᠰᠣ ᠬᠦᠷᠳᠡᠯᠡᠬᠢ ᠪᠣᠷᠣ ᠲᠥᠯᠥᠪ ᠢ ᠠᠩᠬ᠎ᠠ ᠠᠯᠬᠤᠮ ᠪᠦᠷᠢᠯᠳᠦᠭᠦᠯᠪᠡ᠃ 3 ᠬᠤᠰᠢᠭᠤ | ᠬᠤᠲᠠ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠯ᠎ᠠ ᠨᠤᠲᠤᠭ ᠤᠨ ᠠᠯᠠᠰᠢᠨ ᠬᠤᠨᠢᠨ ᠤ ᠠᠵᠤ | ᠦᠢᠯᠡᠰ ᠤᠨ ᠪᠦᠯᠦᠭᠯᠡᠯ ᠤᠨ ᠲᠥᠷᠥᠯ ᠵᠦᠢᠯ ᠤᠨ ᠬᠤᠰᠢᠭᠤ ᠰᠢᠶᠠᠨ ᠳᠤ ᠵᠢᠭᠰᠠᠭᠠᠭᠳᠠᠵᠣ᠂ ︽ᠰᠢᠯᠢ ᠶᠢᠨ | ᠭᠤᠤᠯ ᠬᠤᠨᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠵᠢᠩᠬᠢᠨᠢ ᠪᠠᠷ | ᠭᠠᠳᠠᠬᠰᠢ ᠨᠡᠶᠢᠳᠡᠯᠡᠭᠦᠯᠪᠡ᠃ ︽ᠰᠢᠯᠢ ᠶᠢᠨ ᠭᠤᠤᠯ ᠴᠠᠭᠠᠨ ᠢᠳᠡᠭᠡ︾ ᠶᠢ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠶ ᠶᠢᠨ ᠢᠯᠡᠳᠭᠡᠮᠵᠢᠳᠣ ᠪᠦᠲᠦᠭᠡᠭᠳᠡᠭᠦᠨ ᠢᠶᠠᠷ ᠲᠠᠩᠰᠠᠯᠠᠭᠳᠠᠭᠰᠠᠨᠦᠢᠯᠡᠳᠬᠦᠨ ᠤ | ᠨᠡᠷᠡᠰ ᠤᠨ ᠵᠢᠭᠰᠠᠭᠠᠯᠲᠠ ᠳᠤ ᠣᠷᠣᠭᠤᠯᠵᠤ᠂ 28 ᠤᠯᠠᠮᠵᠢᠯᠠᠯᠲᠤ ᠴᠠᠭᠠᠨ ᠢᠳᠡᠭᠡᠨ ᠤ ᠵᠢᠱᠢᠶ᠎ᠡ ᠦᠵᠡᠭᠦᠯᠬᠦ | ᠨᠢᠭᠡᠴᠡ ᠶᠢ ᠪᠥᠬᠦ ᠣᠷᠣᠨ ᠤ ᠠᠩᠬᠠᠨ ᠤ ᠪᠦᠯᠦᠭ ᠤᠨ ᠲᠤᠷᠰᠢᠯᠲᠠ ᠳᠤ ᠣᠷᠣᠭᠤᠯᠤᠭᠰᠠᠨ ᠪᠥᠭᠡᠳ ᠲᠤᠭ᠎ᠠ ᠬᠡᠮᠵᠢᠶ᠎ᠡ | ᠶᠢ ᠪᠥᠬᠦ ᠣᠷᠣᠨ ᠤ ᠲᠡᠷᠢᠭᠦᠨ ᠳᠤ ᠪᠠᠶᠢᠷᠢᠯᠠᠭᠤᠯᠵᠣ᠂ ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ | ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠤᠬᠠᠶ ᠶᠢᠨ ᠲᠠᠯᠠᠪᠠᠢ ᠶᠢᠨ ᠬᠤᠷᠠᠯ ᠢ ᠠᠮᠵᠢᠯᠲᠠ ᠲᠠᠢ | ᠳᠠᠭᠠᠭᠠᠴᠢᠯᠠᠨ ᠡᠷᠭᠢᠯᠡᠪᠡ᠃ ᠣᠨᠴᠠ ᠥᠨᠳᠥᠷ ᠬᠦᠴᠦᠳᠡᠯᠲᠦ ᠢᠵᠢ ᠪᠥᠷᠢᠳᠦᠭᠰᠡᠨ 700 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ ᠲᠣᠤᠷ ᠲᠤ | ᠨᠡᠶᠢᠯᠡᠭᠦᠯᠦᠨ ᠴᠠᠬᠢᠯᠭᠠᠨ ᠭᠠᠷᠭᠠᠵᠣ᠂ ︽ᠲᠠᠪᠤᠨ ᠥᠷᠲᠡᠭᠡ ᠲᠠᠪᠤᠨ ᠱᠤᠭᠤᠮ︾ ᠤᠨ ᠭᠠᠳᠠᠭᠰᠢ ᠬᠦᠷᠭᠡᠬᠦ | ᠢᠨᠵᠧᠨᠧᠷᠢᠩ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠮᠠᠨ ᠤ ᠠᠶᠢᠮᠠᠭ ᠨᠢ ᠪᠥᠬᠦ ᠣᠷᠣᠨ ᠤ ᠠᠩᠬᠠᠳᠠᠭᠴᠢ | ᠮᠢᠩᠭᠠᠨ ᠲᠦᠮᠡᠨ ᠺᠢᠯᠣᠸᠠᠲ ᠤᠨ ᠲᠠᠰ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠠᠭᠤᠷᠢᠨ ᠭᠠᠵᠠᠷ ᠪᠣᠯᠣᠭᠰᠠᠨ | ᠪᠠᠶᠢᠨ᠎ᠠ᠃ ᠳ᠋ᠠ ᠲᠠᠩ᠂ ᠤᠮᠠᠷᠠᠲᠤ ᠶᠢᠨ ᠴᠠᠬᠢᠯᠭᠠᠨ ᠦᠢᠯᠡᠳᠪᠦᠷᠢ ᠶᠢᠨ ︽ᠬᠤᠣᠰ ᠪᠡᠯᠡ ᠣᠷᠣᠭᠤᠯᠤᠯᠲᠠ︾ ᠶᠢ | ᠪᠡᠶᠡᠯᠡᠭᠦᠯᠵᠦ᠂ ᠴᠠᠭᠠᠨᠨᠠᠭᠤᠷ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ | ᠴᠠᠬᠢᠯᠭᠠᠨ ᠦᠢᠯᠡᠳᠪᠦᠷᠢ ᠠᠵᠢᠯ ᠡᠬᠢᠯᠡᠭᠦᠯᠵᠦ᠂ ᠬᠤᠸᠠ ᠳ᠋ᠢᠶᠠᠨ ᠤ ᠶᠢᠨ ᠱᠠᠨ ᠴᠠᠬᠢᠯᠭᠠᠨ ᠦᠢᠯᠡᠳᠪᠦᠷᠢ ᠶᠢᠨ | ᠬᠤᠶᠠᠳᠤᠭᠠᠷ ᠬᠤᠭᠤᠴᠠᠭ᠎ᠠ᠂ ᠵᠢᠶᠠᠩᠰᠦ ᠶᠢᠨ ᠡᠨᠧᠷᠭᠢ ᠶᠢᠨ ᠤᠯᠠᠭᠠᠢ ᠴᠠᠬᠢᠯᠭᠠᠨ ᠦᠢᠯᠡᠳᠪᠦᠷᠢ ᠬᠢᠨᠠᠨ | ᠵᠥᠪᠰᠢᠶᠡᠷᠡᠭᠳᠡᠵᠦ᠂ ᠵᠢᠩ ᠨᠧᠩ ᠲᠠᠪᠣᠨ ᠲᠠᠰᠣᠯᠭ᠎ᠠ ᠪᠠᠶᠢᠰᠢᠩ ᠴᠠᠬᠢᠯᠭᠠᠨ ᠦᠢᠯᠡᠳᠪᠦᠷᠢ ᠤᠯᠤᠰ ᠤᠨ ᠴᠢᠨᠠᠷ | ᠰᠠᠶᠢᠲᠠᠢ ᠰᠢᠯᠢᠳᠡᠭ ᠢᠨᠵᠧᠨᠧᠷᠢᠩ ᠤᠨ ᠠᠯᠳᠠᠨ ᠱᠠᠩᠨᠠᠯ ᠢ ᠬᠦᠷᠳᠡᠵᠦ᠂ ᠪᠦᠬᠦ ᠠᠶᠢᠮᠠᠭ ᠤᠨ ᠢᠯᠴᠢ ᠶᠢᠨ | ᠴᠠᠬᠢᠯᠭᠠᠨ ᠤ ᠴᠠᠬᠢᠯᠭᠠᠨ ᠭᠠᠷᠭᠠᠬᠤ ᠬᠡᠮᠵᠢᠶ᠎ᠡ ᠶᠢ 500 ᠳ᠋ᠦᠩᠰᠢᠭᠤᠷ ᠺᠢᠯᠣᠸᠠᠲ ᠴᠠᠭ ᠢ ᠳᠠᠪᠠᠭᠤᠯᠵᠣ᠂ 20% | ᠪᠠᠷ ᠨᠡᠮᠡᠭᠳᠡᠭᠦᠯᠪᠡ᠃ ᠪᠦᠬᠦ ᠵᠢᠯ ᠳᠤ 1.1 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ ᠬᠠᠩᠭᠠᠯᠭ᠎ᠠ ᠶᠢ | ᠪᠠᠲᠤᠯᠠᠬᠤ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠬᠢᠮᠡᠯ ᠠᠯᠮᠠᠰ᠂ ᠪᠠᠯ ᠴᠢᠯᠠᠭᠤᠨ ᠴᠠᠬᠢᠯᠭᠠᠨ ᠲᠦᠢᠯ᠂ | ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠵᠡᠷᠭᠡ ᠨᠢᠭᠡ ᠪᠦᠯᠦᠭ ᠰᠢᠨ᠎ᠡ ᠪᠠᠷ ᠭᠦᠭᠵᠢᠨ | ᠮᠠᠨᠳᠤᠭᠰᠠᠨ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ ᠰᠠᠯᠬᠢᠨ ᠬᠦᠴᠦᠨ ᠤ ᠮᠠᠰᠢᠨ ᠲᠣᠨᠣᠭᠯᠠᠯ | ᠦᠢᠯᠡᠳᠬᠦ ᠬᠡᠪᠴᠢᠶ᠎ᠡ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃ ᠰᠢᠯᠢ ᠶᠢᠨ ᠭᠤᠤᠯ ᠤᠨ ᠮᠢᠩᠭᠠᠨ | ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠳᠠᠷᠳᠠᠩ ᠵᠠᠮ ᠢ ᠠᠩᠬ᠎ᠠ ᠠᠯᠬᠤᠮ ᠪᠦᠷᠢᠯᠳᠦᠭᠦᠯᠵᠣ᠂ ᠬᠤᠶᠠᠷ | ᠵᠤᠷᠪᠤᠰ ᠵᠢᠭᠤᠯᠴᠢᠯᠠᠯ ᠤᠨ ᠱᠤᠭᠤᠮ ᠨᠢ ︽ᠪᠥᠬᠦ ᠤᠯᠤᠰ ᠤᠨ 100 ᠰᠣᠳᠣᠨ ᠭᠤᠤᠯ ᠰᠡᠳᠦᠪᠲᠦ | ᠵᠢᠭᠤᠯᠴᠢᠯᠠᠯ ᠤᠨ ᠱᠤᠭᠤᠮ︾ ᠪᠠ ︽ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠤᠯ | ᠰᠡᠳᠦᠪᠲᠦ ᠵᠢᠭᠤᠯᠴᠢᠯᠠᠯ ᠤᠨ ᠱᠤᠭᠤᠮ︾ ᠢᠶᠠᠷ ᠰᠣᠩᠭᠤᠭᠳᠠᠵᠤ ᠂ ᠡᠷᠢᠶᠡᠨ ᠬᠤᠲᠠ ᠶᠢ ᠤᠯᠤᠰ ᠤᠨ ᠲᠠᠰ ᠤᠨ | ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠣᠯᠭᠠᠨ ᠡᠭᠦᠳᠦᠨ ᠪᠠᠶᠢᠭᠤᠯᠪᠠ᠃ ᠪᠥᠬᠦ | ᠠᠶᠢᠮᠠᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ ᠶᠢ ᠠᠳᠠᠯᠢ | ᠬᠤᠭᠤᠴᠠᠭᠠᠨ ᠤ ᠬᠢ ᠠᠴᠠ 32.5 % ᠪᠠᠷ ᠨᠡᠮᠡᠭᠳᠡᠭᠦᠯᠪᠡ ᠃ | ︵ᠵᠢᠷᠭᠤᠭ᠎ᠠ︶ ᠬᠤᠲᠠ ᠬᠥᠳᠡᠭᠡ ᠶᠢ ᠨᠢᠭᠡᠳᠦᠯᠲᠡᠶ ᠲᠦᠯᠦᠪᠵᠢᠭᠦᠯᠦᠨ ᠬᠥᠭᠵᠢᠭᠦᠯᠬᠦ ᠠᠵᠢᠯ ᠢ ᠭᠦᠨᠵᠡᠭᠡᠶ | ᠠᠬᠢᠭᠤᠯᠪᠠ᠃ 16 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠬᠤᠲᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ 90 ᠬᠠᠭᠤᠴᠢᠨ ᠰᠠᠭᠤᠭᠠᠯᠢ ᠠᠷᠠᠳ | ᠤᠨ ᠲᠣᠭᠤᠷᠢᠭ ᠢ ᠥᠭᠡᠷᠡᠴᠢᠯᠡᠨ ᠵᠠᠰᠠᠵᠣ᠂ 500 ᠢᠵᠢ ᠳᠥᠭᠦᠮ ᠪᠦᠳᠦᠴᠡᠳᠦ ᠣᠷᠣᠨ ᠰᠠᠭᠤᠴᠠ ᠶᠢ | ᠥᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠪᠡ᠃ 1563 ᠺᠢᠯᠣᠮᠧᠲᠷ ᠣᠷᠳᠣ ᠵᠠᠰᠠᠮᠠᠯ ᠵᠠᠮ ᠢ ᠰᠢᠨ᠎ᠡ ᠪᠠᠷ | ᠦᠷᠭᠦᠯᠵᠢᠯᠡᠨ ᠵᠠᠰᠠᠵᠤ᠂ 3 ᠵᠤᠷᠪᠤᠰ ᠭᠤᠤᠯᠳᠠᠯᠭ᠎ᠠ ᠲᠠᠢ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ | ᠨᠡᠪᠲᠡᠷᠡᠭᠦᠯᠦᠨ᠂ ᠬᠦᠪᠡᠭᠡᠳᠣ ᠰᠢᠷ᠎ᠠ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ | ᠠᠰᠢᠭᠯᠠᠯᠲᠠ ᠳᠤ ᠣᠷᠣᠭᠤᠯᠵᠤ᠂ ᠰᠢᠯᠢ ᠶᠢᠨ ᠬᠤᠳᠠ ᠠᠴᠠ ᠲᠠᠢ ᠽᠢ ᠴᠧᠩ ᠬᠦᠷᠬᠦ ᠲᠦᠷᠭᠡᠨ ᠬᠤᠷᠳᠤᠴᠠᠲᠤ ᠲᠡᠮᠦᠷ | ᠵᠠᠮ᠂ ᠵᠢᠨᠢᠩ — ᠲᠦᠩᠯᠢᠶᠣᠣ ᠲᠡᠮᠦᠷ ᠵᠠᠮ ᠢ ᠴᠠᠬᠢᠯᠭᠠᠨᠵᠢᠭᠤᠯᠵᠦ ᠦᠭᠡᠷᠡᠴᠢᠯᠡᠨ ᠵᠠᠰᠠᠬᠤ᠂ ᠬᠤᠱᠢᠭ᠎ᠠ ᠠᠴᠠ | ᠹᠧᠩ ᠨᠢᠩ ᠬᠦᠷᠬᠦ ᠲᠡᠮᠦᠷ ᠵᠠᠮ ᠤᠨ ᠳᠡᠰ ᠳᠡᠪᠰᠢᠭᠦᠯᠦᠨ ᠦᠭᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ | ᠡᠬᠢᠯᠡᠭᠦᠯᠪᠡ᠃ 6.79 ᠲᠦᠮᠡᠨ ᠬᠥᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ | ᠰᠢᠢᠳᠪᠦᠷᠢᠯᠡᠵᠣ᠂ 2.7 ᠲᠦᠮᠡᠨ ᠡᠷᠦᠬᠡ ᠶᠢᠨ ᠬᠡᠷ ᠤᠨ ᠵᠣᠷᠯᠣᠩ ᠢ ᠥᠭᠡᠷᠡᠴᠢᠯᠡᠨ ᠵᠠᠰᠠᠵᠤ᠂ 82 | ᠪᠠᠶᠢᠭᠤᠯᠣᠮᠵᠢᠳᠣ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠶᠢ ᠪᠡᠶᠡᠯᠡᠭᠦᠯᠪᠡ᠃ | ᠠᠪᠠᠭ᠎ᠠ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠳᠤ 2.62 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 36 | ᠲᠥᠷᠥᠯ ᠵᠦᠢᠯ ᠢ ᠬᠡᠷᠡᠭᠵᠢᠭᠦᠯᠵᠦ᠂ ᠣᠲᠣ ᠦᠶ᠎ᠡ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠥᠲᠥᠭᠡᠨ | ᠪᠠᠶᠢᠭᠤᠯᠤᠯᠲᠠ ᠪᠠ ᠮᠠᠯ ᠲᠡᠵᠢᠭᠡᠪᠦᠷᠢ ᠶᠢ ᠨᠠᠶᠢᠳᠠᠨ ᠬᠠᠮᠢᠶᠠᠷᠤᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠵᠡᠷᠭᠡ | ᠲᠠᠯ᠎ᠠ ᠪᠠᠷ ᠠᠰᠢᠭᠲᠠᠶ ᠲᠤᠷᠰᠢᠯᠭ᠎ᠠ ᠶᠢ ᠬᠠᠶᠢᠨ ᠰᠦᠪᠡᠭᠴᠢᠯᠡᠭᠰᠡᠨ ᠪᠠᠶᠢᠨ᠎ᠠ᠃ | ︵ᠲᠤᠯᠤᠭ᠎ᠠ︶ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠥᠬᠦ ᠣᠷᠣᠨ ᠤ ︽ᠶᠡᠷᠦᠩᠬᠡᠶᠢᠯᠡᠭᠰᠡᠨ | ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾ ᠲᠠᠪᠴᠠᠩ ᠤᠨ ᠲᠤᠷᠰᠢᠯᠲᠠ ᠶᠢᠨ ᠴᠡᠭ ᠤᠨ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠰᠦᠯᠵᠢᠶᠡᠨ ᠳᠡᠭᠡᠷ᠎ᠡ ᠬᠦᠢᠴᠡᠳᠬᠡᠵᠣ ᠪᠣᠯᠬᠤ ᠨᠣᠷᠮ᠎ᠠ ᠶᠢ 80% ᠳᠤ ᠬᠦᠷᠦᠭᠦᠯᠪᠡ᠃ ᠡᠷᠢᠶᠡᠨ ᠬᠤᠲᠠ ᠶᠢᠨ | ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠮᠠᠨ ᠤ ᠲᠠᠯ᠎ᠠ ᠶᠢᠨ | 3 ᠬᠠᠪᠳᠠᠭᠠᠢ ᠳᠥᠷᠪᠡᠯᠵᠢᠨ ᠺᠢᠯᠣᠮᠧᠲᠷ ᠤᠨ ᠭᠤᠤᠯ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠦᠨᠳᠦᠰᠦᠨ ᠳᠡᠭᠡᠨ ᠳᠠᠭᠤᠰᠬᠠᠵᠤ᠂ ᠪᠥᠬᠦ ᠣᠷᠣᠨ ᠤ ᠠᠩᠬᠠᠳᠠᠭᠴᠢ ᠬᠠᠷᠢᠯᠴᠠᠨ ᠠᠷᠠᠯᠵᠢᠶᠠᠯᠠᠬᠤ | ᠵᠠᠬ᠎ᠠ ᠳᠡᠯᠭᠡᠭᠦᠷ ᠤᠨ ᠠᠷᠠᠯᠵᠢᠶ᠎ᠠ ᠶᠢ ᠪᠣᠳᠠᠲᠠᠶᠢᠵᠢᠭᠤᠯᠤᠨ ᠪᠣᠯᠪᠠᠰᠣᠷᠠᠭᠤᠯᠬᠤ ᠴᠡᠭ ᠵᠥᠪᠰᠢᠶᠡᠷᠡᠭᠳᠡᠪᠡ᠃ ᠡᠷᠢᠶᠡᠨ | ᠬᠤᠲᠠ ᠶᠢᠨ ᠲᠡᠮᠦᠷ ᠵᠠᠮ ᠤᠨ ᠪᠣᠭᠤᠮᠲᠠ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠪᠣᠭᠤᠮᠲᠠ ᠪᠠᠷ | ᠦᠩᠭᠡᠷᠡᠭᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ | ᠡᠭᠡᠯᠵᠢ ᠶᠢᠨ ᠭᠠᠯᠲᠤ ᠲᠡᠷᠭᠡᠨ ᠤ ᠲᠤᠭ᠎ᠠ ᠶᠢ 53.3% ᠪᠠᠷ ᠨᠡᠮᠡᠭᠳᠡᠭᠦᠯᠪᠡ︔ ᠵᠡᠭᠦᠨ ᠬᠠᠲᠠᠪᠴᠢ ᠪᠣᠭᠤᠮᠲᠠ ᠶᠢᠨ | ᠬᠤᠯᠪᠣᠭᠠᠯᠠᠨ ᠪᠠᠶᠢᠴᠠᠭᠠᠬᠤ ᠲᠣᠭᠤᠷᠢᠭ ᠲᠠᠬᠢ ᠥᠭᠡᠷᠡᠴᠢᠯᠡᠯᠲᠡ ᠶᠢᠨ ᠲᠥᠷᠥᠯ ᠵᠦᠢᠯ ᠢ 70 % ᠪᠠᠷ ᠪᠡᠶᠡᠯᠡᠭᠦᠯᠪᠡ | ᠃ ᠪᠦᠬᠦ ᠵᠢᠯ ᠳᠤ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1926 | ᠲᠦᠮᠡᠨ ᠲᠤᠨ ᠳᠤ ᠭᠦᠷᠭᠡᠪᠡ᠃ | ︵ ᠨᠠᠢᠮᠠ︶ ᠠᠷᠠᠳ ᠤᠨ ᠠᠮᠢᠳᠤᠷᠠᠯ ᠤᠨ ᠦᠢᠯᠡᠰ ᠢ ᠪᠦᠲᠦᠮᠵᠢᠳᠣ ᠪᠠᠲᠤᠯᠠᠭ᠎ᠠ ᠲᠠᠢ ᠪᠣᠯᠭᠠᠪᠠ᠃ 7.46 | ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ 1.33 ᠲᠦᠮᠡᠨ | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ | ᠨᠣᠷᠮ᠎ᠠ ᠶᠢ 3.09% ᠶᠢᠨ ᠳᠣᠲᠣᠷ᠎ᠠ ᠬᠢᠵᠠᠭᠠᠷᠯᠠᠪᠠ᠃ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠡᠮᠴᠢᠯᠡᠭᠡᠨ ᠤ ᠪᠦᠯᠦᠭᠯᠡᠯ 2 ᠢ | ᠪᠠᠶᠢᠭᠤᠯᠵᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ 25 ᠪᠠᠶᠢᠭᠤᠯᠵᠤ᠂ ᠠᠶᠢᠮᠠᠭ ᠤᠨ | ᠲᠥᠪ ᠡᠮᠨᠡᠯᠭᠡ ᠶᠢᠨ ᠬᠤᠷᠢᠶᠠᠨ ᠤ ᠪᠦᠬᠦ᠋ᠢᠯᠡ ᠴᠣᠭᠴᠠ ᠶᠢᠨ ᠲᠠᠰ ᠳᠡᠪᠰᠢᠭᠦᠯᠬᠦ ᠲᠥᠷᠥᠯ ᠵᠦᠢᠯ ᠤᠨ ᠭᠤᠤᠯ | ᠴᠣᠭᠴᠠ ᠶᠢᠨ ᠢᠨᠵᠧᠨᠧᠷᠢᠩ ᠤᠨ 70% ᠶᠢ ᠪᠡᠶᠡᠯᠡᠭᠦᠯᠪᠡ᠃ 77 ᠰᠤᠷᠭᠠᠭᠤᠯᠢ ᠳᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ︽ᠪᠠᠭᠤᠷᠠᠢ ᠲᠠᠯ᠎ᠠ ᠪᠠᠨ ᠰᠢᠯᠢᠳᠡᠭᠵᠢᠬᠦᠯᠦᠨ ᠶᠠᠰᠣ ᠴᠢᠨᠠᠷ ᠢᠶᠠᠨ ᠳᠡᠭᠡᠭᠰᠢᠯᠡᠬᠦᠯᠬᠦ︾ ᠢᠨᠵᠧᠨᠧᠷᠢᠩ ᠢ | ᠬᠡᠷᠡᠭᠵᠢᠭᠦᠯᠵᠣ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠨ ᠳᠡᠭᠡᠭᠰᠢᠯᠡᠭᠦᠯᠦᠭᠰᠡᠨ ᠨᠤᠷᠮ᠎ᠠ ᠶᠢ 97. | 2% ᠲᠤ ᠬᠦᠷᠭᠡᠪᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 7 ᠶᠢ ᠰᠢᠨ᠎ᠡ ᠪᠠᠷ ᠦᠷᠭᠦᠯᠵᠢᠯᠡᠨ | ᠪᠠᠶᠢᠭᠤᠯᠵᠤ᠂ ᠠᠯᠪᠠᠨ ᠠᠴᠠ ᠡᠷᠬᠢᠯᠡᠭᠰᠡᠨ ᠴᠡᠴᠡᠷᠯᠢᠭ ᠲᠠᠬᠢ ᠬᠡᠦᠬᠡᠳ ᠤᠨ ᠡᠵᠡᠯᠡᠬᠦ ᠬᠠᠷᠢᠴᠠᠯ ᠢ 73 % ᠳᠤ | ᠬᠦᠷᠭᠡᠵᠣ᠂ ᠪᠦᠬᠦ ᠣᠷᠣᠨ ᠳᠤ ᠲᠡᠷᠢᠭᠦᠯᠡᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠴᠢᠩᠭᠠᠳᠬᠠᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ | ᠪᠠᠶᠢᠭ᠎ᠠ 29 ᠳᠤᠮᠳᠠᠳᠤ ᠪᠠᠭ᠎ᠠ ᠰᠤᠷᠭᠠᠭᠤᠯᠢ ᠶᠢᠨ 2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ | ᠭᠡᠷᠡᠭᠵᠢᠬᠦᠯᠪᠡ᠃ ᠣᠯᠠᠨ ᠲᠦᠮᠡᠨ ᠤ ᠰᠣᠶᠣᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠤᠯᠠᠭᠠᠨᠮᠥ᠋ᠴᠢᠷ ᠨᠢ 349 | ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠪᠡ᠃ ᠪᠥᠬᠦ ᠣᠷᠣᠨ ᠳᠤ ᠨᠠᠭᠠᠳᠤ ᠵᠠᠬ᠎ᠠ ᠶᠢᠨ ᠠᠮᠢᠳᠣᠷᠠᠯ | ᠤᠨ ᠪᠠᠲᠤᠯᠠᠭ᠎ᠠ ᠶᠢᠨ ᠪᠠᠷᠢᠮᠵᠢᠶ᠎ᠠ ᠶᠢ ᠬᠤᠲᠠ ᠬᠥᠳᠡᠭᠡ ᠳᠤ ᠨᠢᠭᠡᠳᠦᠯᠲᠡᠶ ᠲᠦᠯᠦᠪᠵᠢᠬᠦᠯᠬᠦ ᠶᠢ ᠤᠷᠢᠳᠠᠪᠠᠷ | ᠪᠡᠶᠡᠯᠡᠭᠦᠯᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢ ᠠᠶᠢᠮᠠᠭ ᠤᠨ ᠱᠠᠲᠤᠨ ᠳᠤ ᠨᠢᠭᠡᠳᠦᠯᠲᠡᠶ ᠲᠦᠯᠦᠪᠵᠢᠬᠦᠯᠬᠦ ᠶᠢ ᠪᠡᠶᠡᠯᠡᠭᠦᠯᠪᠡ᠃ ᠴᠡᠷᠢᠭ ᠠᠴᠠ | ᠬᠠᠯᠠᠭᠳᠠᠭᠰᠠᠳ ᠤᠨ ᠳᠥᠷᠪᠡᠳᠦᠭᠡᠷ ᠳᠡᠰ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠣᠭᠳᠠᠯᠴᠠᠭ᠎ᠠ ᠶᠢ ᠨᠡᠶᠢᠳᠡᠮ | ᠬᠠᠮᠣᠷᠬᠤ ᠶᠢ ᠪᠡᠶᠡᠯᠡᠭᠦᠯᠪᠡ᠃ ᠥᠯᠥ ᠬᠥᠳᠡᠯᠬᠦ ᠬᠥᠷᠥᠩᠭᠡ ᠶᠢᠨ ᠦᠯᠡᠳᠡᠭᠳᠡᠵᠦ ᠢᠷᠡᠭᠰᠡᠨ ᠦᠨᠡᠮᠯᠡᠯ ᠢ | ᠬᠦᠢᠴᠡᠳᠭᠡᠬᠦ ᠪᠦᠬᠦᠯᠢ ᠴᠣᠭᠴᠠ ᠶᠢᠨ ᠬᠦᠢᠴᠡᠳᠬᠡᠵᠣ ᠳᠠᠭᠤᠰᠬᠠᠭᠰᠠᠨ ᠨᠣᠷᠮ᠎ᠠ ᠶᠢ 86 % ᠪᠠᠷ ᠳᠠᠪᠠᠭᠤᠯᠵᠣ ᠂ | ᠡᠭᠦᠨ ᠳᠤ ᠣᠷᠣᠨ ᠰᠠᠭᠤᠴᠠ ᠶᠢᠨ ᠦᠨᠡᠮᠯᠡᠯ ᠢ ᠬᠦᠢᠴᠡᠳᠬᠡᠵᠣ ᠳᠠᠭᠤᠰᠬᠠᠭᠰᠠᠨ ᠨᠣᠷᠮ᠎ᠠ ᠶᠢ 92.2% ᠲᠤ | ᠬᠦᠷᠭᠡᠵᠣ᠂ ᠪᠥᠬᠦ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠭᠳᠠᠪᠠ ᠃ | ︵ᠶᠢᠰᠦ︶ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ 5 | ᠭᠠᠵᠠᠷ ᠣᠷᠣᠨ ᠤ ᠨᠢᠭᠡᠴᠡ ᠪᠠ 3 ᠭᠠᠴᠠᠭ᠎ᠠ ᠶᠢ ᠪᠥᠬᠦ ᠣᠷᠣᠨ ᠤ ᠵᠢᠷᠭᠤᠳᠤᠭᠠᠷ ᠪᠦᠯᠦᠭ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ︵ᠭᠠᠴᠠᠭ᠎ᠠ︶ ᠪᠠᠷ ᠨᠡᠷᠡᠶᠢᠳᠪᠡ᠃ ︽ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ | ᠨᠠᠮᠳᠠᠭᠤᠯᠣᠨ ᠰᠢᠢᠳᠪᠦᠷᠢᠯᠡᠭᠰᠡᠨ ᠨᠣᠷᠮ᠎ᠠ ᠶᠢ 97% ᠳᠤ ᠬᠦᠷᠭᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠠᠮᠵᠢᠯᠲᠠ ᠣᠯᠵᠣ᠂ ᠡᠷᠡᠭᠦᠦ ᠶᠢᠨ ᠬᠡᠷᠡᠭ ᠪᠠ ᠠᠮᠤᠷ ᠢ ᠬᠠᠮᠠᠭᠠᠯᠠᠬᠤ ᠬᠡᠷᠡᠭ ᠢ | ᠲᠣᠰᠪᠣᠷᠢ 8.5% ᠪᠣᠯᠣᠨ 24.6% ᠪᠠᠷ ᠪᠠᠭᠤᠷᠠᠭᠤᠯᠪᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ | ᠴᠡᠭᠴᠡᠯᠡᠨᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠡ᠊ᠨᠳᠡᠯ ᠭᠠᠷᠤᠭᠰᠠᠨ ᠲᠤᠭ᠎ᠠ ᠪᠠ | ᠠᠳᠡᠭᠰᠡᠨ ᠬᠥᠮᠦᠨ ᠤ ᠲᠤᠭ᠎ᠠ ᠶᠢ ᠲᠣᠰᠪᠣᠷᠢ 19.4% ᠪᠠ 64.7% ᠪᠠᠷ ᠪᠠᠭᠤᠷᠠᠭᠤᠯᠪᠠ᠃ ᠴᠡᠷᠢᠭ ᠴᠠᠭᠳᠠᠭ᠎ᠠ | ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠰᠡᠷᠭᠡᠶᠢᠯᠡᠯᠲᠡ ᠶᠢ ᠪᠠᠬᠢᠵᠢᠭᠦᠯᠬᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠣᠷᠣᠨ ᠨᠤᠲᠤᠭ ᠴᠡᠷᠢᠭ ᠢᠶᠠᠨ ᠬᠦᠷᠢᠶᠡᠯᠡᠨ ᠭᠡᠷ | ᠪᠦᠯᠢ ᠶᠢ ᠨᠢ ᠬᠠᠷᠠᠭᠠᠯᠵᠠᠬᠤ᠂ ᠴᠡᠷᠢᠭ ᠠᠩᠭᠢ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ᠂ ᠠᠷᠠᠳ ᠤᠨ | ᠠᠭᠠᠷ ᠤᠨ ᠰᠡᠷᠭᠡᠶᠢᠯᠡᠯᠲᠡ᠂ ᠱᠠᠰᠢᠨ ᠰᠤᠷᠲᠠᠬᠤᠨ ᠤ ᠬᠡᠷᠡᠭ ᠶᠠᠪᠤᠳᠠᠯ᠂ ᠭᠠᠳᠠᠭᠠᠳᠤ ᠶᠠᠪᠤᠳᠠᠯ ᠬᠠᠷᠢᠶᠠᠲᠤ ᠶᠢᠨ | ᠶᠠᠪᠤᠳᠠᠯ ᠵᠡᠷᠭᠡ ᠠᠵᠢᠯ ᠢ ᠰᠢᠨ᠎ᠡ ᠲᠠᠪᠰᠢᠯᠳᠠ ᠲᠠᠢ ᠪᠣᠯᠭᠠᠪᠠ᠃ ᠳᠥᠷᠪᠡᠳᠦᠭᠡᠷ ᠤᠳᠠᠭᠠᠨ ᠤ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠪᠡᠶᠡᠯᠡᠭᠦᠯᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠠᠭ ᠢᠮᠠᠭᠲᠠ | ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠨᠠᠷᠢᠯᠢᠭ ᠣᠨᠣᠴᠠᠲᠠᠶ ᠪᠠᠷ ᠪᠠᠷᠢᠮᠵᠢᠶᠠᠯᠠᠨ ᠬᠠᠷᠭᠤᠭᠤᠯᠵᠤ᠂ ᠵᠦᠷᠢᠶ᠎ᠡ | ᠲᠣᠳᠠᠭᠳᠠᠯ ᠢᠶᠠᠨ ᠴᠠᠭ ᠲᠤᠬᠠᠢ ᠳᠤᠨᠢ ᠡᠷᠢᠨ ᠭᠠᠷᠭᠠᠵᠣ ᠬᠠᠷᠭᠤᠭᠤᠯᠣᠨ᠂ ︽ᠲᠦᠷᠪᠡᠡ ᠤᠬᠠᠮᠰᠠᠷ︾ ᠢᠶᠠᠨ | ᠪᠠᠬᠢᠵᠢᠭᠦᠯᠵᠣ᠂ ︽ᠲᠦᠷᠪᠡᠡ ᠢᠲᠡᠭᠡᠯ︾ ᠢᠶᠠᠨ ᠪᠠᠳᠣᠳᠬᠠᠨ᠂ ︽ᠬᠤᠶᠠᠷ ᠢ ᠬᠠᠮᠠᠭᠠᠯᠠᠬᠤ︾ ᠶᠢ ᠦᠨᠡᠨᠬᠦ | ᠪᠡᠶᠡᠯᠡᠭᠦᠯᠪᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ | ᠦᠷᠭᠦᠯᠵᠢᠯᠡᠨ ᠠᠬᠢᠭᠤᠯᠵᠤ᠂ ᠲᠥᠪ ᠤᠨ ᠲᠣᠭᠤᠷᠢᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ | ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ | ᠲᠤᠰᠬᠠᠶ ᠲᠣᠭᠤᠷᠢᠨ ᠪᠠᠶᠢᠴᠠᠭᠠᠯᠲᠠ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠲᠥᠪᠯᠡᠷᠡᠭᠦᠯᠦᠨ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠥᠪᠯᠡᠯ ᠤᠨ ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ 9 ᠬᠤᠪᠢ ᠰᠠᠨᠠᠯ ᠰᠠᠨᠠᠭᠤᠯᠭ᠎ᠠ᠂ ᠥᠪᠡᠷᠲᠡᠭᠡᠨ | ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ 5 ᠬᠤᠪᠢ ᠰᠠᠨᠠᠯ ᠳᠤᠷᠠᠳᠤᠯᠭ᠎ᠠ᠂ ᠠᠶᠢᠮᠠᠭ ᠤᠨ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ 119 ᠬᠤᠪᠢ ᠰᠠᠨᠠᠯ ᠳᠤᠷᠠᠳᠤᠯᠭ᠎ᠠ ᠶᠢ ᠪᠦᠬᠦᠨ ᠢ ᠬᠤᠭᠤᠴᠠᠭ᠎ᠠ | ᠶᠣᠰᠣᠭᠠᠷ ᠭᠦᠢᠴᠡᠳᠬᠡᠨ ᠳᠠᠭᠤᠰᠬᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠢ ᠪᠥᠬᠦ | ᠣᠷᠣᠨ ᠤ ᠠᠩᠬᠠᠳᠠᠭᠴᠢ ᠪᠦᠯᠦᠭ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠵᠢᠭᠰᠠᠭᠠᠨ | ᠣᠷᠣᠭᠤᠯᠤᠭᠰᠠᠨ ᠴᠣᠷ ᠤᠨ ᠭᠠᠭᠴᠠ ᠵᠢᠱᠢᠶ᠎ᠡ ᠦᠵᠡᠭᠦᠯᠬᠦ ᠲᠥᠷᠥᠯ ᠵᠦᠢᠯ ᠪᠣᠯᠭᠠᠵᠣ᠂ ᠬᠠᠤᠯᠢ ᠪᠠᠷ ᠣᠷᠣᠨ ᠢᠶᠠᠨ | ᠵᠠᠰᠠᠬᠤ ᠰᠢᠯᠭᠠᠨ ᠦᠨᠡᠯᠡᠯᠳᠡ ᠳᠤ ᠮᠠᠨ ᠤ ᠠᠶᠢᠮᠠᠭ ᠪᠥᠬᠦ ᠣᠷᠣᠨ ᠳᠠᠭᠠᠨ 2 ᠳ᠋ᠤᠭᠠᠷ ᠲᠤ ᠵᠢᠭᠰᠠᠭᠠᠭᠳᠠᠪᠠ᠃ ︽ | ᠠᠷᠪᠢᠯᠠᠨ ᠭᠠᠮᠨᠠᠬᠤ ︾ ᠦᠵᠡᠯ ᠰᠠᠨᠠᠭ᠎ᠠ ᠶᠢ ᠪᠠᠷᠢᠮᠲᠠᠯᠠᠵᠤ᠂ ᠪᠥᠬᠦ ᠠᠶᠢᠮᠠᠭ ᠤᠨ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠤᠨ ᠵᠠᠷᠤᠯᠭ᠎ᠠ ᠶᠢ 13.6% ᠪᠠᠷ ᠪᠠᠭᠤᠷᠠᠭᠤᠯᠪᠠ᠃ | ᠡᠷᠬᠢᠯᠡᠭᠴᠢ ᠨᠠᠷ᠂ ᠭᠡᠰᠢᠭᠦᠳ ᠡ᠂ 2020 ᠣᠨ ᠤ ᠭᠤᠣᠯ ᠬᠠᠷᠠᠯᠲᠠ ᠡᠭᠦᠷᠭᠡ ᠶᠢ ᠠᠮᠵᠢᠯᠲᠠᠲᠠᠢ | ᠪᠡᠶᠡᠯᠡᠭᠦᠯᠦᠭᠰᠡᠨ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠢᠯᠠᠯᠳᠠ ᠲᠠᠢ ᠪᠠᠷ | ᠳᠡᠭᠦᠰᠭᠡᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠰᠢᠢᠳᠪᠦᠷᠢᠯᠡᠭᠴᠢ ᠴᠢᠨᠠᠷᠲᠠᠢ ᠠᠮᠵᠢᠯᠲᠠ | ᠪᠦᠲᠦᠮᠵᠢ ᠣᠯᠤᠭᠰᠠᠨ ᠢ ᠬᠠᠷᠠᠭᠤᠯᠵᠤ ᠪᠠᠶᠢᠭ᠎ᠠ ᠶᠣᠮ᠃ ᠲᠠᠪᠤᠨ ᠵᠢᠯ ᠤᠨ ᠲᠤᠷᠰᠢ᠂ ᠪᠦᠬᠦ ᠠᠶᠢᠮᠠᠭ ᠳᠠᠶᠠᠭᠠᠷ ᠢᠶᠠᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠲᠠᠯ᠎ᠠ ᠪᠠᠷ ᠯᠠᠪᠳᠠᠭᠤᠨ ᠪᠠᠲᠤᠲᠠᠢ ᠣᠷᠣᠭᠰᠢᠯᠠᠪᠠ᠃ ᠨᠢᠭᠡ ᠳᠤ | ᠠᠵᠤ ᠠᠬᠤᠶ ᠶᠢᠨ ᠪᠣᠳᠠᠲᠤ ᠬᠦᠴᠦᠨ ᠢ ᠲᠣᠭᠲᠠᠭᠤᠨ ᠢᠶᠠᠷ ᠳᠡᠭᠡᠭᠰᠢᠯᠡᠬᠦᠯᠪᠡ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠳᠤ ᠳᠤᠮᠳᠠᠴᠢ ᠪᠠᠷ 4.7% ᠪᠠᠷ ᠨᠡᠮᠡᠭᠳᠡᠭᠦᠯᠵᠣ᠂ ᠤᠯᠤᠰ ᠤᠨ | ᠳᠣᠲᠣᠭᠠᠳᠤ ᠶᠢᠨ ᠬᠥᠮᠦᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 1 ᠲᠦᠮᠡᠨ ᠳ᠋ᠣᠯᠯᠠᠷ ᠠᠴᠠ | ᠲᠠᠪᠠᠭᠤᠯᠵᠣ᠂ ᠴᠥᠮ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠭᠠᠪᠠ︔ ᠣᠯᠠᠨ | ᠨᠡᠶᠢᠲᠡ ᠶᠢᠨ ᠡᠩ ᠤᠨ ᠲᠥᠰᠦᠪ ᠣᠷᠣᠯᠭ᠎ᠠ ᠶᠢ ᠵᠢᠯ ᠳᠤ ᠳᠤᠮᠳᠠᠴᠢ ᠪᠠᠷ 6.8% ᠪᠠᠷ ᠨᠡᠮᠡᠭᠳᠡᠭᠦᠯᠵᠣ᠂ ᠶᠡᠷᠦᠩᠬᠡᠶ | ᠬᠡᠮᠵᠢᠶ᠎ᠡ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ | ᠳᠤ ᠪᠥᠬᠦ ᠣᠷᠣᠨ ᠤ 7 ᠳ᠋ᠤᠭᠠᠷ ᠲᠤ ᠪᠠᠶᠢᠭᠰᠠᠨ ᠠᠴᠠ ᠪᠠᠨ 2020 ᠣᠨ ᠳᠤ 5 ᠳ᠋ᠤᠭᠠᠷ ᠪᠠᠶᠢᠷᠢᠨ ᠳᠤ ᠬᠦᠷᠲᠡᠯ᠎ᠡ | ᠳᠡᠭᠡᠭᠰᠢᠯᠡᠭᠦᠯᠪᠡ᠃ ᠲᠠᠪᠤᠨ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ 580 | ᠲᠥᠷᠥᠯ ᠵᠦᠢᠯ ᠢ ᠬᠡᠷᠡᠭᠵᠢᠭᠦᠯᠵᠦ᠂ ᠨᠡᠶᠢᠳᠡ 1933 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠪᠡ᠃ ᠬᠤᠶᠠᠷ ᠲᠤ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ | ᠭᠤᠷᠪᠠᠨ ᠠᠵᠤ ᠦᠢᠯᠡᠰ ᠤᠨ ᠪᠦᠲᠦᠴᠡ ᠶᠢ ︽ᠠᠷᠪᠠᠨ ᠬᠤᠶᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯᠴᠢ ᠶᠢᠨ 16.4᠄ 44.6᠄ 39 ᠪᠠᠶᠢᠭᠰᠠᠨ ᠠᠴᠠ ᠪᠠᠨ 16.1᠄ 42.6᠄ 41. | 3 ᠪᠣᠯᠭᠠᠨ ᠬᠤᠪᠢᠷᠠᠭᠤᠯᠪᠠ᠃ ︽ᠬᠤᠨᠢ ᠶᠢ ᠴᠦᠬᠡᠳᠭᠡᠨ ᠦᠬᠡᠷ ᠢ ᠨᠡᠮᠡᠭᠳᠡᠭᠦᠯᠬᠦ︾ ᠠᠵᠢᠯ ᠢᠯᠡᠳᠲᠡ ᠦᠷ᠎ᠡ | ᠪᠦᠲᠦᠮᠵᠢ ᠣᠯᠵᠤ᠂ ᠬᠤᠨᠢᠨ ᠤ ᠲᠤᠭ᠎ᠠ ᠲᠣᠯᠣᠭᠠᠶ ᠶᠢ 1110 ᠲᠦᠮᠡ ᠪᠣᠯᠭᠠᠨ ᠪᠠᠭᠠᠰᠬᠠᠵᠤ᠂ ︽ᠠᠷᠪᠠᠨ | ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 1/5 ᠪᠠᠷ ᠬᠠᠰᠣᠭᠳᠠᠭᠤᠯᠵᠣ | ᠂ ᠦᠬᠡᠷ ᠤᠨ ᠲᠤᠭ᠎ᠠ ᠲᠣᠯᠣᠭᠠᠶ ᠶᠢ 173 ᠲᠦᠮᠡ ᠳᠤ ᠬᠦᠷᠭᠡᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 1/4 ᠪᠠᠷ ᠨᠡᠮᠡᠭᠳᠡᠭᠦᠯᠪᠡ᠃ ᠴᠡᠪᠡᠷ ᠡᠨᠧᠷᠭᠢ ᠶᠢᠨ | ᠰᠤᠷᠪᠤᠯᠵᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠰᠢᠪᠲᠤᠯᠤᠯᠲᠠ ᠶᠢᠨ | ᠴᠢᠨᠠᠷᠲᠠᠶ ᠠᠬᠢᠴᠠ ᠲᠠᠢ ᠪᠤᠯᠵᠤ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢ ᠳᠠᠬᠢᠨ ᠢᠶᠠᠷ | ᠨᠡᠮᠡᠭᠳᠡᠬᠦᠯᠬᠦ ᠶᠢ ᠪᠡᠶᠡᠯᠡᠭᠦᠯᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯᠴᠢ ᠶᠢᠨ 1005 ᠲᠦᠮᠡᠨ ᠺᠢᠯᠣᠸᠠᠲ ᠪᠠᠶᠢᠭᠰᠠᠨ ᠠᠴᠠ ᠪᠠᠨ 2261 ᠲᠦᠮᠡᠨ ᠺᠢᠯᠣᠸᠠᠲ ᠪᠣᠯᠭᠠᠨ | ᠬᠦᠭᠵᠢᠬᠦᠯᠵᠣ᠂ ᠡᠭᠦᠨ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠡᠵᠡᠯᠡᠬᠦ ᠬᠠᠷᠢᠴᠠᠯ ᠢ 45% ᠳᠤ ᠬᠦᠷᠭᠡᠪᠡ᠃ | ᠨᠡᠭᠦᠷᠡᠰᠦᠨ ᠤ ᠭᠠᠷᠤᠯᠲᠠ ᠶᠢ 1 ᠳ᠋ᠦᠩᠰᠢᠭᠤᠷ ᠲᠣᠨ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ | ᠠᠶᠢᠮᠠᠭ ᠤᠨ ᠳᠣᠲᠣᠭᠠᠳᠤ ᠳᠤ ᠰᠢᠯᠵᠢᠬᠦᠯᠦᠨ ᠰᠢᠩᠭᠡᠭᠡᠬᠦ ᠨᠣᠷᠮ᠎ᠠ ᠶᠢ 44% ᠪᠣᠯᠭᠠᠨ ᠳᠡᠭᠡᠭᠰᠢᠯᠡᠭᠦᠯᠪᠡ᠃ ᠨᠢᠭᠡ | ᠪᠦᠯᠦᠭ ᠥᠪᠡᠷᠮᠢᠴᠡ ᠣᠨᠴᠠᠯᠢᠭ ᠪᠦᠬᠦᠢ ᠳᠠᠪᠠᠭᠤᠯᠢᠭ ᠠᠵᠤ ᠦᠢᠯᠡᠰ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ | ᠢ ᠬᠥᠭᠵᠢᠭᠦᠯᠦᠨ ᠪᠣᠵᠠᠭᠠᠶᠢᠷᠠᠭᠤᠯᠪᠠ᠃ ᠭᠤᠷᠪᠠ ᠳᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠢᠯᠡᠷᠬᠡᠢ | ᠦᠷ᠎ᠡ ᠪᠦᠲᠦᠮᠵᠢ ᠤᠯᠪᠠ᠃ ᠠᠮᠢ ᠠᠬᠤᠶ ᠶᠢᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ | ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠪᠠ ᠬᠠᠪᠤᠷ ᠤᠨ ᠤᠯᠠᠷᠢᠯ ᠤᠨ ᠪᠡᠯᠴᠢᠭᠡᠷ | ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠪᠠ᠃ ᠬᠤᠶᠠᠷ ᠶᠡᠭᠡ ᠡᠯᠡᠰᠦᠷᠬᠡᠭ | ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠨᠡᠶᠢᠲᠡ 1000 ᠭᠠᠷᠤᠶ ᠲᠦᠮᠡᠨ ᠮᠥ ᠵᠠᠰᠠᠬᠤ ᠶᠢ | ᠪᠡᠶᠡᠯᠡᠭᠦᠯᠵᠦ᠂ ᠪᠥᠬᠦ ᠠᠶᠢᠮᠠᠭ ᠤᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 50. | 1% ᠳᠤ ᠬᠦᠷᠦᠭᠦᠯᠵᠣ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯᠴᠢ ᠶᠢᠨ ᠬᠢ ᠠᠴᠠ 4.9 ᠵᠠᠭᠤᠨ ᠤ ᠬᠤᠪᠢ ᠶᠢᠨ ᠴᠡᠭ ᠢᠶᠠᠷ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠥᠬᠡᠶ ᠠᠭᠤᠷᠬᠠᠶ ᠶᠢ 56 ᠪᠠᠶᠢᠭᠤᠯᠵᠤ᠂ ᠡᠭᠦᠨ ᠳᠤ ᠤᠯᠤᠰ ᠤᠨ | ᠲᠠᠰ ᠤᠨ ᠪᠣᠬᠢᠷᠲᠤᠯ ᠥᠬᠡᠶ ᠠᠭᠤᠷᠬᠠᠶ ᠶᠢ 8 ᠪᠠᠶᠢᠭᠤᠯᠵᠤ᠂ ᠴᠦᠮ ᠪᠥᠬᠦ ᠣᠷᠣᠨ ᠤ ᠡᠮᠦᠨ᠎ᠡ ᠡᠩᠨᠡᠭᠡᠨ ᠳᠤ | ᠵᠢᠭᠰᠠᠭᠠᠭᠳᠠᠪᠠ᠃ ᠲᠦᠷᠪᠡ ᠳᠤ ᠬᠥᠭᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ | ᠴᠢᠩᠭᠠᠳᠬᠠᠪᠠ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠨᠡᠶᠢᠲᠡ 1300 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠪᠥᠬᠦ ᠠᠶᠢᠮᠠᠭ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠢ ᠣᠷᠳᠣ | ᠶᠢ 2483 ᠺᠢᠯᠣᠮᠧᠲᠷ ᠲᠤ ᠭᠦᠷᠭᠡᠵᠣ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯᠴᠢ ᠶᠢᠨ ᠬᠢ ᠠᠴᠠ 19.5% ᠪᠠᠷ ᠨᠡᠮᠡᠭᠳᠡᠭᠦᠯᠪᠡ︔ ᠬᠤᠶᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠢ | 1551 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | 5813 ᠺᠢᠯᠣᠮᠧᠲᠷ ᠪᠥᠳᠥᠭᠡᠨ ᠪᠠᠶᠢᠭᠤᠯᠵᠤ᠂ ᠭᠤᠣᠯᠳᠠᠭᠤ ᠠᠶᠢᠮᠠᠭ ᠠᠴᠠ ᠣᠷᠣᠵᠣ ᠭᠠᠷᠬᠤ ᠨᠡᠪᠳᠡᠷᠠᠯ ᠤᠨ ᠵᠠᠮ᠂ | ᠬᠤᠰᠢᠭᠤ ᠰᠢᠶᠠᠨ ᠬᠤᠳᠠ ︵ᠣᠷᠣᠨ︶᠂ ᠬᠤᠶᠠᠷ ᠪᠣᠭᠤᠮᠲᠠ ᠳᠤ ᠴᠥᠮ ᠨᠢᠭᠡᠳᠦᠭᠡᠷ ᠳᠡᠰ ᠠᠴᠠ ᠳᠡᠭᠡᠭᠰᠢᠬᠢ | ᠵᠠᠰᠠᠮᠠᠯ ᠵᠠᠮ ᠨᠡᠪᠳᠡᠷᠡᠭᠦᠯᠪᠡ᠃ ᠴᠠᠬᠢᠯᠭᠠᠨ ᠲᠣᠣᠷ᠂ ᠤᠰᠤᠨ ᠠᠰᠢᠭᠯᠠᠯᠲᠠ᠂ ᠴᠢᠮᠡᠭᠡ ᠬᠤᠯᠪᠣᠭ᠎ᠠ ᠵᠡᠷᠭᠡ ᠰᠠᠭᠤᠷᠢ | ᠲᠥᠬᠦᠭᠡᠷᠦᠮᠵᠢ ᠶᠢᠨ ᠨᠥᠬᠦᠴᠡᠯ ᠢ ᠶᠡᠬᠡᠪᠡᠷ ᠰᠠᠶᠢᠵᠢᠷᠠᠭᠤᠯᠪᠠ᠃ ᠲᠠᠪᠤ ᠳᠤ ᠬᠤᠳᠠ ᠬᠥᠳᠡᠭᠡ ᠶᠢᠨ ᠳᠦᠷᠢ ᠲᠦᠷᠬᠦ | ᠶᠢ ᠢᠯᠡᠳᠲᠡ ᠬᠤᠪᠢᠷᠠᠯᠲᠠ ᠲᠠᠢ ᠪᠣᠯᠭᠠᠪᠠ᠃ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠳᠤ ᠨᠡᠶᠢᠲᠡ 149 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠪᠥᠬᠦ ᠠᠶᠢᠮᠠᠭ ᠤᠨ ᠬᠤᠲᠠ | ᠪᠠᠯᠭᠠᠰᠤᠵᠢᠯᠲᠠ ᠶᠢᠨ ᠨᠣᠷᠮ᠎ᠠ ᠶᠢ 66.7% ᠳᠤ ᠬᠦᠷᠭᠡᠪᠡ᠃ ᠮᠠᠯᠵᠢᠬᠤ ᠲᠠᠷᠢᠶᠠᠯᠠᠬᠤ ᠣᠷᠣᠨ ᠤ 1.43 | ᠲᠦᠮᠡᠨ ᠡᠷᠦᠬᠡ ᠶᠢᠨ ᠨᠣᠷᠠᠮᠠᠷ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠠᠷᠢᠭᠤᠨ ᠴᠡᠪᠡᠷ ᠤᠨ ᠵᠣᠷᠯᠣᠩ ᠢ | ᠲᠦᠭᠡᠮᠡᠯᠵᠢᠭᠦᠯᠦᠭᠰᠡᠨ ᠨᠣᠷᠮ᠎ᠠ ᠶᠢ 41.5% ᠳᠤ ᠭᠦᠷᠭᠡᠵᠣ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ | ᠪᠠᠶᠢᠭ᠎ᠠ ᠭᠠᠵᠠᠷ ᠲᠤ 4G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠤᠯᠳᠠᠯᠭ᠎ᠠ ᠲᠠᠢ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ ᠵᠢᠷᠭᠤᠭ᠎ᠠ ᠳᠤ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠢ ᠦᠷᠭᠦᠯᠵᠢᠯᠡᠨ | ᠰᠠᠶᠢᠵᠢᠷᠠᠭᠤᠯᠪᠠ᠃ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤᠶᠢᠴᠢ ᠣᠷᠣᠯᠭ᠎ᠠ ᠶᠢ ᠵᠢᠯ ᠳᠤ ᠳᠤᠮᠳᠠᠴᠢ ᠪᠠᠷ 6.5% ᠪᠠ 9% ᠪᠠᠷ ᠨᠡᠮᠡᠭᠳᠡᠭᠦᠯᠪᠡ᠃ ᠨᠡᠶᠢᠲᠡ | 44 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠣᠷᠣᠭᠤᠯᠵᠤ᠂ 8 ᠶᠠᠳᠠᠭᠤ ᠬᠦᠴᠢᠷᠳᠡᠯᠲᠡᠶ | ᠬᠤᠰᠢᠭᠤ ᠰᠢᠶᠠᠨ᠂ 228 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ᠂ 5.2 ᠲᠦᠮᠡᠨ ᠳᠠᠩᠰᠠᠯᠠᠵᠣ | ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠠᠵᠢᠯ | ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠪᠠ ᠨᠠᠰᠤᠵᠢᠯ ᠤᠨ ᠠᠰᠠᠷᠠᠮᠵᠢ | ᠵᠡᠷᠭᠡ ᠡᠯ᠎ᠡ ᠲᠥᠷᠥᠯ ᠤᠨ ᠦᠢᠯᠡᠰ ᠢ ᠲᠦᠷᠭᠡᠨ ᠲᠠᠪᠰᠢᠯᠳᠠ ᠲᠠᠢ ᠪᠣᠯᠭᠠᠪᠠ᠃ ︽ ᠠᠮᠤᠭᠤᠯᠠᠩ ᠰᠢᠯᠢ ᠶᠢᠨ ᠭᠤᠤᠯ | ᠠᠶᠢᠮᠠᠭ︾ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠥᠷᠭᠡᠨ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ | ᠠᠯᠬᠤᠮᠨᠡᠮᠡᠭᠳᠡᠭᠦᠯᠪᠡ᠃ | ᠥᠩᠭᠡᠷᠡᠭᠰᠡᠨ ᠲᠠᠪᠤᠨ ᠵᠢᠯ ᠤᠨ ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠂ ᠡᠨᠡ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠥᠷᠦ ᠶᠢᠨ | ᠶᠠᠪᠤᠳᠠᠯ ᠤᠨ ᠬᠤᠷᠢᠶᠠᠨ ᠤ ᠬᠠᠯᠠᠮᠵᠢᠯᠠᠯ ᠳᠡᠮᠵᠢᠯᠭᠡ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠠᠶᠢᠮᠠᠭ ᠤᠨ ᠨᠠᠮ ᠤᠨ ᠬᠤᠷᠢᠶ᠎ᠠ ᠪᠦᠬᠦ | ᠠᠶᠢᠮᠠᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠡᠷᠡᠮᠡᠬᠡᠶᠢᠯᠡᠨ ᠲᠡᠮᠡᠴᠡᠭᠰᠡᠨ ᠤ ᠦᠷ᠎ᠡ ᠳ᠋ᠦᠩ ᠮᠦᠨ᠂ ᠮᠥᠨᠴᠦ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠪᠦᠬᠦ ᠬᠦᠴᠦᠨ ᠢᠶᠠᠷ ᠢᠶᠠᠨ ᠬᠠᠪᠰᠤᠷᠤᠯᠴᠠᠵᠤ᠂ ᠬᠢᠨᠠᠯᠲᠠ ᠲᠠᠯᠪᠢᠵᠤ ᠳᠡᠮᠵᠢᠭᠰᠡᠨ ᠤ | ᠦᠷ᠎ᠡ ᠳ᠋ᠦᠩ ᠪᠣᠯᠣᠨ᠎ᠠ᠃ ᠡ᠊ᠨᠳᠡ ᠪᠢ ᠵᠠᠬᠢᠷᠭ᠎ᠠ ᠶᠢᠨ ᠡᠮᠦᠨ᠎ᠡ ᠠᠴᠠ ᠲᠠ ᠪᠦᠬᠦᠨ ᠳᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠣᠳᠣᠬᠠᠨ ᠤ ᠬᠢᠵᠢᠭ ᠤᠨ ᠪᠠᠶᠢᠳᠠᠯ ᠤᠨ ᠬᠤᠪᠢᠷᠠᠯᠲᠠ ᠪᠠ | ᠭᠠᠳᠠᠭᠠᠳᠤ ᠣᠷᠴᠢᠨ ᠳᠤ ᠪᠠᠰᠠ ᠮᠠᠰᠢ ᠣᠯᠠᠨ ᠲᠣᠭᠲᠠᠪᠤᠷᠢ ᠥᠬᠡᠶ ᠬᠦᠴᠦᠨ ᠵᠦᠢᠯ ᠣᠷᠣᠰᠢᠵᠤ᠂ ᠮᠠᠨ ᠤ | ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠥᠷᠢᠰᠥᠯᠳᠦᠭᠡᠨ | ᠲᠤᠯᠭᠠᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠮᠥᠨ ᠬᠦ ᠲᠦᠢᠯ ᠤᠨ ᠬᠠᠲᠠᠭᠤ ᠪᠡᠷᠬᠡ ᠪᠠᠶᠢᠭᠰᠠᠭᠠᠷ | ᠭᠡᠳᠡᠭ ᠢ ᠪᠢᠳᠡ ᠨᠡᠩ ᠰᠡᠷᠭᠡᠭ ᠢᠶᠠᠷ ᠣᠯᠵᠣ ᠳᠠᠨᠢᠭᠤᠰᠢᠲᠠᠢ ᠪᠠᠶᠢᠭ᠎ᠠ ᠶᠣᠮ᠃ ᠡᠨᠧᠷᠭᠢ ᠳᠤ ᠲᠦᠰᠢᠭᠯᠡᠬᠦ ᠡᠬᠢ | ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠪᠦᠲᠦᠴᠡ ᠶᠢ ᠬᠠᠷᠠᠬᠠᠨ ᠦᠨᠳᠦᠰᠦᠨ ᠠᠴᠠ ᠨᠢ | ᠬᠤᠪᠢᠷᠠᠭᠤᠯᠤᠭᠠᠳᠤᠶ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ᠂ ᠲᠤᠮᠤ | ᠲᠦᠷᠦᠯ ᠵᠦᠢᠯ ᠰᠢᠯᠢᠳᠡᠭ ᠰᠠᠶᠢᠨ ᠲᠦᠷᠦᠯ ᠵᠦᠢᠯ ᠢ ᠵᠠᠯᠭᠠᠯᠳᠤᠭᠤᠯᠬᠤ ᠲᠠᠯ᠎ᠠ ᠪᠠᠷ ᠬᠦᠴᠦᠨ ᠮᠡᠬᠦᠰᠳᠡᠵᠦ ᠪᠠᠶᠢᠬᠤ | ᠪᠠᠨ ᠪᠢᠳᠡ ᠲᠠᠨᠢᠬᠤ ᠴᠢᠬᠤᠯᠠᠲᠠᠢ ᠪᠠᠷ ᠪᠠᠷᠠᠬᠤ ᠦᠭᠡᠢ ᠪᠠᠰᠠ ᠮᠠᠨ ᠤ ᠠᠶᠢᠮᠠᠭ ᠤᠨ ᠨᠤᠲᠤᠭ ᠪᠡᠯᠴᠢᠭᠡᠷ ᠤᠨ ᠠᠮᠢ | ᠠᠬᠤᠶ ᠶᠢᠨ ᠣᠷᠴᠢᠨ ᠨᠥᠬᠦᠴᠡᠯ ᠬᠡᠪᠡᠷᠡᠭ ᠪᠣᠯᠬᠤᠷ ᠵᠠᠰᠠᠵᠤ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠡᠷᠴᠢᠮ ᠢ | ᠴᠢᠩᠭᠠᠷᠠᠭᠤᠯᠬᠤ ᠠᠴᠠ ᠪᠢᠰᠢ ᠰᠣᠯᠠᠷᠠᠭᠤᠯᠵᠣ ᠪᠣᠯᠬᠤ ᠦᠭᠡᠶ ᠭᠡᠳᠡᠭ ᠢ ᠲᠠᠨᠢᠬᠤ ᠬᠡᠷᠡᠭᠲᠠᠢ ᠶᠣᠮ︔ ᠡᠬᠢ | ᠪᠠᠶᠠᠯᠢᠭ ᠣᠷᠴᠢᠨ ᠲᠣᠭᠤᠷᠢᠨ ᠪᠠ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠬᠢᠵᠠᠭᠠᠷᠯᠠᠯ ᠡᠳᠦᠷ ᠢᠷᠡᠬᠦᠶ᠎ᠡ ᠴᠢᠩᠭᠠᠷᠠᠵᠤ᠂ ᠠᠮᠢ | ᠠᠬᠤᠶ ᠶᠢ ᠣᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ ᠳᠤ ᠰᠢᠨ᠎ᠡ ᠰᠢᠪᠲᠤᠯᠤᠯᠲᠠ ᠲᠠᠢ ᠪᠣᠯᠭᠠᠬᠤ | ᠴᠢᠬᠤᠯᠠᠲᠠᠶ ᠪᠠᠶᠢᠨ᠎ᠠ ᠭᠡᠳᠡᠭ ᠢ ᠨᠡᠩ ᠴᠤ ᠳᠠᠨᠢᠭᠤᠰᠢᠲᠠᠢ ᠶᠣᠮ᠃ ᠡᠭᠦᠨ ᠤ ᠬᠠᠮᠲᠤ᠂ ᠮᠠᠨ ᠤ ᠠᠶᠢᠮᠠᠭ ᠤᠨ | ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠪᠠᠰᠠ ᠵᠠᠷᠢᠮ ᠲᠣᠪᠤᠶᠢᠮ᠎ᠠ | ᠳᠤᠲᠠᠭᠤᠳᠠᠯ ᠣᠷᠣᠰᠢᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ | ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠬᠠᠷᠢᠴᠠᠩᠭᠤᠶ ᠪᠠᠷ ᠬᠤᠴᠣᠷᠤᠩᠭᠤᠶ ᠪᠠᠶᠢᠵᠤ᠂ ᠢᠯᠠᠩᠭᠤᠶ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠶ᠂ ᠴᠢᠳᠠᠪᠤᠷᠢᠲᠠᠨ ᠤ ᠪᠣᠭᠤᠮᠢ | ᠬᠢᠵᠠᠭᠠᠷᠯᠠᠯ ᠤᠨ ᠠᠰᠠᠭᠤᠳᠠᠯ ᠲᠣᠪᠤᠶᠢᠮ᠎ᠠ ᠪᠠᠶᠢᠵᠤ᠂ ᠺᠠᠳ᠋ᠷ ᠤᠨ ᠡᠩᠨᠡᠭᠡᠨ ᠤ ᠣᠷᠣᠨ ᠪᠠᠶᠢᠷᠢ ᠳᠠᠪᠰᠢᠬᠤ ᠪᠠᠷ | ᠮᠡᠷᠡᠶᠢᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠴᠤᠭ ᠵᠣᠷᠢᠭ ᠳᠤᠲᠠᠮᠠᠭ ᠪᠠᠶᠢᠵᠤ᠂ ᠵᠠᠰᠠᠭ ᠤᠨ ᠣᠷᠳᠣᠨ ᠤ | ᠰᠢᠰᠲ᠋ᠧᠮ ᠤᠨ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠪᠥᠬᠦ | ᠠᠶᠢᠮᠠᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠦᠷᠭᠡᠨ ᠰᠠᠶᠢᠵᠢᠷᠠᠭᠤᠯᠬᠤ ᠴᠢᠬᠤᠯᠠᠲᠠᠶ ᠪᠠᠶᠢᠨ᠎ᠠ ᠬᠡᠬᠦ | ᠮᠡᠳᠦ᠃ ᠡᠭᠦᠨ ᠳᠤ ᠪᠢᠳᠡ ᠡᠷᠬᠡᠪᠰᠢ ᠠᠰᠠᠭᠤᠳᠠᠯ ᠳᠤ ᠰᠢᠭᠤᠳ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠰᠠᠶᠢᠬᠠᠨ ᠰᠢᠢᠳᠪᠦᠷᠢᠯᠡᠬᠦ ᠴᠢᠬᠤᠯᠠᠲᠠᠢ ᠶᠣᠮ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ | ᠠᠬᠤᠶ ᠨᠡᠶᠢᠭᠡᠮ ᠤᠨ ᠭᠦᠭᠵᠢᠭᠦᠯᠦᠯᠳᠡ ᠶᠢᠨ ᠭᠤᠣᠯ ᠬᠠᠷᠠᠯᠲᠠ ᠡᠭᠦᠷᠭᠡ | ᠠᠶᠢᠮᠠᠭ ᠤᠨ ᠨᠠᠮ ᠤᠨ ᠬᠤᠷᠢᠶ᠎ᠠ ᠶᠢᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠭᠦᠭᠵᠢᠭᠦᠯᠦᠯᠳᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠣᠨ 2035 ᠣᠨ ᠤ | ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠰᠢᠯᠢ ᠶᠢᠨ ᠭᠤᠤᠯ | ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠭᠦᠭᠵᠢᠭᠦᠯᠦᠯᠳᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠪᠣᠯᠣᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ | ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠲᠣᠰ ᠤᠳᠠᠭᠠᠨ ᠤ ᠬᠤᠷᠠᠯ ᠳᠤ ᠬᠢᠨᠠᠨ ᠵᠥᠪᠯᠡᠭᠦᠯᠬᠦ ᠪᠠᠷ | ᠳᠡᠪᠰᠢᠭᠦᠯᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠨᠢᠭᠡᠳᠦᠭᠡᠷ ᠲᠠᠪᠤᠨ ᠵᠢᠯ ᠪᠣᠯᠣᠨ᠎ᠠ᠃ ᠪᠢᠳᠡ ᠰᠢᠨ᠎ᠡ | ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠵᠣ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠳᠦᠨ ᠣᠨᠣᠪᠴᠢᠲᠠᠢ ᠪᠦᠬᠦ ᠲᠠᠯ᠎ᠠ ᠪᠠᠷ ᠭᠦᠨᠵᠡᠭᠡᠶ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠦᠢᠯᠡᠴᠢᠯᠡᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠣᠰᠣᠭᠠᠷ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ | ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠮᠠᠨ ᠤ ᠤᠯᠤᠰ ᠤᠨ | ᠤᠮᠠᠷᠠᠰᠢ ᠨᠡᠬᠡᠬᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠴᠣᠭᠴᠠᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠥᠬᠡᠶ ᠵᠠᠮᠨᠠᠨ᠎ᠠ᠃ | ᠭᠤᠤᠯ ᠬᠠᠷᠠᠯᠲᠠ ᠪᠣᠯ᠄ ᠲᠠᠪᠤᠨ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠲᠠᠮᠵᠢᠭᠤᠯᠣᠨ᠂ ︽ | ᠪᠣᠬᠢᠷᠲᠤᠯ ᠥᠬᠡᠶ ᠬᠥᠭᠵᠢᠭᠦᠯᠬᠦ᠂ ᠠᠷᠠᠳ ᠢᠶᠠᠨ ᠪᠠᠶᠠᠵᠢᠭᠤᠯᠵᠤ ᠠᠶᠢᠮᠠᠭ ᠢᠶᠠᠨ ᠬᠦᠴᠦᠷᠬᠡᠭᠵᠢᠭᠦᠯᠬᠦ︾ ᠶᠡᠷᠦᠩᠬᠡᠶ | ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ | ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠪᠣᠳᠠᠲᠤ ᠠᠬᠢᠴᠠ ᠲᠠᠢ | ᠪᠣᠯᠭᠠᠵᠣ᠂ ᠪᠥᠬᠦ ᠠᠶᠢᠮᠠᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠲᠥᠷᠥᠯ ᠤᠨ ᠠᠵᠢᠯ | ᠦᠢᠯᠡᠰ ᠲᠤ ᠨᠠᠩ ᠶᠡᠭᠡ ᠰᠢᠨ᠎ᠡ ᠬᠥᠭᠵᠢᠯᠲᠡ ᠲᠠᠢ ᠪᠣᠯᠭᠠᠨ᠎ᠠ᠃ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ᠂ | 6 ᠵᠦᠢᠯ ᠤᠨ ᠬᠦᠢᠴᠡᠳᠭᠡᠯ ᠲᠤᠭ᠎ᠠ ᠶᠢ ᠳᠤᠷᠠᠳᠴᠤ᠂ ᠡᠭᠦᠨ ᠳᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠦᠷᠳᠡᠭ ᠢ ᠵᠢᠯ ᠳᠤ ᠳᠤᠮᠳᠠᠴᠢ ᠪᠠᠷ 5% ᠣᠷᠴᠢᠮ ᠨᠡᠮᠡᠭᠳᠡᠭᠦᠯᠵᠦ᠂ ᠤᠯᠠᠨ ᠨᠡᠶᠢᠲᠡ ᠶᠢᠨ ᠡᠩ ᠤᠨ | ᠲᠥᠰᠦᠪ ᠤᠨ ᠣᠷᠣᠯᠭ᠎ᠠ ᠶᠢ ᠵᠢᠯ ᠳᠤ ᠳᠤᠮᠳᠠᠴᠢ ᠪᠠᠷ 2% ᠣᠷᠴᠢᠮ ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠲᠠᠯ᠎ᠠ ᠪᠠᠷ᠂ 3 ᠵᠦᠢᠯ ᠤᠨ ᠬᠦᠢᠴᠡᠳᠭᠡᠯ ᠲᠤᠭ᠎ᠠ ᠶᠢ ᠳᠤᠷᠠᠳᠴᠤ᠂ ᠡᠭᠦᠨ ᠳᠤ ᠪᠥᠬᠦ | ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠵᠢᠯ ᠳᠤ ᠳᠤᠮᠳᠠᠴᠢ ᠪᠠᠷ 12 % ᠢᠶᠠᠷ | ᠨᠡᠮᠡᠭᠳᠡᠭᠦᠯᠦᠨ᠎ᠡ᠃ ᠠᠷᠠᠳ ᠤᠨ ᠠᠮᠢᠳᠤᠷᠠᠯ ᠤᠨ ᠪᠣᠶᠠᠨ ᠵᠢᠷᠭᠠᠯ ᠤᠨ ᠲᠠᠯ᠎ᠠ ᠪᠠᠷ᠂ 7 ᠵᠦᠢᠯ ᠤᠨ ᠬᠦᠢᠴᠡᠳᠭᠡᠯ | ᠲᠤᠭ᠎ᠠ ᠶᠢ ᠳᠤᠷᠠᠳᠴᠤ᠂ ᠡᠭᠦᠨ ᠳᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠢ | ᠣᠷᠣᠯᠭ᠎ᠠ ᠶᠢ ᠵᠢᠯ ᠳᠤ ᠳᠤᠮᠳᠠᠴᠢ ᠪᠠᠷ 5% ᠣᠷᠴᠢᠮ ᠨᠡᠮᠡᠭᠳᠡᠭᠦᠯᠦᠨ᠎ᠡ᠃ ᠪᠣᠬᠢᠷᠲᠤᠯ ᠥᠬᠡᠶ ᠠᠮᠢ ᠠᠬᠤᠶ ᠶᠢᠨ | ᠲᠠᠯ᠎ᠠ ᠪᠠᠷ᠂ 6 ᠵᠦᠢᠯ ᠤᠨ ᠬᠦᠢᠴᠡᠳᠭᠡᠯ ᠲᠤᠭ᠎ᠠ ᠶᠢ ᠳᠤᠷᠠᠳᠴᠤ᠂ ᠡᠭᠦᠨ ᠳᠤ ᠭᠠᠵᠠᠷ ᠣᠷᠣᠨ ᠤ ᠨᠢᠭᠡᠴᠢ | ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠯ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠱᠠᠭᠠᠷᠳᠠᠯᠭ᠎ᠠ ᠳᠤ ᠬᠦᠷᠭᠡᠨ᠎ᠡ᠃ | ᠠᠮᠤᠷ ᠲᠦᠪᠰᠢᠨ ᠤ ᠪᠠᠲᠤᠯᠠᠭ᠎ᠠ ᠶᠢᠨ ᠲᠠᠯ᠎ᠠ ᠪᠠᠷ᠂ 2 ᠵᠦᠢᠯ ᠤᠨ ᠭᠦᠢᠴᠡᠳᠬᠡᠯ ᠲᠤᠭ᠎ᠠ ᠶᠢ ᠳᠤᠷᠠᠳᠴᠤ᠂ ᠡᠭᠦᠨ ᠳᠤ | 2025 ᠣᠨ ᠪᠣᠯᠬᠤ ᠳᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 50 | ᠳ᠋ᠦᠩᠰᠢᠭᠤᠷ ᠵᠢᠩ ᠳᠤ ᠬᠦᠷᠭᠡᠵᠦ᠂ ᠡᠨᠧᠷᠭᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 0.8 | ᠳ᠋ᠦᠩᠰᠢᠭᠤᠷ ᠲᠣᠨ ᠪᠠᠷᠢᠮᠵᠢᠶᠠᠲᠤ ᠨᠡᠭᠦᠷᠡᠰᠦᠨ ᠳᠤ ᠬᠦᠷᠭᠡᠨ᠎ᠡ᠃ ᠳᠡᠭᠡᠷ᠎ᠡ ᠳᠤᠷᠠᠳᠤᠭᠰᠠᠨ ᠨᠡᠶᠢᠲᠡ 24 ᠵᠦᠢᠯ ᠤᠨ | ᠭᠦᠢᠴᠡᠳᠬᠡᠯ ᠲᠤᠭ᠎ᠠ ᠶᠢᠨ ᠳᠣᠲᠣᠷ᠎ᠠ ᠵᠢᠱᠢᠯᠲᠡ ᠶᠢᠨ ᠴᠢᠨᠠᠷᠲᠠᠢ ᠭᠦᠢᠴᠡᠳᠬᠡᠯ ᠲᠤᠭ᠎ᠠ 16 ᠵᠦᠢᠯ᠂ | ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ 8 ᠵᠦᠢᠯ ᠪᠠᠶᠢᠵᠤ᠂ ᠣᠳᠣᠬᠠᠨ ᠤ ᠪᠠ ᠠᠯᠤᠰ ᠬᠡᠳᠦ ᠶᠢ | ᠬᠠᠮᠲᠤ ᠳᠤᠨᠢ ᠬᠠᠷᠠᠭᠠᠯᠵᠠᠵᠤ᠂ ᠪᠣᠳᠠᠲᠤ ᠪᠠᠶᠢᠳᠠᠯ ᠪᠠ ᠪᠣᠯᠤᠮᠵᠢ ᠶᠢ ᠪᠣᠳᠣᠯᠬᠢᠯᠠᠵᠤ᠂ ᠪᠣᠳᠠᠲᠤ ᠬᠥᠭᠵᠢᠯᠲᠡ ᠶᠢᠨ | ᠰᠠᠭᠤᠷᠢ ᠪᠠ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠦᠭᠰᠡᠨ ᠪᠠᠶᠢᠨ᠎ᠠ᠃ ᠳᠡᠭᠡᠷ᠎ᠡ | ᠲᠣᠷᠠᠳᠣᠭᠰᠠᠨ ᠬᠠᠷᠠᠯᠲᠠ ᠶᠢᠨ ᠲᠣᠭᠤᠷᠢᠨ ᠳᠤ᠂ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄ | ᠨᠢᠭᠡ ᠳᠤ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ︽ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠠᠶᠢᠮᠠᠭ ᠢᠶᠠᠨ ᠬᠥᠭᠵᠢᠭᠦᠯᠦᠨ ᠮᠠᠨᠳᠤᠭᠤᠯᠬᠤ ︾ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠤ | ᠦᠢᠯᠡᠳᠦᠯ ᠢ ᠭᠦᠢᠴᠡᠳ ᠪᠠᠳᠠᠷᠠᠭᠤᠯᠤᠨ᠂ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠬᠡᠯᠬᠢᠶᠡᠵᠢᠯ ᠤᠨ | ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶᠡᠵᠢᠯ ᠢ ᠪᠠᠶᠢᠷᠢᠯᠠᠭᠤᠯᠵᠤ᠂ ︽ᠵᠠᠰᠠᠭ ᠤᠨ ᠣᠷᠳᠣᠨ ᠠᠵᠤ ᠠᠬᠤᠶᠢᠯᠠᠯ | ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ︾ ᠶᠢᠨ ᠬᠠᠮᠵᠢᠯᠴᠠᠨ ᠰᠢᠨ᠎ᠡ ᠶᠢ | ᠡᠭᠦᠳᠬᠦ ᠶᠢ ᠴᠢᠩᠭᠠᠳᠬᠠᠨ᠂ ᠬᠥᠭᠵᠢᠯᠲᠡ ᠶᠢ ᠴᠢᠬᠤᠯᠠ ᠡᠯᠧᠮᠧᠨ᠋ᠲ ᠢᠶᠠᠷ ᠬᠥᠳᠡᠯᠭᠡᠭᠦᠷ ᠪᠣᠯᠭᠠᠵᠤ | ᠪᠠᠶᠢᠭᠰᠠᠨ ᠠᠴᠠ ᠪᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ | ᠤᠯᠤᠰ ᠤᠨ ᠲᠠᠯ᠎ᠠ ᠨᠤᠲᠤᠭ ᠤᠨ ᠠᠯᠠᠰᠢᠨ ᠬᠤᠨᠢᠨ ᠤ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠪᠦᠯᠦᠭᠯᠡᠯ᠂ | ᠴᠢᠨᠠᠷ ᠰᠠᠶᠢᠲᠠᠶ ᠠᠯᠠᠰᠢᠨ ᠦᠬᠡᠷ ᠤᠨ ᠠᠵᠤ ᠦᠢᠯᠡᠰ ᠤᠨ ᠪᠦᠰᠡ᠂ ᠤᠨᠴᠠᠯᠢᠭᠳᠤ ᠤᠯᠠᠮᠵᠢᠯᠠᠯᠲᠤ ᠴᠠᠭᠠᠨ | ᠢᠳᠡᠭᠡᠨ ᠤ ᠠᠵᠤ ᠦᠢᠯᠡᠰ ᠤᠨ ᠪᠦᠰᠡ ᠶᠢ ᠶᠡᠬᠡᠪᠡᠷ ᠳᠥᠯᠭᠢᠨ ᠠᠬᠢᠭᠤᠯᠵᠤ᠂ ᠡᠭᠦᠯᠳᠡᠷ ᠤᠨ ᠢᠷᠡᠯᠲᠡ᠂ ᠰᠦ | ᠰᠠᠭᠠᠯᠢ ᠶᠢᠨ ᠢᠷᠡᠯᠲᠡ᠂ ᠲᠡᠵᠢᠭᠡᠯ ᠡᠪᠡᠰᠦ ᠪᠣᠷᠳᠤᠭ᠎ᠠ ᠪᠠ ᠥᠨᠳᠥᠷ ᠤᠨᠠᠯᠲᠠ ᠲᠠᠢ ᠴᠢᠨᠠᠷ ᠰᠠᠶᠢᠲᠠᠶ ᠲᠡᠵᠢᠭᠡᠯ | ᠡᠪᠡᠰᠦ ᠳᠠᠷᠢᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ︔ ᠪᠣᠬᠢᠷᠲᠤᠯ ᠥᠬᠡᠶ ᠠᠭᠤᠷᠬᠠᠶ᠂ ᠪᠣᠬᠢᠷᠲᠤᠯ | ᠥᠬᠡᠶ ᠴᠠᠬᠢᠯᠭᠠᠨ ᠭᠠᠷᠭᠠᠬᠤ᠂ ᠪᠣᠬᠢᠷᠲᠤᠯ ᠥᠬᠡᠶ ᠴᠠᠬᠢᠯᠭᠠᠨ ᠬᠦᠷᠭᠡᠬᠦ ᠭᠤᠷᠪᠠᠨ ᠶᠡᠭᠡ ᠢᠨᠵᠧᠨᠧᠷᠢᠩ ᠢ | ᠬᠡᠷᠡᠭᠵᠢᠭᠦᠯᠵᠦ᠂ ᠤᠯᠤᠰ ᠤᠨ ᠴᠡᠪᠡᠷ ᠡᠨᠧᠷᠭᠢ ᠶᠢᠨ ᠪᠠᠲᠤᠯᠠᠭ᠎ᠠ ᠶᠢᠨ ᠰᠠᠭᠤᠷᠢᠨ ᠭᠠᠵᠠᠷ ᠢ ᠲᠦᠷᠭᠡᠳᠬᠡᠨ ᠪᠦᠲᠦᠭᠡᠨ | ᠪᠠᠶᠢᠭᠤᠯᠤᠨ᠎ᠠ︔ ᠡᠨᠧᠷᠭᠢ ᠶᠢᠨ ᠬᠤᠷᠣᠭᠳᠠᠭᠤᠯᠤᠭ᠎ᠠ ᠪᠠᠷ ᠳᠣᠣᠷ᠎ᠠ᠂ ᠨᠡᠮᠡᠯᠲᠡ ᠦᠷᠳᠡᠭ ᠢᠶᠠᠷ ᠥᠨᠳᠥᠷ᠂ ᠵᠠᠬ᠎ᠠ | ᠳᠡᠯᠭᠡᠭᠦᠷ ᠤᠨ ᠲᠠᠯᠳᠠ ᠬᠦᠴᠦᠨ ᠢᠶᠠᠷ ᠶᠡᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠰᠣᠶᠣᠯ ᠵᠢᠭᠤᠯᠴᠢᠯᠠᠯ ᠤᠨ ᠦᠢᠯᠡᠰ ᠢ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠲᠦᠰᠢᠭ ᠲᠤᠯᠭᠠᠭᠤᠷᠢᠯᠠᠯ | ᠪᠣᠯᠭᠠᠨ᠎ᠠ᠃ | ᠬᠤᠶᠠᠷ ᠲᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠦᠨ᠎ᠡ᠃ ᠲᠠᠯ᠎ᠠ ᠨᠤᠲᠤᠭ ᠤᠨ ᠠᠮᠢ ᠠᠬᠤᠶ ᠶᠢᠨ | ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠭᠤᠯᠠ ᠤᠰᠤ ᠣᠶ ᠰᠢᠭᠤᠶ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠦᠯᠦᠪᠵᠢᠬᠦᠯᠦᠨ᠂ | ᠨᠤᠲᠤᠭ ᠪᠡᠯᠴᠢᠭᠡᠷ ᠲᠤ ᠰᠢᠨ᠎ᠡ ᠪᠠᠷ ᠠᠭᠤᠷᠬᠠᠶ ᠨᠡᠭᠡᠭᠡᠬᠦ ᠥᠬᠡᠶ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ | ᠴᠢᠬᠤᠯᠠ ᠠᠮᠢ ᠠᠬᠤᠶ ᠶᠢᠨ ᠴᠢᠳᠠᠮᠵᠢᠳᠤ ᠣᠷᠣᠨ ᠳᠤ ᠠᠵᠤ ᠦᠢᠯᠡᠳᠪᠦᠷᠢ ᠶᠢᠨ ᠲᠥᠷᠥᠯ ᠵᠦᠢᠯ ᠢ ᠲᠠᠬᠢᠵᠣ | ᠪᠠᠶᠢᠷᠢᠰᠢᠭᠤᠯᠬᠤ ᠥᠬᠡᠶ᠂ ᠣᠲᠣ ᠶᠢᠨ ᠪᠠᠶᠢᠭ᠎ᠠ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ | ᠠᠮᠢ ᠠᠬᠤᠶ ᠶᠢ ᠵᠠᠰᠠᠨ ᠰᠡᠷᠭᠦᠭᠡᠬᠦ ᠶᠢ ᠪᠥᠬᠦ ᠲᠠᠯ᠎ᠠ ᠪᠠᠷ ᠠᠬᠢᠭᠤᠯᠵᠤ᠂ 3 ᠵᠢᠯ ᠤᠨ ᠬᠤᠭᠤᠴᠠᠭ᠎ᠠ ᠶᠢ ᠬᠡᠷᠡᠭᠯᠡᠨ | ᠤᠯᠤᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠠᠶᠢᠮᠠᠭ ᠪᠣᠯᠭᠠᠨ ᠡᠭᠦᠳᠦᠨ ᠪᠠᠶᠢᠭᠤᠯᠵᠤ᠂ ᠨᠢᠭᠡ | ᠪᠦᠯᠦᠭ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ᠬᠤᠲᠠ ︵ᠣᠷᠣᠨ︶ ᠶᠢ | ᠡᠭᠦᠳᠦᠨ ᠪᠠᠶᠢᠭᠤᠯᠣᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠭᠦᠨᠵᠡᠭᠡᠢ ᠰᠠᠶᠢᠲᠤᠷ ᠬᠢᠵᠦ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ | ᠡᠨᠧᠷᠭᠢ ᠶᠢᠨ ᠰᠤᠷᠪᠤᠯᠵᠢ ᠪᠠ ᠤᠰᠤᠨ ᠤ ᠡᠬᠢ ᠪᠠᠶᠠᠯᠢᠭ ᠤᠨ ᠬᠤᠷᠣᠭᠳᠠᠭᠤᠯᠤᠯ᠂ ᠪᠦᠳᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠵᠡᠷᠭᠡ ᠶᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠣᠰ ᠡᠵᠡᠮᠳᠡᠯ︾ ᠤᠨ | ᠠᠵᠢᠯᠯᠠᠭ᠎ᠠ ᠶᠢ ᠴᠢᠩᠭ᠎ᠠ ᠬᠡᠷᠡᠭᠵᠢᠭᠦᠯᠵᠦ᠂ ᠡᠬᠢ ᠪᠠᠶᠠᠯᠢᠭ ᠢ ᠠᠷᠪᠢᠯᠠᠵᠤ ᠥᠨᠳᠥᠷ ᠪᠦᠲᠦᠮᠵᠢᠲᠡᠶ ᠪᠠᠷ ᠠᠰᠢᠭᠯᠠᠬᠤ ᠶᠢ | ᠠᠬᠢᠭᠤᠯᠤᠨ᠎ᠠ᠃ | ᠭᠤᠷᠪᠠ ᠳᠤ ᠥᠭᠡᠷᠡᠴᠢᠯᠡᠯᠲᠡ ᠨᠡᠭᠡᠭᠡᠯᠳᠡ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠭᠴᠢ ᠬᠦᠴᠦᠨ ᠪᠠ | ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠪᠠᠷ ᠭᠤᠤᠯᠳᠠᠯᠭ᠎ᠠ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠂ ᠲᠥᠪ | ᠭᠤᠤᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠦᠨᠡᠨᠴᠢ ᠢᠲᠡᠭᠡᠮᠵᠢᠲᠡᠶ | ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ᠪᠡᠭᠡᠵᠢᠩ ᠲᠢᠶᠠᠨᠵᠢᠨ ᠡᠾᠧᠪᠸᠢ᠂ ᠪᠦᠸᠧᠬᠠᠢ ᠲᠠᠩᠭᠢᠰ ᠤᠨ | ᠡᠷᠬᠢᠨ ᠲᠣᠭᠤᠷᠢᠨ ᠳᠠᠬᠢ ᠬᠥᠭᠵᠢᠭᠰᠡᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠪᠦᠬᠦ ᠲᠠᠯ᠎ᠠ ᠪᠠᠷ ᠠᠭᠤᠰᠤᠯᠴᠠᠨ᠎ᠠ᠃ ︽ᠨᠢᠭᠡ | ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ | ᠪᠠᠶᠢᠭᠤᠯᠤᠯᠲᠠ ᠳᠤ ᠭᠦᠨᠵᠡᠭᠡᠶ ᠣᠷᠣᠯᠴᠠᠵᠤ᠂ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠢ ᠶᠢ ᠶᠡᠬᠡᠪᠡᠷ | ᠬᠥᠭᠵᠢᠭᠦᠯᠦᠨ᠂ ᠤᠮᠠᠷᠠᠰᠢ ᠨᠡᠭᠡᠭᠡᠯᠲᠡ ᠬᠢᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠳᠥᠷᠪᠡ ᠳᠤ ᠵᠣᠬᠢᠴᠠᠩᠭᠤᠶ ᠬᠥᠭᠵᠢᠯᠲᠡ ᠶᠢ ᠪᠠᠷᠢᠮᠲᠠᠯᠠᠨ᠂ ᠬᠤᠲᠠ ᠬᠥᠳᠡᠭᠡ ᠶᠢᠨ ᠲᠦᠷᠢ ᠲᠦᠷᠬᠦ ᠶᠢ | ᠦᠷᠭᠦᠯᠵᠢᠯᠡᠨ ᠰᠠᠶᠢᠵᠢᠷᠠᠭᠤᠯᠤᠨ᠎ᠠ᠃ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ | ᠂ ᠡᠯ᠎ᠡ ᠬᠤᠰᠢᠭᠤ ᠰᠢᠶᠠᠨ ᠬᠤᠲᠠ ︵ᠣᠷᠣᠨ︶ ᠶᠢᠨ ᠵᠦᠷᠢᠶᠡᠴᠢᠯᠡᠭᠰᠡᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ | ᠲᠦᠯᠦᠪᠵᠢᠭᠦᠯᠦᠨ ᠠᠬᠢᠭᠤᠯᠤᠨ᠎ᠠ᠃ ᠵᠠᠮ ᠬᠠᠷᠢᠯᠴᠠᠭ᠎ᠠ ᠪᠠ ᠡᠨᠧᠷᠭᠢ ᠶᠢᠨ ᠰᠤᠷᠪᠤᠯᠵᠢ᠂ ᠴᠢᠮᠡᠭᠡ ᠬᠤᠯᠪᠣᠭᠠᠨ ᠤ | ᠰᠦᠯᠵᠢᠶᠡᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠪᠦᠰᠡ ᠨᠤᠲᠤᠭ ᠤᠨ ᠥᠨᠳᠥᠷ ᠦᠷ᠎ᠡ | ᠪᠦᠲᠦᠮᠵᠢ ᠲᠠᠢ ᠪᠠᠷ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠬᠥᠮᠦᠨ ᠢᠶᠠᠷ ᠭᠤᠣᠯ | ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ | ᠣᠯᠠᠨ ᠱᠠᠲᠤ ᠳᠠᠪᠬᠤᠷᠭ᠎ᠠ ᠬᠤᠯᠪᠣᠭᠠᠯᠠᠨ ᠬᠥᠳᠡᠯᠦᠯᠴᠡᠭᠰᠡᠨ᠂ ᠣᠯᠠᠨ ᠭᠤᠭᠴᠤᠭ᠎ᠠ ᠴᠡᠭ ᠬᠠᠷᠢᠯᠴᠠᠨ | ᠬᠥᠳᠡᠯᠦᠯᠴᠡᠭᠰᠡᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ | ᠲᠠᠪᠤ ᠳᠤ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ | ᠬᠢᠷᠢ ᠪᠠᠷ ᠢᠶᠠᠨ ᠬᠢᠬᠦ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ | ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ | ᠳᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠤᠨ᠎ᠠ᠃ ᠤᠯᠤᠰ ᠤᠨ ᠠᠮᠤᠷ | ᠲᠦᠪᠰᠢᠨ ᠤ ᠶᠡᠷᠦᠩᠬᠡᠢ ᠴᠣᠭᠴᠠ ᠶᠢᠨ ᠦᠵᠡᠯᠲᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃ | ᠭᠤᠷᠪᠠ᠂ 2021 ᠣᠨ ᠤ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ | ᠵᠢᠯ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ | ᠠᠶᠠᠨ ᠢᠶᠠᠨ ᠡᠬᠢᠯᠡᠭᠦᠯᠬᠦ ᠵᠢᠯ ᠮᠥᠨ᠂ ᠮᠦᠨᠴᠦ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠣᠨ᠎ᠠ᠃ | ᠦᠨᠦ ᠵᠢᠯ ᠤᠨ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠶ ᠱᠦᠵᠢ ᠶᠢᠨ | ᠥᠪᠥᠷ ᠮᠣᠩᠭᠤᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ | ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ | ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠦ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ | ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠᠷ | ᠲᠡᠷᠢᠭᠦᠨ ᠴᠢᠬᠤᠯᠠ ᠡᠭᠦᠷᠭᠡ ᠪᠣᠯᠭᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠣᠯᠤᠨ ︽ | ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠪᠠᠲᠤ ᠰᠠᠭᠤᠷᠢᠯᠠᠨ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠨᠡᠷᠡᠲᠦ ᠳᠡᠮᠳᠡᠭᠳᠣ ᠶᠢᠨ ᠪᠦᠲᠦᠭᠡᠨ | ᠪᠠᠶᠢᠭᠤᠯᠤᠯᠲᠠ ᠪᠠᠷ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠵᠣ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠬᠥᠭᠵᠢᠯᠲᠡ ᠪᠠ ᠠᠮᠤᠷ | ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠦᠯᠦᠪᠵᠢᠬᠦᠯᠦᠨ᠂ ᠦᠨᠳᠦᠰᠦᠲᠡᠨ ᠤ ᠪᠦᠯᠬᠦᠮᠳᠡᠯ ᠪᠠ ᠬᠢᠯᠢ | ᠬᠢᠵᠠᠭᠠᠷ ᠤᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠪᠠᠬᠢᠵᠢᠭᠦᠯᠵᠦ᠂ ᠠᠮᠢ ᠠᠬᠤᠶ ᠶᠢ ᠣᠷᠢᠳ ᠢᠶᠠᠷ | ᠪᠣᠳᠣᠯᠬᠢᠯᠠᠭᠰᠠᠨ᠂ ᠪᠣᠬᠢᠷᠲᠤᠯ ᠥᠬᠡᠶ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠡᠬᠢᠯᠡᠯᠳᠡ ᠶᠢᠨ ᠭᠠᠷᠤᠭ᠎ᠠ ᠪᠠᠨ ᠰᠠᠶᠢᠲᠤᠷ ᠡᠬᠢᠯᠡᠭᠦᠯᠬᠦ ᠶᠢ ᠦᠨᠡᠨᠬᠦ ᠪᠠᠲᠤᠯᠠᠵᠤ᠂ | ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% | ᠣᠷᠴᠢᠮ ᠢᠶᠠᠷ ᠨᠡᠮᠡᠭᠳᠡᠭᠦᠯᠦᠨ᠎ᠡ︔ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠶᠢ ᠠᠳᠠᠯᠢ | ᠪᠠᠷᠢᠮᠵᠢᠶ᠎ᠠ ᠪᠠᠷ 6% ᠠᠴᠠ ᠳᠡᠭᠡᠭᠰᠢ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠶᠢ 5% ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ | ᠪᠤᠷᠤᠯᠠᠭᠤᠯᠬᠤ ᠶᠡᠷᠦᠩᠬᠡᠢ ᠬᠡᠮᠵᠢᠶ᠎ᠡ ᠶᠢ 5.5% ᠣᠷᠴᠢᠮ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ ︔ ᠭᠠᠵᠠᠷ ᠣᠷᠣᠨ ᠤ ᠨᠢᠭᠡᠴᠢ ᠦᠢᠯᠡᠳᠪᠦᠷᠢᠯᠡᠯ ᠤᠨ | ᠶᠡᠷᠦᠩᠬᠡᠢ ᠦᠷᠲᠡᠭ ᠲᠠᠬᠢ ᠡᠨᠧᠷᠭᠢ ᠶᠢᠨ ᠬᠤᠷᠤᠭᠳᠠᠯ ᠢ 3% ᠪᠠᠷ ᠪᠠᠭᠤᠷᠠᠭᠤᠯᠤᠨ᠎ᠠ᠃ ᠳᠡᠭᠡᠷ᠎ᠡ ᠳᠤᠷᠠᠳᠤᠭᠰᠠᠨ | ᠬᠠᠷᠠᠯᠲᠠ ᠶᠢᠨ ᠲᠤᠭᠤᠷᠢᠨ ᠳᠤ᠂ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠲᠤᠬ ᠲᠡᠮᠳᠡᠭ ᠲᠣᠳᠣᠷᠬᠠᠶ ᠪᠠᠷ ᠠᠮᠢ | ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠨ᠎ᠠ | ᠠᠮᠢ ᠠᠬᠤᠶ ᠶᠢᠨ ᠬᠠᠮᠠᠭᠠᠯᠠᠯᠲᠠ ᠳᠤ ᠲᠦᠷᠢᠮ ᠢᠶᠠᠷ ᠬᠢᠵᠠᠭᠠᠷᠯᠠᠬᠤ ᠪᠠᠨ ᠴᠢᠩᠭᠠᠳᠬᠠᠨ᠎ᠠ᠃ ᠱᠢ ᠲᠠᠢ ᠹᠧᠩ | ᠱᠦᠵᠢ ᠶᠢᠨ ᠳᠤᠷᠠᠳᠤᠭᠰᠠᠨ ︽ᠲᠠᠪᠤᠨ ᠶᠠᠭᠤ ᠬᠢᠬᠦ︾ ᠭᠡᠰᠡᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠦ᠂ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠣᠬᠢᠶᠠᠵᠤ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠤᠤᠯ ᠴᠣᠭᠴᠠ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠥᠬᠡᠶ ᠠᠵᠤ ᠦᠢᠯᠡᠰ ᠤᠨ ᠪᠠᠶᠢᠷᠢᠯᠠᠭᠤᠯᠤᠯᠲᠠ᠂ ᠬᠡᠪᠴᠢᠶ᠎ᠡ ᠪᠠ | ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠳᠤ ᠨᠡᠶᠢᠴᠡᠬᠦ ᠥᠬᠡᠶ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠰᠢᠨ᠎ᠡ ᠨᠢᠭᠡᠨ | ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠵᠣᠭᠰᠣᠭᠠᠬᠤ᠂ ᠬᠠᠪᠤᠷ ᠤᠨ ᠤᠯᠠᠷᠢᠯ ᠳᠤ ᠪᠡᠯᠴᠢᠭᠡᠷ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ | ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠡᠯᠴᠢᠭᠡᠷ ᠤᠨ ᠳᠠᠭᠠᠭᠠᠴᠠ ᠳᠤ ᠲᠤᠭᠢᠷᠠᠭᠤᠯᠤᠨ ᠮᠠᠯ ᠮᠠᠯᠵᠢᠬᠤ | ᠠᠵᠢᠯ ᠤᠨ ᠵᠢᠯᠣᠭᠤᠳᠬᠤ ᠰᠠᠨᠠᠯ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠠᠷᠭ᠎ᠠ | ᠵᠡᠷᠭᠡ ᠲᠦᠷᠢᠮ ᠢ ᠲᠣᠭᠲᠠᠭᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠭᠯᠠᠬᠤ ᠶᠢ | ᠠᠬᠢᠭᠤᠯᠤᠨ᠎ᠠ᠃ | ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠴᠢᠩᠭᠠᠳᠬᠠᠨ᠎ᠠ᠃ ᠤᠯᠤᠰ ᠤᠨ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠬᠤᠲᠠ | ︵ᠣᠷᠣᠨ︶ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ | ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ | ᠡᠬᠢᠯᠡᠭᠦᠯᠵᠦ᠂ ᠤᠯᠤᠰ ᠤᠨ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠤᠨ | ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠲᠤᠷᠰᠢᠯᠲᠠ ᠶᠢᠨ ᠴᠡᠭ ᠢ ᠢᠳᠡᠪᠬᠢᠲᠡᠶ ᠪᠠᠷ ᠮᠡᠳᠡᠭᠦᠯᠦᠨ᠎ᠡ᠃ | ᠳᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ᠂ ᠬᠡᠪᠴᠢᠶᠡᠵᠢᠭᠦᠯᠦᠭᠰᠡᠨ ᠣᠶ ᠰᠢᠭᠤᠶ ᠶᠢᠨ ᠲᠠᠯᠠᠪᠠᠶ ᠶᠢᠨ | ᠲᠤᠷᠰᠢᠯᠲᠠ ᠶᠢᠨ ᠴᠡᠭ ᠵᠡᠷᠭᠡ ᠠᠮᠢ ᠠᠬᠤᠶ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 66 ᠲᠦᠮᠡᠨ ᠮᠥ | ᠮᠣᠳᠣ ᠳᠠᠷᠢᠵᠤ ᠣᠶᠢᠵᠢᠭᠤᠯᠬᠤ᠂ ᠳᠠᠴᠢᠷᠳᠠᠭᠰᠠᠨ ᠪᠡᠯᠴᠢᠭᠡᠷ ᠢ 80 ᠲᠦᠮᠡᠨ ᠮᠥ ᠰᠡᠷᠭᠦᠭᠡᠬᠦ ᠶᠢ ᠪᠡᠶᠡᠯᠡᠭᠦᠯᠦᠨ᠎ᠡ᠃ | ᠵᠠᠳᠠᠭᠠᠶ ᠨᠡᠭᠦᠷᠡᠰᠦᠨ ᠠᠭᠤᠷᠬᠠᠶ ᠪᠣᠯᠤᠨ ᠲᠣᠮᠣ ᠬᠡᠯᠪᠡᠷᠢ ᠶᠢᠨ ᠨᠡᠭᠦᠷᠡᠰᠦᠨ ᠤ ᠪᠤᠰᠤ ᠵᠠᠳᠠᠭᠠᠶ ᠠᠭᠤᠷᠬᠠᠶ ᠪᠠᠷ | ᠭᠤᠤᠯᠳᠠᠯᠭ᠎ᠠ ᠪᠣᠯᠭᠠᠭᠰᠠᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠰᠠᠶᠢᠲᠤᠷ ᠠᠳᠬᠤᠵᠤ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ | ᠥᠬᠡᠶ ᠠᠭᠤᠷᠬᠠᠶ ᠶᠢ 70 ᠠᠴᠠ ᠳᠡᠭᠡᠭᠰᠢ ᠳᠤ ᠬᠦᠷᠦᠭᠦᠯᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ ᠮᠠᠯᠲᠠᠭᠰᠠᠨ | ᠬᠠᠶᠠᠭᠳᠠᠮᠠᠯ ᠨᠦᠬᠡ ᠶᠢ ᠵᠠᠰᠠᠬᠤ ᠲᠠᠯᠠᠪᠠᠶ ᠶᠢ 40 ᠬᠠᠪᠲᠠᠭᠠᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠳᠤ | ᠬᠦᠷᠦᠭᠦᠯᠦᠨ᠎ᠡ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠢᠭᠡ ᠠᠴᠠ | ᠵᠦᠢᠴᠢᠯᠡᠵᠦ ᠨᠦᠭᠦᠭᠡ ᠶᠢ ᠮᠡᠳᠡᠬᠦ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ᠎ᠡ᠃ ᠬᠦᠬᠡ | ᠤᠭᠲᠠᠷᠭᠤᠢ᠂ ᠬᠥᠬᠡᠮᠳᠦᠭ ᠤᠰᠤ᠂ ᠬᠦᠨᠳᠡᠰᠢ ᠦᠭᠡᠢ ᠬᠥᠷᠥᠰᠥ ᠶᠢ ᠬᠠᠮᠠᠭᠠᠯᠠᠬᠤ ᠪᠠᠶᠢᠯᠳᠤᠭᠠᠨ ᠤ ᠦᠷ᠎ᠡ | ᠪᠦᠲᠦᠭᠡᠯ ᠢ ᠪᠠᠬᠢᠵᠢᠭᠦᠯᠵᠦ᠂ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ | ᠪᠣᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠮᠠᠰᠢᠨ | ᠲᠡᠷᠭᠡᠨ ᠤ ᠪᠣᠬᠢᠷᠲᠤᠯ ᠢ ᠵᠠᠰᠠᠬᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ | ᠵᠠᠰᠠᠬᠤ᠂ ᠤᠰᠤᠨ ᠤ ᠡᠬᠢ ᠰᠤᠷᠪᠤᠯᠵᠢ ᠶᠢᠨ ᠣᠷᠣᠨ ᠢ ᠳᠦᠷᠢᠮᠵᠢᠭᠦᠯᠦᠨ ᠪᠦᠳᠦᠭᠡᠨ ᠪᠠᠶᠢᠭᠤᠯᠬᠤ ᠵᠡᠷᠭᠡ ᠠᠵᠢᠯ ᠢ | ᠰᠠᠶᠢᠲᠤᠷ ᠠᠳᠬᠤᠨ᠎ᠠ᠃ ᠢᠯᠠᠯᠲᠠ ᠠᠭᠤᠷᠬᠠᠶ ᠶᠢᠨ ᠣᠷᠣᠨ ᠤ ᠪᠠᠷᠠᠭᠤᠨ ᠭᠤᠷᠪᠠᠳᠤᠭᠠᠷ ᠠᠭᠤᠷᠬᠠᠶ᠂ ᠪᠠᠷᠠᠭᠤᠨ | ᠬᠤᠶᠠᠳᠤᠭᠠᠷ ᠠᠭᠤᠷᠬᠠᠶ ᠪᠠᠷ ᠭᠤᠤᠯᠳᠠᠯᠭ᠎ᠠ ᠪᠣᠯᠭᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠲᠦᠷᠭᠡᠳᠬᠡᠨ ᠠᠬᠢᠭᠤᠯᠤᠨ᠎ᠠ᠃ | ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ | ᠨᠡᠭᠦᠷᠡᠰᠦᠲᠥ᠋ᠷᠥᠭᠴᠢ ᠶᠢᠨ ᠲᠠᠪᠬᠠᠷ ᠢᠰᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠬᠤ ᠠᠵᠢᠯ ᠢ ᠰᠠᠶᠢᠲᠤᠷ | ᠬᠢᠨ᠎ᠡ᠃ ᠬᠠᠮᠤᠭ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠯᠡᠨ ᠡᠨᠧᠷᠭᠢ ᠶᠢᠨ ᠬᠤᠷᠤᠭᠳᠠᠯ ᠤᠨ ︽ᠬᠤᠣᠰ ᠡᠵᠡᠮᠳᠡᠯ︾ | ᠤᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠨᠧᠷᠭᠢ ᠬᠡᠷᠡᠭᠯᠡᠬᠦ ᠲᠥᠰᠦᠪ ᠤᠨ | ᠬᠠᠮᠢᠶᠠᠷᠤᠯᠲᠠ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠢ ᠰᠦᠯᠵᠢᠶᠡᠨ ᠳᠡᠭᠡᠷ᠎ᠡ ᠬᠢᠨᠠᠨ | ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠦᠢᠯᠡᠰ ᠪᠠᠶᠢᠭᠤᠯᠬᠤ ᠵᠥᠪᠰᠢᠶᠡᠷᠡᠯ ᠤᠨ ᠰᠦᠷᠭᠡᠦ | ᠵᠢᠭᠰᠠᠭᠠᠯᠲᠠ ᠶᠢ ᠪᠠᠶᠢᠭᠤᠯᠵᠤ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠭᠡᠭᠡᠭᠳᠡᠭᠦᠯᠵᠦ᠂ | ᠡᠨᠧᠷᠭᠢ ᠶᠢᠨ ᠬᠤᠷᠤᠭᠳᠠᠯ ᠤᠨ ᠡᠯᠧᠮᠧᠨ᠋ᠲ ᠢ ᠪᠠᠭᠠᠰᠬᠠᠬᠤ ᠲᠤᠬᠢᠷᠠᠭᠤᠯᠤᠯᠳᠠ ᠶᠢ ᠪᠠᠲᠤᠯᠠᠵᠤ᠂ ᠡᠨᠧᠷᠭᠢ ᠶᠢᠨ | ᠬᠤᠷᠤᠭᠳᠠᠯ ᠤᠨ ︽ᠬᠤᠣᠰ ᠡᠵᠡᠮᠳᠡᠯ︾ ᠤᠨ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠤᠯᠤᠰ ᠤᠨ | ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠡᠭᠦᠰᠭᠡᠬᠦ ᠣᠷᠭᠢᠯ ᠦᠶ᠎ᠡ ᠪᠡ ᠨᠡᠭᠦᠷᠡᠰᠦᠲᠥ᠋ᠷᠥᠭᠴᠢ ᠶᠢᠨ ᠲᠠᠪᠬᠤᠷ | ᠢᠰᠦᠯ ᠰᠠᠭᠠᠷᠮᠠᠭᠵᠢᠭᠤᠯᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠤᠨ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠪᠣᠳᠠᠲᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ | ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠭᠠᠳᠠᠭᠰᠢᠯᠠᠭᠤᠯᠤᠯᠲᠠ ᠶᠢ ᠬᠢᠨᠠᠨ ᠬᠡᠮᠵᠢᠬᠦ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ᠎ᠠ᠃ | ︵ᠬᠤᠶᠠᠷ︶ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠣᠲᠣ | ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ | ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠠᠭᠤᠷᠢᠨ ᠭᠠᠵᠠᠷ ᠢ ᠬᠦᠴᠦᠯᠡᠨ | ᠪᠠᠶᠢᠭᠤᠯᠤᠨ᠎ᠠ᠃ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠵᠦ᠂ ︽ | ᠰᠢᠯᠢ ᠶᠢᠨ ᠭᠤᠤᠯ ᠠᠶᠢᠮᠠᠭ ᠤᠨ ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠠᠷᠭ᠎ᠠ ︵2021 — 2023 ᠣᠨ︶︾ ᠶᠢ ᠨᠡᠶᠢᠲᠡᠯᠡᠨ᠂ ᠰᠢᠯᠢᠳᠡᠭ ᠡᠭᠦᠯᠳᠡᠷ ᠢ | ᠦᠷᠡᠵᠢᠭᠦᠯᠬᠦ᠂ ᠲᠠᠷᠭᠤᠯᠠᠭᠤᠯᠬᠤ ᠵᠡᠷᠭᠡ ᠪᠠᠭᠤᠷᠠᠶ ᠭᠤᠭᠴᠤᠭ᠎ᠠ ᠶᠢ ᠭᠤᠤᠯᠳᠠᠯᠭ᠎ᠠ ᠲᠠᠢ ᠲᠡᠳᠬᠦᠵᠦ᠂ ᠵᠢᠯ ᠤᠨ | ᠳᠣᠲᠣᠷ᠎ᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ 180 ᠲᠦᠮᠡᠨ ᠲᠤᠯᠤᠭᠠᠢ ᠳᠤ ᠬᠦᠷᠦᠭᠦᠯᠦᠨ᠎ᠡ᠃ | ᠤᠯᠤᠰ ᠠᠴᠠ ᠨᠤᠲᠤᠭ ᠤᠨ ᠠᠯᠠᠰᠢᠨ ᠬᠤᠨᠢᠨ ᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ | ᠰᠠᠶᠢᠲᠤᠷ ᠬᠡᠷᠡᠭᠵᠢᠭᠦᠯᠵᠦ᠂ ᠴᠡᠪᠡᠷᠵᠢᠭᠦᠯᠦᠨ ᠰᠠᠶᠢᠵᠢᠷᠠᠭᠤᠯᠬᠤ᠂ ᠡᠷᠯᠢᠰᠡᠵᠢᠭᠦᠯᠦᠨ ᠪᠣᠷᠳᠣᠬᠤ᠂ ᠨᠠᠷᠢᠯᠢᠭ ᠴᠢᠨᠠᠷᠯᠢᠭ | ᠡᠳ᠋ᠰᠢᠭᠦᠯᠬᠦ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠲᠠᠷᠢᠶᠠᠯᠠᠩ ᠮᠠᠯ ᠠᠵᠤ ᠠᠬᠤᠶ ᠶᠢᠨ | ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠯᠢ ᠶᠢᠨ ᠭᠤᠤᠯ ᠬᠤᠨᠢ᠂ | ᠰᠢᠯᠢ ᠶᠢᠨ ᠭᠤᠤᠯ ᠦᠬᠡᠷ᠂ ᠮᠣᠩᠭᠤᠯ ᠠᠳᠤᠭᠤ᠂ ᠰᠢᠯᠢ ᠶᠢᠨ ᠭᠤᠤᠯ ᠴᠠᠭᠠᠨ ᠢᠳᠡᠭᠡ ᠵᠡᠷᠭᠡ ᠤᠨᠴᠠᠯᠢᠬᠳᠤ ᠠᠵᠤ | ᠦᠢᠯᠡᠰ ᠤᠨ ᠨᠠᠷᠠᠲᠤ ᠲᠡᠮᠳᠡᠭᠲᠦ ᠶᠢ ᠭᠤᠤᠯᠳᠠᠯᠭ᠎ᠠ ᠲᠠᠢ ᠪᠣᠶ ᠪᠣᠯᠭᠠᠵᠤ᠂ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭᠲᠦ ᠶᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ᠎ᠡ᠃ | ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠬᠦᠭᠵᠢᠭᠦᠯᠦᠨ᠎ᠡ᠃ ᠬᠤᠶᠠᠷ ᠵᠤᠷᠪᠤᠰ | ᠣᠨᠴᠠ ᠥᠨᠳᠥᠷ ᠬᠦᠴᠦᠳᠡᠯᠲᠦ ᠢᠵᠢ ᠪᠦᠷᠢᠳᠦᠭᠦᠯᠬᠦ ᠴᠠᠬᠢᠯᠭᠠᠨ ᠡᠭᠦᠰᠭᠡᠭᠴᠢ ᠶᠢᠨ ᠴᠡᠭ ᠤᠨ ᠪᠥᠳᠥᠭᠡᠨ | ᠪᠠᠶᠢᠭᠤᠯᠤᠯᠲᠠ ᠶᠢ ᠱᠠᠯᠠᠪᠳᠠᠨ ᠲᠥᠯᠬᠢᠨ ᠠᠬᠢᠭᠤᠯᠵᠤ᠂ ᠱᠧᠨ ᠬᠤᠸᠠ ᠴᠠᠬᠢᠯᠭᠠᠨ ᠦᠢᠯᠡᠳᠪᠦᠷᠢ ᠶᠢ ᠵᠢᠯ ᠤᠨ | ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ᠂ | ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ ᠴᠠᠬᠢᠯᠭᠠᠨ ᠤ ᠦᠢᠯᠡᠳᠪᠦᠷᠢ ᠪᠣᠯᠤᠨ | ᠳᠡᠭᠡᠳᠦ ᠨᠠᠷᠢᠯᠢᠭ ᠬᠦᠡᠭᠬᠡᠨ ᠴᠠᠭᠠᠨ ᠤ ᠬᠠᠪᠲᠠᠰᠤᠨ ᠪᠦᠰᠡᠨ ᠤ ᠥᠪᠡᠷ ᠲᠡᠭᠡᠨ ᠪᠡᠯᠡᠳᠬᠡᠭᠰᠡᠨ ᠴᠠᠬᠢᠯᠭᠠᠨ ᠤ | ᠦᠢᠯᠡᠳᠪᠦᠷᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠂ ᠵᠢᠶᠠᠩᠰᠦ ᠮᠤᠵᠢ ᠶᠢᠨ ᠡᠨᠧᠷᠭᠢ ᠶᠢᠨ ᠤᠯᠠᠭᠠᠶ ᠶᠢᠨ | ᠴᠠᠬᠢᠯᠭᠠᠨ ᠦᠢᠯᠡᠳᠪᠦᠷᠢ᠂ ᠬᠤᠸᠠ ᠳ᠋ᠢᠶᠠᠨ ᠶᠢᠨ ᠱᠠᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ | ᠠᠵᠢᠯ ᠡᠬᠢᠯᠡᠭᠦᠯᠦᠨ ᠪᠥᠳᠥᠭᠡᠨ ᠪᠠᠶᠢᠭᠤᠯᠬᠤ ᠶᠢ ᠲᠥᠯᠬᠢᠨ ᠠᠬᠢᠭᠤᠯᠵᠤ᠂ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠶᠢ 200 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠣᠨᠴᠠ ᠥᠨᠳᠥᠷ | ᠬᠦᠴᠦᠳᠡᠯᠲᠦ ᠴᠠᠬᠢᠯᠭᠠᠨ ᠤ ᠢᠵᠢ ᠪᠦᠷᠢᠳᠦᠭᠦᠯᠬᠦ ᠬᠤᠶᠠᠳᠤᠭᠠᠷ ᠬᠤᠭᠤᠴᠠᠭᠠᠨ ᠤ ᠰᠠᠯᠬᠢᠨ ᠬᠦᠴᠦᠨ ᠤ ᠴᠠᠬᠢᠯᠭᠠᠨ | ᠤ ᠲᠥᠷᠥᠯ ᠵᠦᠢᠯ ᠢ ᠴᠤᠬᠤᠯᠠᠪᠤᠷᠢᠯᠠᠬᠤ ᠠᠵᠢᠯ ᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠪᠠᠷᠠᠭᠤᠨ ᠣᠷᠣᠨ ᠤ | ᠬᠢᠯᠢ ᠳᠠᠭᠠᠤ ᠶᠢᠨ ᠡᠯᠡᠰᠦᠷᠬᠡᠭᠵᠢᠭᠰᠡᠨ ᠭᠠᠵᠠᠷ ᠣᠷᠣᠨ ᠤ ᠰᠢᠨ᠎ᠡ ᠡᠨᠧᠷᠭᠢ ᠶᠢᠨ ᠨᠡᠭᠡᠭᠡᠯᠳᠡ ᠬᠢᠭᠡᠳ ᠠᠮᠢ ᠠᠬᠤᠶ ᠶᠢ | ᠰᠡᠷᠭᠦᠭᠡᠨ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠲᠥᠯᠬᠢᠨ ᠠᠬᠢᠭᠤᠯᠵᠤ᠂ ᠱᠠᠩᠳᠤ ᠶᠢᠨ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ | ᠤ ᠲᠠᠯᠠᠪᠠᠢ ᠪᠣᠯᠤᠨ ᠵᠢᠩ ᠨᠧᠩ ᠠᠪᠠᠭ᠎ᠠ ᠬᠤᠰᠢᠭᠤᠨ ᠤ ᠡᠯᠡᠰᠦᠷᠬᠡᠭ ᠭᠠᠵᠠᠷ ᠤᠨ ᠠᠮᠢ ᠠᠬᠤᠶ ᠶᠢ ᠵᠠᠰᠠᠬᠤ ᠭᠡᠷᠡᠯ | ᠸᠣᠯᠲ ᠤᠨ ᠲᠥᠷᠥᠯ ᠵᠦᠢᠯ ᠤᠨ ᠠᠵᠢᠯ ᠡᠬᠢᠯᠡᠭᠦᠯᠦᠨ ᠪᠥᠳᠥᠭᠡᠨ ᠪᠠᠶᠢᠭᠤᠯᠬᠤ ᠶᠢ ᠲᠥᠯᠬᠢᠨ ᠠᠬᠢᠭᠤᠯᠤᠨ᠎ᠠ᠃ ᠯᠦ | ᠰᠢᠨ ᠨᠡᠭᠦᠷᠡᠰᠦᠨ ᠠᠭᠤᠷᠬᠠᠶ᠂ ᠲᠠᠪᠤᠨ ᠲᠠᠰᠤᠯᠭ᠎ᠠ ᠪᠠᠶᠢᠰᠢᠩ ᠤᠨ ᠪᠠᠷᠠᠭᠤᠨ ᠨᠢᠭᠡᠳᠦᠭᠡᠷ ᠨᠣᠮᠧᠷᠲᠤ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠠᠶᠢᠮᠠᠭ ᠲᠤ 1.2 ᠳ᠋ᠦᠩᠰᠢᠭᠤᠷ ᠲᠣᠨ ᠲᠦᠭᠦᠬᠡᠶ | ᠨᠡᠭᠦᠷᠡᠰᠦ ᠦᠢᠯᠡᠳᠪᠦᠷᠢᠯᠡᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠦᠴᠦᠯᠡᠨ ᠪᠤᠶᠢᠵᠢᠭᠤᠯᠤᠨ᠎ᠠ᠃ ᠭᠤᠤᠯᠯᠠᠬᠤ ᠠᠵᠤ ᠦᠢᠯᠡᠰ ᠤᠨ | ᠬᠥᠭᠵᠢᠯᠲᠡ ᠶᠢᠨ ᠲᠣᠭᠤᠷᠢᠨ ᠳᠤ᠂ ᠨᠢᠭᠡ ᠪᠦᠯᠦᠭ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ | ᠬᠡᠯᠬᠢᠶᠡᠰᠦ ᠶᠢ ᠴᠢᠩᠭᠠᠳᠬᠠᠬᠤ ᠲᠥᠷᠥᠯ ᠵᠦᠢᠯ ᠢ ᠰᠦᠪᠡᠭᠴᠢᠯᠡᠨ ᠬᠡᠷᠡᠭᠵᠢᠭᠦᠯᠦᠨ᠎ᠡ᠃ ᠲᠠᠶᠢᠹᠦᠰᠧ ᠬᠤᠰᠢᠭᠤᠨ ᠤ | ᠬᠡᠲᠦ ᠬᠠᠲᠠᠭᠤ ᠮᠠᠲ᠋ᠧᠷᠢᠶᠠᠯ᠂ ᠪᠠᠶᠠᠨᠬᠤᠸᠠ ᠬᠥᠩᠭᠡᠨ ᠴᠠᠭᠠᠨ ᠤ ᠰᠡᠭᠦᠯᠴᠢ ᠶᠢᠨ ᠡᠳ᠋ᠰᠢᠭᠦᠯᠭᠡ ᠵᠡᠷᠭᠡ ᠠᠵᠤ | ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠠᠯᠬᠢᠨ ᠬᠦᠴᠦᠨ ᠤ | ᠮᠠᠰᠢᠨ ᠤ ᠪᠦᠬᠦᠯᠢ ᠴᠤᠭᠴᠠᠯᠠᠪᠦᠷᠢ᠂ ᠨᠡᠷᠡᠨ ᠡᠨᠧᠷᠭᠢ ᠶᠢᠨ ᠲᠣᠨᠤᠭ ᠲᠥᠬᠦᠭᠡᠷᠦᠮᠵᠢ ᠵᠡᠷᠭᠡ ᠦᠢᠯᠡᠳᠬᠦ ᠦᠢᠯᠡᠰ ᠢ | ᠢᠳᠡᠪᠬᠢᠲᠡᠶ ᠬᠥᠭᠵᠢᠭᠦᠯᠵᠦ᠂ ᠳᠡᠭᠡᠳᠦ ᠨᠠᠷᠢᠯᠢᠭ ᠬᠥᠩᠭᠡᠨ ᠴᠠᠭᠠᠨ ᠤ ᠬᠠᠪᠲᠠᠰᠤᠨ ᠪᠦᠰᠡ᠂ ᠬᠢᠮᠡᠯ ᠠᠯᠮᠠᠰ ᠤᠨ | ᠬᠤᠶᠠᠳᠤᠭᠠᠷ ᠬᠤᠭᠤᠴᠠᠭ᠎ᠠ᠂ ᠪᠠᠯ ᠴᠢᠯᠠᠭᠤᠨ ᠴᠠᠬᠢᠯᠭᠠᠨ ᠲᠦᠢᠯ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠶᠤᠸᠠᠨ ᠤ ᠳᠡᠭᠡᠳᠦ ᠨᠡᠶᠢᠰᠯᠡᠯ ᠤᠨ ᠵᠤᠭᠠᠴᠠᠭᠰᠠᠳ ᠤᠨ ᠲᠥᠪ | ᠵᠡᠷᠭᠡᠭᠤᠤᠯᠳᠠᠯᠭᠠ ᠲᠠᠢ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ A | ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠢᠳᠡᠪᠬᠢᠲᠡᠶ ᠪᠠᠷ ᠴᠣᠭᠴᠠᠯᠠᠨ ᠪᠠᠶᠢᠭᠤᠯᠵᠤ᠂ ᠮᠠᠯᠴᠢᠨ ᠠᠶᠢᠯ | ᠵᠢᠭᠤᠯᠴᠢᠯᠠᠯ ᠤᠨ ᠴᠡᠭ ᠢ ᠳᠦᠷᠢᠮᠵᠢᠭᠦᠯᠦᠨ ᠬᠥᠭᠵᠢᠭᠦᠯᠵᠦ᠂ ᠠᠮᠢ ᠠᠬᠤᠶ ᠶᠢᠨ ᠲᠠᠯ᠎ᠠ ᠨᠤᠲᠤᠭ ᠤᠨ ᠰᠣᠶᠣᠯ ᠤᠨ | ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠣᠷᠣᠨ ᠢ ᠲᠦᠷᠭᠡᠳᠬᠡᠨ ᠪᠠᠶᠢᠭᠤᠯᠤᠨ᠎ᠠ᠃ ᠦᠢᠯᠡᠴᠢᠯᠡᠭᠡᠨ ᠤ | ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠦᠭᠵᠢᠯᠲᠡ ᠶᠢ ᠵᠣᠷᠢᠭᠵᠢᠭᠤᠯᠵᠤ᠂ ᠡᠯ᠎ᠡ | ᠲᠦᠷᠦᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠴᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠶᠢᠨ ᠠᠭᠤᠰᠤᠯᠴᠠᠯ ᠢ ᠠᠬᠢᠭᠤᠯᠤᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ᠴᠢᠬᠤᠯᠠ ᠶᠡᠭᠡ ᠲᠥᠷᠥᠯ ᠵᠦᠢᠯ ᠤᠨ | ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠠᠶᠢᠮᠠᠭ ᠤᠨ | ᠲᠠᠰ ᠤᠨ 145 ᠭᠤᠤᠯᠳᠠᠯᠭ᠎ᠠ ᠲᠠᠢ ᠲᠥᠷᠥᠯ ᠵᠦᠢᠯ ᠢ ᠪᠦᠬᠦ ᠲᠠᠯ᠎ᠠ ᠪᠠᠷ ᠠᠬᠢᠭᠤᠯᠵᠣ᠂ ᠵᠢᠯ ᠤᠨ ᠳᠣᠲᠣᠷ᠎ᠠ | 310 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︽ᠬᠤᠶᠠᠷ | ᠰᠢᠨ᠎ᠡ ᠨᠢᠭᠡ ᠴᠢᠬᠤᠯᠠ︾᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠠᠷᠠᠳ ᠤᠨ | ᠠᠮᠢᠳᠤᠷᠠᠯ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠢ | ᠨᠥᠭᠡᠴᠡᠯᠡᠬᠦ ᠠᠵᠢᠯ ᠢ ᠴᠢᠩᠭᠠᠳᠬᠠᠨ᠎ᠠ᠃ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠪᠠ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠶ ᠲᠦᠷᠦᠯ ᠤᠨ ᠵᠢᠭᠡᠯᠡᠯᠭᠡ ᠶᠢᠨ ᠲᠡᠮᠳᠡᠭᠲᠦ᠂ ᠡᠩ ᠤᠨ | ᠵᠢᠭᠡᠯᠡᠯᠭᠡ ᠶᠢᠨ ᠲᠡᠮᠳᠡᠭᠲᠦ ᠵᠡᠷᠭᠡ ᠶᠢᠨ ᠪᠠᠯᠠ ᠮᠥᠩᠭᠦ ᠶᠢ ᠢᠳᠡᠪᠬᠢᠯᠡᠨ ᠣᠯᠵᠤ᠂ ᠨᠢᠭᠡ ᠪᠦᠯᠦᠭ ᠠᠵᠤ ᠠᠬᠤᠶ | ᠨᠡᠶᠢᠭᠡᠮ ᠤᠨ ᠦᠷ᠎ᠡ ᠠᠰᠢᠭ ᠢᠶᠠᠷ ᠢᠯᠡᠷᠬᠡᠶ᠂ ᠡᠮᠦᠨᠡᠬᠢ ᠬᠤᠭᠤᠴᠠᠭᠠᠨ ᠳᠤ ᠪᠣᠯᠪᠠᠰᠤᠷᠠᠩᠭᠤᠶ ᠪᠣᠯᠤᠭᠰᠠᠨ | ᠬᠡᠮᠵᠢᠶ᠎ᠡ ᠪᠠᠷ ᠥᠨᠳᠥᠷ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠰᠦᠪᠡᠭᠴᠢᠯᠡᠨ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ | ᠬᠥᠬᠡᠮᠥ᠋ᠷᠡᠨ ᠤ ᠭᠤᠷᠪᠠᠯᠵᠢᠨ ᠬᠤᠶᠢᠭ ᠲᠤ ᠰᠢᠨᠵᠢᠯᠡᠨ ᠪᠠᠶᠢᠴᠠᠭᠠᠬᠤ ᠵᠡᠷᠭᠡ ᠠᠵᠠ ᠲᠣᠬᠢᠶᠠᠯ ᠢ ᠠᠰᠢᠭᠯᠠᠨ᠂ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠰᠢᠨ᠎ᠡ ᠲᠥᠷᠥᠯ | ᠵᠦᠢᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠨ᠎ᠡ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ | ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ | ᠰᠠᠶᠢᠲᠤᠷ ᠬᠢᠵᠦ᠂ ᠣᠲᠣ ᠶᠢᠨ ᠪᠠᠶᠢᠭ᠎ᠠ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ | ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ | ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠷᠢᠯᠢᠭ ᠨᠠᠶᠢᠳᠠᠪᠤᠷᠢᠵᠢᠭᠤᠯᠵᠤ᠂ ᠨᠠᠷᠢᠯᠢᠭ ᠤᠨᠤᠪᠴᠢᠲᠠᠢ | ᠠᠷᠭ᠎ᠠ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ | ᠲᠠᠬᠢᠨ ᠶᠠᠳᠠᠭᠤᠷᠠᠭᠤᠯᠬᠤ ᠦᠭᠡᠢ᠂ ᠶᠠᠳᠠᠭᠤᠷᠠᠮᠠᠷ ᠪᠠᠶᠢᠭ᠎ᠠ ᠬᠥᠮᠦᠨ ᠠᠮᠠ ᠶᠢ ᠶᠠᠳᠠᠭᠤᠷᠠᠭᠤᠯᠬᠤ ᠦᠭᠡᠢ ᠪᠠᠶᠢᠬᠤ ᠶᠢ | ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠰᠢᠶᠠᠨ ᠤ ᠬᠡᠪᠴᠢᠶᠡᠨ ᠤ ᠤᠨᠴᠠᠯᠢᠬᠳᠤ | ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠶᠡᠬᠡᠪᠡᠷ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠳᠤ | ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠ ᠨᠡᠶᠢᠭᠡᠮ ᠤᠨ ᠬᠢᠨ ᠤ | ᠣᠷᠣᠯᠴᠠᠵᠤ ᠬᠠᠪᠰᠤᠷᠤᠨ ᠲᠡᠳᠬᠦᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠵᠢᠯᠴᠠᠨ ᠬᠠᠮᠲᠤ ᠪᠠᠷ ᠠᠰᠢᠭ | ᠬᠦᠷᠳᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠢ ᠪᠣᠯᠭᠠᠨ᠎ᠠ᠃ | ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠣᠯᠠᠨ | ᠲᠥᠯᠥᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠶ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠭᠠᠴᠠᠭ᠎ᠠ ᠲᠣᠰᠬᠤᠨ ᠤ ᠪᠠᠶᠢᠷᠢᠰᠢᠭᠤᠯᠤᠯᠲᠠ ᠶᠢ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠢᠯᠢᠳᠡᠭᠵᠢᠭᠦᠯᠵᠦ᠂ ᠤᠰᠤ ᠴᠠᠬᠢᠯᠭᠠᠨ ᠵᠠᠮ | ᠨᠡᠪᠳᠡᠷᠡᠭᠦᠯᠭᠡ ᠴᠢᠮᠡᠭᠡ ᠬᠤᠯᠪᠣᠭ᠎ᠠ ᠵᠡᠷᠭᠡ ᠣᠯᠠᠨ ᠨᠡᠶᠢᠲᠡ ᠶᠢᠨ ᠰᠠᠭᠤᠷᠢ ᠲᠦᠭᠦᠭᠡᠷᠣᠮᠵᠢ ᠶᠢᠨ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠰ ᠳᠡᠪᠰᠢᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ | ᠬᠡᠷᠡᠭᠵᠢᠭᠦᠯᠦᠨ᠂ ︽ᠵᠣᠷᠯᠣᠩ ᠤᠨ ᠬᠤᠪᠢᠰᠬᠠᠯ︾ ᠢ ᠲᠥᠷᠥᠯ ᠬᠤᠪᠢᠶᠠᠨ ᠡᠮᠬᠢ ᠵᠢᠷᠤᠮ ᠲᠠᠢ ᠪᠠᠷ ᠠᠬᠢᠭᠤᠯᠵᠤ᠂ | ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠬᠤᠲᠠ ᠬᠥᠳᠡᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠪᠡᠨᠲ᠋ᠦ᠋ᠷᠭᠡᠳᠬᠡᠨᠡ᠃ | ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠠᠬᠢᠭᠤᠯᠤᠨ᠎ᠠ | ᠃ ᠤᠷᠢᠳᠠᠪᠠᠷ ᠲᠤᠷᠰᠢᠯᠲᠠ ᠬᠢᠬᠦ᠂ ᠴᠡᠭ ᠢᠶᠠᠷ ᠨᠡᠶᠢᠳᠡᠮ ᠢ ᠳᠠᠶᠢᠴᠢᠯᠠᠬᠤ ᠶᠢ ᠪᠠᠷᠢᠮᠲᠠᠯᠠᠨ᠂ ᠠᠪᠠᠭ᠎ᠠ ᠬᠤᠰᠢᠭᠤᠨ ᠤ | ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠦᠷᠭᠦᠯᠵᠢᠯᠡᠨ ᠠᠬᠢᠭᠤᠯᠵᠤ᠂ ᠲᠠᠶᠢᠹᠦᠰᠧ | ᠬᠤᠰᠢᠭᠤᠨ ᠤ ᠲᠤᠷᠰᠢᠯᠲᠠ ᠶᠢᠨ ᠴᠡᠭ ᠢ ᠡᠬᠢᠯᠡᠭᠦᠯᠵᠦ᠂ ᠤᠯᠠᠰᠢᠷᠠᠭᠤᠯᠵᠦ ᠪᠣᠯᠬᠤ᠂ ᠳᠡᠯᠭᠡᠷᠡᠭᠦᠯᠵᠦ ᠪᠣᠯᠬᠤ | ᠲᠤᠷᠰᠢᠯᠭ᠎ᠠ ᠠᠷᠭ᠎ᠠ ᠬᠢᠳᠡᠯ ᠢ ᠴᠢᠷᠮᠠᠶᠢᠨ ᠪᠣᠶ ᠪᠣᠯᠭᠠᠨ᠎ᠠ᠃ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠬᠤᠪᠢ ᠣᠷᠣᠭᠤᠯᠬᠤ ᠲᠦᠷᠢᠮ ᠤᠨ ᠲᠤᠷᠰᠢᠯᠲᠠ ᠶᠢ ᠢᠳᠡᠪᠬᠢᠲᠡᠶ ᠥᠷᠨᠢᠭᠦᠯᠵᠦ᠂ ᠬᠠᠮᠲᠤ ᠶᠢᠨ | ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ ᠲᠠᠷᠢᠶᠠᠯᠠᠩ ᠮᠠᠯ | ᠠᠵᠤ ᠠᠬᠤᠶ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠ ᠦᠢᠯᠡᠴᠢᠯᠡᠭᠡᠨ ᠤ ᠭᠤᠤᠯ | ᠴᠣᠭᠴᠠ ᠶᠢ ᠶᠡᠬᠡᠪᠡᠷ ᠪᠤᠶᠢᠵᠢᠭᠤᠯᠵᠤ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠪᠦᠬᠦᠶᠢᠯᠡ ᠬᠤᠰᠢᠭᠤ ᠰᠢᠶᠠᠨ ᠤ ᠲᠤᠷᠰᠢᠯᠲᠠ ᠶᠢᠨ ᠴᠡᠭ ᠢ ᠳᠥᠯᠭᠢᠨ ᠠᠬᠢᠭᠤᠯᠬᠤ ᠠᠵᠢᠯ ᠢ | ᠰᠠᠶᠢᠲᠤᠷ ᠠᠳᠬᠤᠨ᠎ᠠ᠃ | ︵ᠲᠦᠷᠪᠡ︶ ᠰᠠᠭᠤᠷᠢ ᠨᠥᠬᠦᠴᠡᠯ ᠢ ᠦᠨᠡᠨᠬᠦ ᠰᠠᠶᠢᠵᠢᠷᠠᠭᠤᠯᠵᠤ ᠴᠢᠨᠠᠷ ᠰᠠᠶᠢᠲᠠᠢ ᠬᠥᠭᠵᠢᠯᠲᠡ ᠶᠢᠨ | ᠲᠤᠯᠭᠠᠭᠤᠷᠢᠯᠠᠯ ᠢ ᠶᠡᠬᠡᠪᠡᠷ ᠪᠠᠬᠢᠵᠢᠭᠦᠯᠦᠨ᠎ᠡ | ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠᠷ ᠶᠡᠷᠦᠩᠬᠡᠶᠢᠯᠡᠨ | ᠵᠠᠬᠢᠷᠤᠭᠤᠯᠵᠤ᠂ ᠬᠤᠲᠠ ᠪᠠᠯᠭᠠᠰᠣᠨ ᠤ ᠡᠯ᠎ᠡ ᠲᠥᠷᠥᠯ ᠤᠨᠲ᠋ᠥ᠋ᠯᠥᠪᠵᠢᠭᠦᠯᠭᠡ ᠶᠢ ᠥᠨᠳᠥᠷ ᠲᠦᠪᠰᠢᠨ ᠢᠶᠠᠷ | ᠨᠠᠶᠢᠷᠠᠭᠤᠯᠤᠨ᠂ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ | ᠬᠡᠷᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ | ᠬᠡᠪᠴᠢᠶ᠎ᠡ ᠶᠢ ᠥᠷᠭᠡᠳᠬᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢᠨ ᠲᠠᠰ ᠢ | ᠳᠡᠭᠡᠭᠰᠢᠯᠡᠭᠦᠯᠬᠦ ᠴᠢᠳᠠᠪᠤᠷᠢ ᠶᠢ ᠥᠷᠭᠡᠳᠬᠡᠬᠦ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ | ᠪᠡᠯᠡᠳᠬᠡᠮᠵᠢ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠠᠵᠤ ᠦᠢᠯᠡᠰ ᠤᠨ ᠪᠤᠶᠢᠵᠢᠭᠤᠯᠤᠯᠲᠠ ᠶᠢᠨ ᠪᠡᠯᠡᠳᠬᠡᠮᠵᠢ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠵᠢᠯ ᠤᠨ | ᠳᠣᠲᠣᠷ᠎ᠠ 69 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠢᠯ ᠢ | ᠰᠢᠨ᠎ᠡ ᠪᠠᠷ ᠬᠡᠷᠡᠭᠵᠢᠬᠦᠯᠵᠣ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠭᠠᠨ ᠳᠠᠬᠢ ᠦᠯᠡᠳᠡᠭᠳᠡᠯ | ᠦᠨᠡᠮᠯᠡᠯ ᠭᠦᠢᠴᠡᠳᠭᠡᠬᠦ᠂ ᠨᠤᠷᠠᠮᠠᠷ ᠣᠷᠣᠨ ᠰᠠᠭᠤᠴᠠ ᠶᠢ ᠥᠭᠡᠷᠡᠴᠢᠯᠡᠬᠦ ᠬᠤᠭᠤᠴᠠᠭ᠎ᠠ ᠠᠴᠠ ᠬᠡᠲᠦᠷᠡᠲᠡᠯ᠎ᠡ | ᠲᠥᠪᠬᠢᠨᠡᠭᠦᠯᠦᠭᠰᠡᠨ ᠥᠬᠡᠶ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠰᠶᠢᠳᠪᠦᠷᠢᠯᠡᠨ᠎ᠡ᠃ ᠬᠤᠲᠠ ᠪᠠᠯᠭᠠᠰᠤᠨ ᠤ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠪᠠᠯᠭᠠᠰᠤᠨ ᠤ ᠵᠠᠰᠠᠯᠲᠠ ᠶᠢᠨ | ᠦᠢᠯᠡᠳᠦᠯ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠰᠠᠭᠤᠷᠢ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠰᠢᠯᠢ ᠶᠢᠨ ᠬᠤᠳᠠ ᠠᠴᠠ ᠲᠠᠢ | ᠽᠢ ᠴᠧᠩ ᠬᠦᠷᠬᠦ ᠲᠦᠷᠭᠡᠨ ᠬᠤᠷᠳᠤᠴᠠᠲᠤ ᠲᠡᠮᠦᠷ ᠵᠠᠮ᠂ ᠵᠢᠨᠢᠩ — ᠲᠦᠩᠯᠢᠶᠣᠣ ᠲᠡᠮᠦᠷ ᠵᠠᠮ ᠢ | ᠴᠠᠬᠢᠯᠭᠠᠨᠵᠢᠭᠤᠯᠵᠦ ᠦᠭᠡᠷᠡᠴᠢᠯᠡᠨ ᠵᠠᠰᠠᠬᠤ ᠪᠠ ᠵᠢᠨᠢᠩ ᠤᠨ ᠬᠤᠶᠠᠳᠤᠭᠠᠷ ᠲᠡᠮᠦᠷ ᠵᠠᠮ ᠤᠨ ᠴᠢᠳᠠᠮᠵᠢ ᠶᠢ | ᠦᠷᠭᠡᠳᠭᠡᠨ ᠦᠭᠡᠷᠡᠴᠢᠯᠡᠬᠦ᠂ ᠬᠤᠱᠢᠭ᠎ᠠ ᠠᠴᠠ ᠹᠧᠩ ᠨᠢᠩ ᠬᠦᠷᠬᠦ ᠲᠡᠮᠦᠷ ᠵᠠᠮ ᠤᠨ ᠳᠡᠰ ᠳᠡᠪᠰᠢᠭᠦᠯᠦᠨ | ᠦᠭᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠰᠢᠯᠢ ᠶᠢᠨ ᠬᠤᠲᠠ ᠶᠢᠨ ᠨᠢᠰᠬᠡᠯ ᠤᠨ | ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠠᠵᠢᠯ | ᠡᠬᠢᠯᠡᠭᠦᠯᠦᠨ ᠪᠥᠳᠥᠭᠡᠨ ᠪᠠᠶᠢᠭᠤᠯᠤᠨ᠎ᠠ᠃ 1600 ᠺᠢᠯᠣᠮᠧᠲᠷ ᠤᠷᠲᠦ ᠵᠠᠰᠠᠮᠠᠯ ᠵᠠᠮ ᠢ ᠰᠢᠨ᠎ᠡ ᠪᠠᠷ ᠦᠷᠭᠦᠯᠵᠢᠯᠡᠨ | ᠵᠠᠰᠠᠵᠤ᠂ ᠮᠢᠩᠭᠠᠲᠦ ᠠᠴᠠ ᠰᠢᠨᠡᠪᠤᠯᠠᠭ ᠬᠥᠷᠬᠦ ᠵᠡᠷᠭᠡ 5 ᠵᠤᠷᠪᠤᠰ ᠭᠤᠤᠯᠳᠠᠯᠭ᠎ᠠ ᠲᠠᠢ ᠵᠠᠰᠠᠮᠠᠯ ᠵᠠᠮ ᠢ | ᠨᠡᠪᠲᠡᠷᠡᠭᠦᠯᠬᠦ ᠪᠠᠷ ᠴᠢᠷᠮᠠᠶᠢᠨ᠎ᠠ᠃ 5G ᠶᠢᠨ ᠰᠠᠭᠤᠷᠢ ᠥᠷᠲᠡᠭᠡ ᠶᠢ 700 ᠪᠠᠶᠢᠭᠤᠯᠵᠤ᠂ ᠬᠤᠰᠢᠭᠤ ᠰᠢᠶᠠᠨ | ᠬᠤᠲᠠ ︵ᠤᠷᠤᠨ︶ ᠶᠢᠨ ᠲᠥᠪ ᠬᠤᠲᠠ ᠪᠠᠯᠭᠠᠰᠤ᠂ ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ᠂ ᠲᠣᠮᠣ | ᠬᠡᠯᠪᠡᠷᠢ ᠶᠢᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ 5G ᠶᠢᠨ ᠲᠣᠤᠷ ᠰᠦᠯᠵᠢᠶ᠎ᠡ ᠪᠦᠷᠬᠦᠭᠦᠯᠬᠦ ᠶᠢ | ᠪᠡᠶᠡᠯᠡᠭᠦᠯᠦᠨ᠎ᠡ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠠᠰ ᠳᠡᠪᠰᠢᠬᠦ ᠶᠢ ᠠᠬᠢᠭᠤᠯᠤᠨ᠎ᠠ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠯ᠎ᠡ ᠲᠦᠷᠦᠯ ᠤᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠢ ᠨᠢᠭᠡᠳᠦᠯᠲᠡᠢ ᠲᠥᠯᠥᠪᠵᠢᠭᠦᠯᠦᠨ ᠨᠢᠭᠡᠳᠭᠡᠬᠦ ᠠᠵᠢᠯ ᠢ ᠦᠨᠡᠨᠬᠦ | ᠰᠠᠶᠢᠲᠤᠷ ᠠᠳᠬᠤᠵᠤ᠂ ᠣᠷᠣᠨ ᠵᠠᠢ ᠶᠢᠨ ᠪᠠᠶᠢᠷᠢᠰᠢᠯ ᠪᠠ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ | ᠰᠢᠯᠢᠳᠡᠭᠵᠢᠭᠦᠯᠵᠦ᠂ ᠡᠷᠴᠢᠮᠵᠢᠭᠦᠯᠦᠭᠰᠡᠨ᠂ ᠪᠣᠬᠢᠷᠲᠤᠯ ᠦᠭᠡᠢ᠂ ᠣᠶᠤᠨᠵᠢᠭᠰᠠᠨ ᠥᠭᠡᠷᠡᠴᠢᠯᠡᠯᠲᠡ ᠶᠢ ᠳᠡᠮᠵᠢᠨ᠎ᠡ ᠃ | ᠵᠠᠬ᠎ᠠ ᠳᠡᠯᠭᠡᠭᠦᠷᠴᠢᠯᠡᠭᠰᠡᠨ ᠪᠠᠯᠠ ᠲᠣᠬᠢᠷᠠᠭᠤᠯᠭ᠎ᠠ ᠶᠢᠨ ᠵᠠᠭᠪᠤᠷ ᠢ ᠬᠡᠷᠡᠭᠯᠡᠨ᠂ ᠬᠦᠷᠢᠶᠡᠯᠡᠩ ᠲᠣᠭᠤᠷᠢᠭ ᠤᠨ ᠰᠠᠭᠤᠷᠢ | ᠲᠦᠬᠦᠭᠡᠷᠣᠮᠵᠢ ᠪᠠ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠲᠥᠷᠥᠯ ᠵᠦᠢᠯ ᠢ ᠰᠠᠭᠤᠷᠢᠰᠢᠭᠤᠯᠣᠨ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ | ᠲᠠᠢ︾ ᠠᠵᠤ ᠠᠬᠤᠶᠢᠯᠠᠯ᠂ ᠬᠤᠴᠣᠷᠤᠩᠭᠤᠢ ᠥᠨᠳᠥᠷ ᠡᠨᠧᠷᠭᠢᠲᠦ ᠠᠵᠤ ᠠᠬᠤᠶᠢᠯᠠᠯ ᠢ ᠶᠡᠷᠦᠩᠭᠡᠶᠢᠯᠡᠨ ᠵᠠᠰᠠᠬᠤ ᠪᠠ | ︽ᠦᠬᠦᠰᠢᠷᠡᠮᠡᠯ ᠠᠵᠤ ᠠᠬᠤᠶᠢᠯᠠᠯ︾ ᠢ ᠴᠡᠪᠡᠷᠯᠡᠨ ᠳᠢᠭᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠬᠢ | ᠪᠠᠶᠠᠯᠢᠭ ᠪᠣᠯᠤᠨ ᠬᠢᠵᠠᠭᠠᠷ ᠲᠠᠢ ᠬᠥᠭᠵᠢᠯᠲᠡ ᠶᠢᠨ ᠣᠷᠣᠨ ᠵᠠᠢ ᠶᠢ ᠪᠦᠲᠦᠮᠵᠢᠲᠡᠢ ᠠᠰᠢᠭᠯᠠᠨ ︽ᠲᠡᠷᠢᠬᠦᠨ ᠤ | ᠦᠢᠯᠡᠳᠪᠦᠷᠢᠯᠡᠯ ᠤᠨ ᠬᠦᠴᠦᠨ ᠢ ᠰᠢᠯᠵᠢᠬᠦᠯᠦᠨ ᠣᠷᠣᠭᠤᠯᠵᠣ︾᠂ ᠬᠥᠭᠵᠢᠯᠲᠡ ᠶᠢᠨ ᠤᠳᠤᠷᠢᠳᠤᠮᠵᠢ ᠳᠤ | ᠨᠡᠶᠢᠴᠡᠬᠦ ᠨᠢᠭᠡ ᠪᠦᠯᠦᠭ ᠰᠢᠨ᠎ᠡ ᠲᠦᠷᠦᠯ ᠵᠦᠢᠯ ᠰᠢᠯᠢᠳᠡᠭ ᠰᠠᠶᠢᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ | ᠳᠠᠪᠠᠭᠤᠯᠢᠭ ᠠᠵᠤ ᠦᠢᠯᠡᠰ᠂ ᠰᠢᠨ᠎ᠡ ᠪᠠᠷ ᠭᠦᠭᠵᠢᠨ ᠮᠠᠨᠳᠤᠭᠰᠠᠨ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶᠡᠰᠣ ᠶᠢ ᠤᠷᠲᠤᠳᠬᠠᠬᠤ ᠪᠠ ᠬᠤᠯᠪᠣᠭᠳᠠᠯᠲᠤ ᠠᠵᠤ ᠦᠢᠯᠡᠰ ᠤᠨ | ᠨᠡᠪᠴᠢᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠲᠠᠯᠠᠪᠤᠷ ᠪᠣᠯᠭᠠᠨ ᠪᠥᠲᠥᠭᠡᠨ ᠪᠠᠶᠢᠭᠤᠯᠤᠨ᠎ᠠ᠃ | ︵ᠲᠠᠪᠤ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠥᠭᠡᠷᠡᠴᠢᠯᠡᠯᠲᠡ ᠨᠡᠬᠡᠬᠡᠯᠳᠡ ᠶᠢ | ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠳᠠᠰᠤᠷᠠᠯᠳᠠ ᠦᠬᠡᠢ | ᠬᠦᠭᠵᠢᠭᠦᠯᠦᠨ᠎ᠡ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠶᠢᠮᠠᠭ ᠢᠶᠠᠨ ᠬᠥᠭᠵᠢᠭᠦᠯᠦᠨ ᠮᠠᠨᠳᠤᠭᠤᠯᠬᠤ︾ | ᠠᠵᠢᠯᠯᠠᠭ᠎ᠠ ᠶᠢ ᠬᠡᠷᠡᠭᠵᠢᠭᠦᠯᠦᠨ᠎ᠡ᠃ᠤᠨᠴᠠᠯᠢᠭᠳᠤ ᠳᠠᠪᠠᠭᠤᠯᠢᠭ ᠠᠵᠤ ᠦᠢᠯᠡᠰ ᠪᠣᠯᠤᠨ ᠭᠤᠣᠯᠳᠠᠯᠭ᠎ᠠ ᠲᠠᠢ ᠠᠵᠤ | ᠠᠬᠤᠶᠢᠯᠠᠯ ᠤᠨ ᠲᠥᠷᠥᠯ ᠵᠦᠢᠯ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠢᠨ᠎ᠡ ᠶᠢ | ᠡᠭᠦᠳᠬᠦ ᠶᠢᠨ ᠴᠢᠳᠠᠪᠤᠷᠢ ᠶᠢ ᠳᠡᠭᠡᠭᠰᠢᠯᠡᠬᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠪᠠᠶᠢᠷᠢ ᠰᠠᠭᠤᠷᠢ ᠶᠢ ᠲᠤᠪᠤᠶᠢᠯᠭᠠᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠲᠣᠮᠳᠠ ᠪᠠᠭ᠎ᠠ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠤᠪᠢᠷᠠᠭᠤᠯᠬᠤ ᠶᠢ ᠲᠦᠷᠭᠡᠳᠬᠡᠨ᠎ᠡ᠃ ᠰᠤᠳᠤᠯᠤᠨ | ᠨᠡᠭᠡᠭᠡᠬᠦ ᠪᠡᠯᠡ ᠣᠷᠣᠭᠤᠯᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ | ᠰᠠᠭᠤᠷᠢ ᠰᠤᠳᠤᠯᠤᠯ ᠤᠨ ᠵᠠᠷᠤᠳᠠᠯ ᠤᠨ ᠪᠡᠯᠡ ᠣᠷᠣᠭᠤᠯᠤᠯᠲᠠ ᠶᠢ ᠢᠳᠡᠭ ᠢᠳᠡᠭ ᠢᠶᠠᠷ ᠨᠡᠮᠡᠭᠳᠡᠭᠦᠯᠦᠨ᠂ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠬᠤ ᠪᠣᠳᠠᠲᠠᠶ | ᠠᠷᠭ᠎ᠠ ᠬᠡᠮᠵᠢᠶ᠎ᠡ ᠶᠢ ᠲᠣᠭᠲᠠᠭᠠᠵᠤ᠂ ᠥᠷᠢᠰᠥᠯᠳᠦᠭᠦᠯᠦᠨ ᠲᠥᠷᠥᠯ ᠵᠦᠢᠯ ᠲᠣᠭᠲᠠᠭᠠᠬᠤ᠂ ᠬᠠᠨᠳᠤᠯᠭ᠎ᠠ ᠲᠠᠢ ᠪᠠᠷ | ᠨᠠᠶᠢᠳᠠᠬᠤ᠂ ︽ᠵᠠᠷᠯᠢᠭ ᠭᠦᠯᠢᠶᠡᠨ ᠬᠤᠰᠢᠭᠤᠷᠠᠨ ᠠᠵᠢᠯᠯᠠᠬᠤ︾ ᠪᠠ ᠠᠶᠢᠮᠠᠭ ᠤᠨ ᠱᠠᠲᠤᠨ ᠤ ᠰᠢᠨᠵᠢᠯᠡᠬᠦ | ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠠᠯᠠ ᠮᠥᠩᠭᠦ ᠶᠢ ᠰᠢᠭᠤᠳ ᠰᠠᠯᠭᠠᠨ ᠥᠭᠬᠦ ᠵᠡᠷᠭᠡ ᠲᠦᠷᠢᠮ ᠢ | ᠬᠡᠷᠡᠭᠵᠢᠭᠦᠯᠦᠨ᠎ᠡ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ | ᠪᠠᠶᠢᠭ᠎ᠠ ᠴᠢᠳᠠᠪᠤᠷᠢᠲᠠᠨ ᠢ ᠬᠠᠨᠳᠤᠯᠭᠠᠲᠤ ᠴᠢᠨᠠᠷᠲᠠᠶ ᠪᠠᠷ ᠤᠶᠠᠨ ᠬᠠᠳᠠᠨ ᠢᠶᠠᠷ ᠣᠷᠣᠭᠤᠯᠤᠨ ᠠᠪᠴᠢᠷᠠᠵᠤ᠂ ︽ | 1230 ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ︾ ︽ᠨᠠᠷᠠᠲᠤ ᠪᠠᠭᠰᠢ ᠨᠠᠷᠠᠲᠤ ᠡᠮᠴᠢ ᠨᠠᠷᠠᠲᠤ ᠬᠥᠮᠦᠰ ᠤᠨ | ᠠᠵᠢᠯᠯᠠᠬᠤ ᠲᠠᠰᠤᠭ ᠤᠨ ᠪᠠᠶᠢᠭᠤᠯᠤᠯᠲᠠ ᠶᠢᠨ ᠢᠨᠵᠧᠨᠧᠷᠢᠩ︾ ᠢ ᠯᠠᠪᠳᠠᠭᠤᠨ ᠪᠠᠲᠤᠲᠠᠶ ᠥᠷᠨᠢᠭᠦᠯᠵᠦ᠂ | ᠴᠢᠳᠠᠪᠤᠷᠢᠲᠠᠨ ᠢ ᠤᠷᠮᠠᠰᠢᠭᠤᠯᠬᠤ᠂ ᠦᠨᠡᠯᠡᠬᠦ ᠪᠠ ᠪᠠᠲᠤᠯᠠᠬᠤ ᠲᠣᠭᠲᠠᠴᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ ᠤ ᠲᠥᠰᠦᠯ ᠢ ᠲᠣᠭᠲᠠᠭᠠᠵᠤ᠂ ᠬᠠᠷᠠᠯᠲᠠᠲᠤ ᠡᠭᠦᠷᠭᠡ᠂ | ᠴᠠᠭ ᠤᠨ ᠭᠤᠭᠴᠤᠭ᠎ᠠ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠵᠢᠷᠤᠭ ᠳᠦᠰᠦᠯ | ᠢᠶᠠᠷ ᠠᠵᠢᠯᠯᠠᠭᠤᠯᠣᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ︽ᠮᠦᠩᠭᠡ ᠰᠣᠪᠠᠭ︾ | ᠰᠦᠯᠵᠢᠶᠡᠨ ᠤ ᠡᠯ᠎ᠡ ᠲᠦᠷᠦᠯ ᠤᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠶᠢᠮᠠᠭ ᠤᠨ ᠲᠣᠰ ᠱᠠᠲᠤᠨ ᠤ | ᠣᠶᠤᠨᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠢ ᠪᠠᠶᠢᠭᠤᠯᠤᠨ᠂ ᠪᠥᠬᠦ ᠣᠷᠣᠨ ᠤ ︽ | ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠶᠢᠳᠪᠦᠷᠢᠯᠡᠬᠦ︾ ᠲᠠᠪᠴᠠᠩ ᠤᠨ ᠲᠤᠷᠰᠢᠯᠲᠠ ᠶᠢᠨ | ᠴᠡᠭ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ᠂ ᠳᠠᠷᠤᠶᠢᠬᠠᠨ ᠭᠦᠢᠴᠡᠳᠭᠡᠬᠦ᠂ ᠨᠢᠭᠡ ᠯᠡ ᠣᠳᠠᠭ᠎ᠠ ᠳᠤ | ᠭᠦᠢᠴᠡᠳᠭᠡᠬᠦ᠂ ᠲᠠᠨ ᠳᠤ ᠬᠠᠪᠰᠣᠷᠣᠮᠵᠢ ᠦᠵᠡᠭᠦᠯᠬᠦ ᠶᠢ ᠪᠡᠶᠡᠯᠡᠭᠦᠯᠦᠨ᠎ᠡ᠃ ᠪᠥᠬᠦ ᠣᠷᠣᠨ ᠤ ᠵᠠᠭᠤᠨ ᠬᠦᠴᠦᠷᠬᠡᠭ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠤᠶᠢᠵᠢᠭᠤᠯᠬᠤ ᠲᠥᠯᠥᠪᠯᠡᠭᠡ ᠶᠢ ᠦᠷᠭᠦᠯᠵᠢᠯᠡᠨ ᠰᠠᠶᠢᠲᠤᠷ | ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ | ᠭᠦᠢᠴᠡᠳ ᠪᠠᠳᠠᠷᠠᠭᠤᠯᠤᠨ᠎ᠠ᠃ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ | ᠦᠷᠭᠦᠯᠵᠢᠯᠡᠨ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠲᠤᠰᠬᠠᠶ ᠵᠦᠢᠯ ᠤᠨ ᠲᠣᠭᠤᠷᠢᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠪᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠨᠡᠯᠡᠨ | ᠵᠢᠱᠢᠵᠦ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ | ᠃ | ᠭᠠᠳᠠᠭᠰᠢ ᠨᠡᠭᠡᠭᠡᠯᠳᠡ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠡᠷᠢᠶᠡᠨ ᠬᠤᠲᠠ ᠶᠢᠨ ᠲᠡᠮᠦᠷ ᠵᠠᠮ ᠤᠨ | ᠪᠣᠭᠤᠮᠲᠠ ᠶᠢᠨ ᠦᠷᠳᠡᠬᠡᠨ ᠤ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠷᠢᠶᠡᠨ | ᠬᠤᠲᠠ ᠶᠢᠨ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠭᠠᠳᠠᠭᠠᠳᠤ ᠨᠡᠭᠡᠭᠡᠯᠲᠡ ᠬᠢᠬᠦ ᠶᠢ ᠢᠳᠡᠪᠬᠢᠯᠡᠨ | ᠣᠯᠵᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠥᠷᠲᠡᠭᠡ ᠲᠠᠯᠠᠪᠤᠷ ᠤᠨ ᠴᠢᠳᠠᠮᠵᠢ ᠶᠢ ᠥᠷᠭᠡᠳᠬᠡᠨ | ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ | ᠨᠡᠪᠲᠡᠷᠡᠬᠦ ᠵᠠᠮ ᠱᠣᠭᠤᠮ ᠪᠠ ᠤᠶᠤᠨᠲᠤ ᠪᠣᠭᠤᠮᠲᠠ ᠶᠢ ᠪᠠᠶᠢᠭᠤᠯᠤᠨ᠎ᠠ᠃ ᠪᠣᠭᠤᠮᠲᠠ ᠶᠢᠨ ᠠᠵᠤ ᠠᠬᠤᠶ ᠶᠢ ᠶᠡᠬᠡᠪᠡᠷ | ᠬᠥᠭᠵᠢᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠵᠦ ᠡᠳ᠋ᠰᠢᠭᠦᠯᠬᠦ᠂ ᠭᠠᠶᠢᠯᠢ ᠪᠠᠲᠤᠯᠠᠬᠤ | ᠪᠠᠷᠠᠭᠠᠨ ᠤ ᠭᠦᠢᠯᠭᠡᠭᠡ ᠵᠡᠷᠭᠡ ᠨᠡᠭᠡᠭᠡᠯᠲᠡᠲᠦ ᠬᠡᠯᠪᠡᠷᠢ ᠶᠢᠨ ᠠᠵᠤ ᠦᠢᠯᠡᠰ ᠢ ᠢᠳᠡᠪᠬᠢᠲᠡᠶ ᠪᠠᠷ ᠪᠤᠶᠢᠵᠢᠭᠤᠯᠤᠨ᠎ᠠ᠃ | ᠪᠡᠭᠡᠵᠢᠩ ᠲᠢᠶᠠᠨᠵᠢᠨ ᠡᡁᠧᠪᠸᠢ᠂ ᠪᠦᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ ᠬᠦᠷᠢᠶ᠎ᠡ ᠴᠠᠷᠠᠭᠠᠨ ᠳᠤ | ᠲᠦᠷᠭᠡᠨ ᠠᠭᠤᠰᠤᠯᠴᠠᠵᠤ᠂ ︽ᠰᠢᠯᠢ ᠶᠢᠨ ᠭᠤᠣᠯ᠂ ᠤᠯᠠᠭᠠᠨᠬᠠᠳᠠ᠂ ᠴᠤᠤ ᠶᠠᠩ᠂ ᠵᠢᠨᠵᠧᠦ︾ ᠶᠢᠨ ᠣᠷᠣᠨ | ᠪᠦᠰᠡ ᠶᠢᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ | ᠂ ᠴᠢᠬᠤᠯᠠ ᠶᠡᠭᠡ ᠲᠦᠷᠦᠯ ᠵᠦᠢᠯ ᠤᠨ ᠬᠠᠮᠲᠤᠷᠠᠯᠴᠠᠭ᠎ᠠ᠂ ᠰᠠᠭᠤᠷᠢ ᠲᠥᠬᠦᠭᠡᠷᠦᠮᠵᠢ ᠶᠢ ᠵᠣᠯᠭᠠᠭᠤᠯᠬᠤ ᠵᠡᠷᠭᠡ | ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠤᠨ᠎ᠠ᠃ | ︵ᠵᠢᠷᠭᠤᠭ᠎ᠠ︶ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ᠂ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠬᠦᠢᠴᠡᠳ ᠬᠠᠩᠭᠠᠨ᠎ᠠ | ᠠᠵᠢᠯ ᠣᠯᠭᠤᠯᠲᠠ ᠶᠢ ᠲᠣᠭᠳᠠᠪᠣᠷᠢᠵᠢᠭᠤᠯᠣᠨ ᠥᠷᠭᠡᠳᠬᠡᠨ᠎ᠡ᠃ ᠳᠡᠭᠡᠳᠦ ᠶᠡᠭᠡ ᠰᠤᠷᠭᠠᠭᠤᠯᠢ | ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ᠂ ᠠᠵᠢᠯ ᠤᠯᠬᠤ ᠳᠤ ᠬᠦᠴᠢᠷᠲᠡᠶ | ᠬᠥᠮᠦᠰ ᠢ ᠨᠠᠷᠢᠯᠢᠭ ᠤᠨᠤᠪᠴᠢᠲᠠᠢ ᠪᠠᠷ ᠬᠠᠪᠰᠤᠷᠤᠨ ᠲᠡᠳᠬᠦᠬᠦ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ | ᠣᠯᠭᠤᠬᠤ ᠶᠢ ᠵᠣᠯᠭᠠᠭᠤᠯᠬᠤ ᠦᠢᠯᠡᠴᠢᠯᠡᠭᠡ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠪᠠᠨ ᠳᠠᠭᠠᠭᠠᠵᠤ ᠠᠵᠢᠯ | ᠤᠯᠬᠤ ᠶᠢ ᠬᠠᠪᠰᠤᠷᠤᠨ ᠲᠡᠳᠬᠦᠬᠦ ᠵᠡᠷᠭᠡ ᠲᠤᠰᠬᠠᠶ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠭᠤᠤᠯᠳᠠᠯᠭ᠎ᠠ ᠲᠠᠢ | ᠤᠯᠠᠨ ᠨᠡᠶᠢᠲᠡ ᠳᠤ ᠬᠠᠨᠳᠤᠭᠤᠯᠤᠨ ᠲᠤᠰᠬᠠᠶ ᠪᠤᠯᠪᠠᠰᠤᠷᠠᠯ ᠤᠨ ᠲᠥᠯᠥᠪᠯᠡᠭᠡ ᠶᠢ ᠬᠡᠷᠡᠭᠵᠢᠭᠦᠯᠵᠦ᠂ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠠᠮᠢᠳᠤᠯᠢᠭ ᠢᠶᠠᠷ ᠠᠵᠢᠯ ᠤᠯᠬᠤ ᠶᠢ ᠳᠡᠮᠵᠢᠨ᠎ᠡ᠃ ᠪᠥᠬᠦ | ᠵᠢᠯ ᠳᠤ ᠬᠤᠲᠠ ᠪᠠᠯᠭᠠᠰᠤ ᠶᠢᠨ 9400 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ 7.2 | ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ | ᠠᠵᠢᠯ ᠠᠯᠳᠠᠭᠰᠠᠳ ᠤᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ | ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ ᠶᠣᠰᠣ ᠮᠣᠷᠠᠯ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠦᠵᠡᠯ ᠰᠠᠨᠠᠭ᠎ᠠ ᠤᠯᠤᠰ | ᠲᠦᠷᠦ ᠶᠢᠨ ᠬᠥᠮᠦᠵᠢᠯ ᠪᠠ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠤᠬᠠᠭᠤᠯᠤᠨ ᠬᠥᠲᠥᠯᠦᠨ ᠵᠢᠯᠣᠭᠤᠳᠬᠤ᠂ ᠪᠠᠭᠰᠢ ᠶᠢᠨ ᠬᠢᠷᠢ ᠭᠡᠮ ᠤᠨ ᠪᠠᠲᠤᠯᠠᠭ᠎ᠠ᠂ ᠰᠤᠷᠭᠠᠨ | ᠬᠥᠮᠦᠵᠢᠯ ᠵᠢᠭᠠᠨ ᠰᠤᠷᠭᠠᠯᠲᠠ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠨᠬᠦ | ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ | ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠠᠯᠪᠠᠨ ᠠᠴᠠ ᠡᠷᠭᠢᠯᠡᠭᠰᠡᠨ 8 | ᠬᠡᠤᠬᠡᠳ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠠᠶᠢᠮᠠᠭ ᠤᠨ ᠮᠣᠩᠭᠤᠯ ᠳᠤᠮᠳᠠᠳᠤ | ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠪᠠᠷ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ ᠲᠣᠭᠲᠠᠭᠠᠯᠲᠠ ᠪᠠᠨ ᠰᠢᠯᠢᠳᠡᠭᠵᠢᠭᠦᠯᠬᠦ ᠶᠢ | ᠳᠡᠮᠵᠢᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠ ᠡᠩ ᠤᠨ ᠰᠤᠷᠭᠠᠨ ᠬᠥᠮᠦᠵᠢᠯ ᠤᠨ ᠠᠭᠤᠰᠣᠯᠴᠠᠬᠤ | ᠶᠢ ᠠᠬᠢᠭᠤᠯᠵᠣ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠯᠳᠤᠬᠤ ᠴᠢᠨᠠᠷ ᠢ ᠨᠡᠮᠡᠭᠳᠡᠭᠦᠯᠦᠨ᠎ᠡ᠃ | ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ | ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ᠃ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠪᠠᠶᠢᠭᠤᠯᠣᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ | ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ ᠶᠢᠨ ᠠᠵᠢᠯ ᠢ ᠲᠦᠯᠬᠢᠨ ᠠᠬᠢᠭᠤᠯᠵᠤ᠂ ᠡᠯ᠎ᠡ ᠱᠠᠲᠤᠨ ᠤ ᠡᠯ᠎ᠡ | ᠲᠦᠷᠦᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠡᠩᠬᠡ ᠮᠡᠨᠳᠦ ᠰᠢᠯᠢ ᠶᠢᠨ ᠭᠤᠤᠯ ᠤᠨ ᠪᠠᠶᠢᠭᠤᠯᠤᠯᠲᠠ ᠶᠢ ᠠᠬᠢᠭᠤᠯᠤᠨ᠎ᠠ᠃ ︽ᠭᠤᠷᠪᠠᠨ ᠡᠮᠨᠡᠯᠭᠡ︾ ᠶᠢᠨ | ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠮᠴᠢᠯᠡᠭᠡᠨ ᠤ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠪᠠᠴᠢᠮ ᠠᠪᠤᠷᠠᠬᠤ ᠡᠭᠦᠳᠡᠨ ᠡᠮᠨᠡᠯᠭᠡ ᠶᠢᠨ ᠠᠰᠠᠷ ᠤᠨ | ᠪᠠᠷᠢᠯᠭ᠎ᠠ ᠶᠢ ᠳᠠᠭᠤᠰᠬᠠᠵᠦ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠬᠠᠯᠳᠠᠪᠤᠷᠢᠲᠤ ᠡᠪᠡᠳᠴᠢᠨ ᠤ | ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠤᠯᠠᠮᠵᠢᠯᠠᠯᠲᠤ ᠡᠮᠴᠢᠯᠡᠭᠡᠨ ᠤ ᠮᠡᠷᠭᠡᠵᠢᠯ ᠤᠨ | ᠠᠰᠠᠷ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠳᠠᠭᠤᠰᠬᠠᠵᠦ᠂ ᠠᠶᠢᠮᠠᠭ ᠬᠤᠰᠢᠭᠤ ᠬᠤᠶᠠᠷ | ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠲᠤᠷᠰᠢᠯᠲᠠ ᠶᠢᠨ ᠲᠠᠰᠤᠭ ᠤᠨ ᠰᠢᠯᠭᠠᠨ | ᠪᠠᠶᠢᠴᠠᠭᠠᠵᠤ ᠬᠢᠨᠠᠨ ᠬᠡᠮᠵᠢᠬᠦ ᠲᠥᠬᠦᠭᠡᠷᠦᠮᠵᠢ ᠳᠣᠭᠢᠷᠠᠭᠤᠯᠬᠤ ᠨᠣᠷᠮ᠎ᠠ ᠶᠢ 90 % ᠠᠴᠠ ᠳᠡᠭᠡᠭᠰᠢ ᠳᠤ ᠬᠦᠷᠭᠡᠨ᠎ᠡ᠃ | ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ ᠬᠥᠭᠵᠢᠭᠦᠯᠬᠦ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠦᠨ᠎ᠡ᠃ ᠪᠦᠬᠦ ᠠᠷᠠᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢ ᠴᠢᠩᠭᠠᠳᠬᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ | ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠡᠶᠢᠭᠡᠮ ᠤᠨ ᠳᠠᠭᠠᠳᠬᠠᠯ᠂ | ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠬᠠᠷᠠᠭᠠᠯᠵᠠᠯ ᠵᠡᠷᠭᠡ ᠲᠦᠷᠦ ᠶᠢᠨ ᠪᠤᠳᠤᠯᠭ᠎ᠠ ᠶᠢᠨ | ᠪᠠᠷᠢᠮᠵᠢᠶ᠎ᠠ ᠶᠢ ᠵᠦᠢ ᠵᠣᠬᠢᠰᠲᠠᠶ ᠲᠡᠭᠦᠯᠳᠡᠷᠵᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠠ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠰᠢᠶᠠᠭ᠎ᠠ ᠦᠭᠡᠢ ᠦᠯᠡᠳᠡᠭᠳᠡᠯ | ᠠᠰᠠᠭᠤᠳᠠᠯ ᠢ ᠡᠮᠬᠢ ᠵᠢᠷᠤᠮ ᠲᠠᠢ ᠰᠶᠢᠳᠪᠦᠷᠢᠯᠡᠨ᠎ᠡ᠃ ᠬᠡᠷ ᠲᠡᠭᠡᠨ ᠰᠠᠭᠤᠵᠤ ᠪᠠᠶᠢᠭ᠎ᠠ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ᠃ ᠴᠡᠷᠢᠭ ᠠᠴᠠ | ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠮᠠᠯᠴᠢᠨ | ᠲᠠᠷᠢᠶᠠᠴᠢᠨ ᠤ ᠬᠦᠴᠦ ᠶᠠᠪᠤᠭᠰᠠᠳ ᠲᠤ ᠦᠷᠢᠳᠣᠵᠣ ᠪᠠᠶᠢᠭ᠎ᠠ ᠴᠠᠯᠢᠩ ᠭᠦᠯᠦᠰᠣ ᠶᠢ ᠲᠤᠭ᠎ᠠ ᠶᠣᠰᠣᠭᠠᠷ ᠣᠯᠭᠤᠬᠤ | ᠶᠢ ᠪᠠᠲᠤᠯᠠᠬᠤ ᠠᠵᠢᠯ ᠢ ᠰᠠᠶᠢᠲᠤᠷ ᠬᠢᠨ᠎ᠠ᠃ | ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠭᠠᠨᠮᠥ᠋ᠴᠢᠷ ᠤᠨ ᠰᠢᠨ᠎ᠡ ᠶᠢ ᠡᠭᠦᠳᠦᠨ | ᠬᠥᠭᠵᠢᠬᠦ ᠶᠢ ᠲᠡᠮᠵᠢᠨ᠎ᠡ᠃ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠢᠨ ᠲᠣᠭᠤᠷᠢᠨ ᠳᠤ᠂ | ᠪᠣᠳᠠᠲᠤ ᠠᠬᠤᠶ ᠶᠢᠨ ᠰᠡᠳᠦᠪ᠂ ᠬᠤᠪᠢᠰᠬᠠᠯ ᠤᠨ ᠲᠡᠤᠬᠡ ᠵᠡᠷᠭᠡ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ | ᠪᠦᠲᠦᠭᠡᠯᠭᠡ ᠶᠢᠨ ᠡᠷᠴᠢᠮ ᠢᠶᠠᠨ ᠴᠢᠩᠭᠠᠷᠠᠭᠤᠯᠵᠣ᠂ ᠨᠢᠭᠡ ᠪᠦᠯᠦᠭ ᠰᠣᠳᠣᠨ ᠵᠦᠴᠦᠭᠡ ᠶᠢᠨ ᠪᠦᠲᠦᠭᠡᠯ ᠢ ᠡᠭᠦᠳᠦᠨ | ᠂ ᠣᠯᠠᠨ ᠲᠦᠮᠡᠨ ᠤ ᠰᠣᠶᠣᠯ ᠤᠨ ᠰᠢᠷᠢᠰ ᠠᠵᠢᠯᠯᠠᠭ᠎ᠠ ᠶᠢ ᠡᠷᠭᠢᠯᠡᠨ᠎ᠡ᠃ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠪᠠ ᠪᠣᠳᠠᠰ ᠤᠨ ᠪᠤᠰᠤ ᠰᠣᠶᠣᠯ ᠤᠨ ᠦᠪ ᠢ ᠵᠠᠯᠭᠠᠮᠵᠢᠯᠠᠨ ᠬᠦᠭᠵᠢᠬᠦᠯᠬᠦ ᠶᠢ ᠴᠢᠩᠭᠠᠳᠬᠠᠨ᠎ᠠ ᠃ | ︵ᠳᠣᠯᠤᠭ᠎ᠠ︶ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠢ ᠦᠨᠡᠨᠬᠦ ᠬᠠᠮᠠᠭᠠᠯᠠᠵᠤ᠂ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠨ᠂ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠬᠢᠨᠠᠮᠠᠭᠠᠶ ᠤᠬᠠᠭᠤᠯᠤᠨ ᠲᠤᠭᠤᠰᠢᠯᠠᠭᠤᠯᠵᠦ᠂ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ | ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ | ᠬᠠᠤᠯᠢ ᠪᠠᠷ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠵᠤ᠂ ᠡᠯ᠎ᠡ ᠲᠦᠷᠦᠯ ᠤᠨ | ᠦᠨᠳᠦᠰᠦᠳᠡᠨ ᠢ ᠬᠠᠭᠠᠴᠠᠭᠤᠯᠤᠨ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠠᠮᠤᠷ ᠠᠮᠤᠭᠤᠯᠠᠩ ᠰᠢᠯᠢ ᠶᠢᠨ ᠭᠤᠤᠯ ᠠᠶᠢᠮᠠᠭ ᠢ ᠪᠥᠲᠥᠭᠡᠨ ᠪᠠᠶᠢᠭᠤᠯᠬᠤ ᠪᠠᠨ ᠴᠢᠩᠭᠠᠳᠬᠠᠨ᠎ᠠ᠃ | ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠲᠥᠪᠯᠡᠷᠡᠭᠦᠯᠦᠨ ᠴᠡᠭᠴᠡᠯᠡᠬᠦ᠂ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠵᠦᠢ | ᠶᠣᠰᠣᠨ ᠤ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠪᠦᠲᠦᠮᠵᠢᠲᠡᠶ ᠪᠠᠷ ᠰᠶᠢᠳᠪᠦᠷᠢᠯᠡᠵᠦ᠂ ᠵᠢᠭᠤᠷᠠᠯᠳᠤᠨ | ᠰᠤᠷᠪᠤᠯᠵᠢᠯᠠᠵᠤ ᠦᠢᠮᠡᠭᠦᠯᠦᠨ ᠰᠤᠷᠪᠤᠯᠵᠢᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠣ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠦᠷᠨᠢᠭᠦᠯᠵᠣ᠂ ᠬᠠᠤᠯᠢ ᠠᠴᠠ ᠵᠥᠷᠢᠴᠡᠭᠰᠡᠨ ᠡᠯ᠎ᠡ | ᠲᠥᠷᠥᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ︽ᠣᠶᠣᠨᠴᠢ | ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠢᠶᠠᠷ ᠢᠶᠠᠨ | ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ | ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠤᠯᠠᠨ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠢ ᠴᠢᠩᠭᠠᠳᠬᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠢᠯᠢ ᠬᠢᠵᠠᠭᠠᠷ ᠢ ᠰᠠᠬᠢᠵᠤ ᠬᠢᠯᠢ | ᠬᠢᠵᠠᠭᠠᠷ ᠢᠶᠠᠨ ᠪᠠᠬᠢᠵᠢᠭᠦᠯᠬᠦ ᠶᠢ ᠲᠦᠯᠬᠢᠨ ᠠᠬᠢᠭᠤᠯᠤᠨ᠎ᠠ᠃ | ᠠᠶᠤᠯᠭᠦᠶ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ | ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ ᠲᠠᠢ | ᠠᠵᠢᠯ ᠲᠦᠷᠦᠯ ᠤᠨ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ | ᠠᠵᠢᠯ ᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠦᠨ᠎ᠡ᠃ | ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠠᠴᠢᠮ | ᠪᠠᠶᠢᠳᠠᠯ ᠤᠨ ᠬᠠᠮᠢᠶᠠᠷᠤᠯᠲᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠷᠢᠮᠣᠰᠦᠨ ᠲᠣᠶᠢᠯᠪᠣᠷᠢᠲᠠᠢ ᠪᠤᠯᠭᠤᠮᠵᠢᠲᠠᠢ | ᠰᠠᠶᠢᠲᠤᠷ ᠠᠳᠬᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠮᠦᠨ | ᠬᠠᠷ᠎ᠠ᠂ ᠡᠳ᠋ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠬᠡᠷᠡᠭᠵᠢᠭᠦᠯᠦᠨ᠂ ᠸᠠᠺᠼᠢᠨ ᠤ | ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠰᠠᠶᠢᠲᠤᠷ ᠠᠳᠬᠤᠵᠤ᠂ ᠭᠠᠳᠠᠨ᠎ᠠ ᠠᠴᠠ ᠬᠠᠯᠳᠠᠪᠣᠷᠢᠯᠠᠨ ᠣᠷᠣᠵᠣ | ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠪᠤᠯᠭᠤᠮᠵᠢᠯᠠᠬᠤ ᠠᠵᠢᠯ ᠢ ᠦᠷᠭᠦᠯᠵᠢᠯᠡᠨ | ᠰᠠᠶᠢᠲᠤᠷ ᠬᠢᠨ᠎ᠠ᠃ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠶᠢ ᠥᠴᠦᠬᠡᠨ ᠴᠦ ᠰᠤᠯᠠᠷᠠᠭᠤᠯᠤᠯ ᠥᠬᠡᠶ | ᠴᠢᠩᠭᠠᠳᠬᠠᠵᠤ᠂ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠤᠯᠤᠭᠠᠨ᠎ᠠ | ᠭᠠᠮᠰᠢᠭ ᠢ ᠰᠡᠷᠭᠡᠶᠢᠯᠡᠨ ᠵᠠᠰᠠᠬᠤ᠂ ᠡᠮᠴᠢᠯᠡᠭᠡᠨ ᠤ ᠰᠢᠭᠰᠢᠨ ᠪᠠᠶᠢᠴᠠᠭᠠᠬᠤ ᠵᠡᠷᠭᠡ ᠠᠵᠢᠯ ᠢ ᠠᠳᠬᠤᠵᠤ᠂ ᠬᠥᠮᠦᠨ ᠤ | ᠬᠤᠭᠤᠷᠣᠨᠳᠣ ᠪᠠᠨ ᠬᠤᠯᠤᠭᠠᠨ᠎ᠠ ᠬᠢᠵᠢᠭ ᠡᠭᠦᠰᠬᠦ ᠥᠬᠡᠶ ᠪᠠᠶᠢᠬᠤ ᠶᠢ ᠦᠨᠡᠨᠬᠦ ᠪᠠᠳᠣᠯᠠᠨ᠎ᠠ᠃ | ᠳᠥᠷᠪᠡ᠂ ᠵᠠᠬᠢᠷᠭ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ | ᠰᠢᠰᠲ᠋ᠧᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ︵ᠨᠢᠭᠡ︶ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠵᠢᠨᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ | ᠭᠦᠨᠵᠡᠭᠡᠶ ᠰᠤᠷᠤᠯᠴᠠᠨ ᠲᠤᠭᠤᠰᠢᠯᠠᠭᠤᠯᠤᠨ᠂ ᠴᠠᠭ ᠢᠮᠠᠭᠲᠠ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠵᠣ᠂ ᠤᠯᠤᠰ ᠲᠦᠷᠦ ᠶᠢᠨ ᠲᠠᠯ᠎ᠠ ᠪᠠᠷ ᠠᠰᠠᠭᠤᠳᠠᠯ ᠢ ᠠᠵᠢᠭᠯᠠᠬᠤ | ᠪᠠ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠦᠨᠡᠨᠬᠦ | ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢᠶᠠᠨ ᠣᠯᠠᠮ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ | ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠥᠭᠵᠢᠯᠲᠡ ᠶᠢ | ᠡᠷᠢᠯᠬᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠣᠳᠠᠲᠤ | ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ | ︵ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠪᠠᠷ | ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ᠂ | ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠳᠡᠭᠡᠳᠣ ᠬᠡᠮᠵᠢᠶ᠎ᠡ ᠪᠠᠷ ᠭᠦᠨᠳᠦᠳᠬᠡᠨᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠣ ᠪᠤᠳᠤᠯᠭ᠎ᠠ | ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠭᠰᠠᠨ᠂ ᠬᠠᠤᠯᠢ | ᠶᠣᠰᠣᠭᠠᠷ ᠰᠶᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠡᠶᠡᠯᠡᠭᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾ ᠢ ᠭᠦᠨᠵᠡᠭᠡᠶ ᠭᠡᠷᠡᠭᠵᠢᠬᠦᠯᠵᠣ᠂ | ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ | ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠭᠤᠷᠪᠠ︶ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠶᠢᠨ ᠲᠣᠭᠲᠠᠭᠠᠭᠰᠠᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠱᠠᠯᠠᠪᠳᠠᠭᠤᠯᠤᠨ | ᠪᠠᠶᠢᠴᠠᠭᠠᠵᠤ ᠰᠢᠯᠭᠠᠨ ᠦᠨᠡᠯᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠱᠠᠲᠤ ᠱᠠᠲᠤ ᠪᠠᠷ ᠳᠠᠷᠤᠯᠲᠠ | ᠥᠭᠴᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠪᠠᠨ ᠠᠬᠢᠭᠤᠯᠤᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠵᠤ᠂ | ᠮᠠᠲ᠋ᠧᠷᠢᠶᠠᠯ ᠢ ᠴᠣᠮᠬᠠᠳᠬᠠᠨ ᠬᠤᠷᠠᠯ ᠢ ᠴᠥᠭᠡᠳᠬᠡᠬᠦ ᠶᠢ ᠶᠡᠬᠡᠪᠡᠷ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢ | ᠬᠠᠯᠠᠨ ᠰᠠᠶᠢᠵᠢᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠤᠨ ᠪᠠᠶᠢᠴᠠᠭᠠᠵᠤ᠂ ᠦᠨᠳᠦᠰᠦᠨ | ᠱᠠᠲᠤᠨ ᠤ ᠬᠢᠨ ᠢ ᠨᠡᠩ ᠤᠯᠠᠨ ᠡᠷᠴᠢ ᠬᠦᠴᠦᠲᠠᠢ ᠠᠵᠢᠯ ᠠᠳᠬᠤᠬᠤ᠂ ᠬᠥᠭᠵᠢᠯᠲᠡ ᠶᠢ ᠠᠬᠢᠭᠤᠯᠬᠤ ᠳᠡᠭᠡᠷ᠎ᠡ | ᠣᠶᠣᠨ ᠣᠬᠠᠭᠠᠨ ᠬᠦᠴᠦᠨ ᠴᠢᠳᠠᠯ ᠢᠶᠠᠨ ᠳᠠᠯᠪᠢᠭᠤᠯᠣᠨ᠎ᠠ᠃ ᠦᠷᠭᠦᠯᠵᠢᠯᠡᠨ ᠭᠠᠪᠰᠢᠭᠠᠶᠢᠯᠠᠨ ︽ᠠᠷᠪᠢᠯᠠᠨ | ᠭᠠᠮᠨᠠᠵᠤ︾᠂ ᠲᠤᠭᠲᠠᠮᠠᠯ ᠪᠤᠰᠤ ᠵᠠᠷᠤᠯᠭ᠎ᠠ ᠶᠢ ᠴᠢᠩᠭ᠎ᠠ ᠡᠵᠡᠮᠳᠡᠵᠦ᠂ ᠠᠷᠪᠢᠴᠢ ᠭᠠᠮᠲᠠᠢ ᠵᠠᠰᠠᠭ ᠤᠨ ᠣᠷᠳᠣᠨ ᠢ | ᠪᠠᠶᠢᠭᠤᠯᠤᠨ᠎ᠠ᠃ | ︵ᠲᠦᠷᠪᠡ︶ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ | ᠵᠠᠰᠠᠬᠤ ᠪᠠ ᠬᠠᠩᠭᠠᠨ ᠪᠣᠷᠣᠯᠠᠭᠤᠯᠬᠤ ᠰᠢᠰᠲ᠋ᠧᠮ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶ᠎ᠡ ᠵᠡᠷᠭᠡ | ᠲᠤᠰᠬᠠᠶ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠰᠣᠷᠪᠣᠯᠵᠢ ᠶᠢᠨ ᠰᠤᠯᠢᠯᠴᠠᠭ᠎ᠠ᠂ ᠣᠯᠠᠨ ᠨᠡᠶᠢᠲᠡ ᠶᠢᠨ | ᠡᠳ᠋ ᠤᠨ ᠵᠠᠰᠠᠭ ᠤᠨ ᠵᠠᠷᠤᠯᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠲᠦᠷᠢᠮ ᠤᠨ ︽ᠰᠢᠩᠭᠡᠯᠢᠭ︾ ᠢ ᠪᠠᠬᠢᠵᠢᠭᠦᠯᠦᠨ᠎ᠡ᠃ ᠦᠨᠳᠦᠰᠦᠨ ᠱᠠᠲᠤᠨ ᠤ ︽ᠦᠴᠦᠬᠡᠨ | ᠢᠯᠵᠠᠷᠠᠯ︾ ᠢ ᠴᠡᠪᠡᠷᠯᠡᠨ ᠠᠷᠢᠯᠭᠠᠬᠤ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠤᠯᠠᠨ ᠲᠦᠮᠡᠨ ᠤ ᠳᠡᠷᠭᠡᠳᠡ | ᠡᠭᠦᠰᠦᠭᠰᠡᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠶᠢᠳᠪᠦᠷᠢᠯᠡᠨ᠎ᠡ᠃ | ᠡᠷᠬᠢᠯᠡᠭᠴᠢ ᠨᠠᠷ᠂ ᠭᠡᠰᠢᠭᠦᠳ ᠡ︕ ᠡᠬᠢᠯᠡᠯᠲᠡ ᠨᠢ ᠪᠦᠬᠦ ᠲᠠᠯ᠎ᠠ ᠳᠤ ᠬᠤᠯᠪᠣᠭᠳᠠᠵᠤ᠂ ᠭᠠᠷᠤᠭ᠎ᠠ ᠨᠢ | ᠢᠯᠠᠯᠲᠠ ᠶᠢᠨ ᠬᠠᠨᠳᠤᠰᠢ ᠶᠢ ᠲᠣᠭᠲᠠᠭᠠᠳᠠᠭ᠃ ᠪᠢᠳᠡ ᠪᠦᠬᠦᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠵᠣ᠂ ᠦᠪᠡᠷᠳᠡᠭᠡᠨ ᠵᠠᠰᠠᠬᠤ ᠣᠷᠣᠨ | ᠤ ᠨᠠᠮ ᠤ ᠬᠤᠷᠢᠶ᠎ᠠ᠂ ᠵᠠᠰᠠᠭ ᠤᠨ ᠣᠷᠳᠣᠨ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠤᠷᠢᠳᠤᠬᠢ ᠬᠦᠮᠦᠰ ᠤᠨ ᠦᠢᠯᠡᠰ ᠢ ᠵᠠᠯᠭᠠᠮᠵᠢᠯᠠᠨ ᠢᠷᠡᠭᠡᠳᠦᠢ ᠶᠢᠨ ᠵᠠᠮ ᠢ ᠨᠡᠭᠡᠭᠡᠵᠦ᠂ ᠦᠷᠭᠦᠯᠵᠢᠯᠡᠨ ᠲᠡᠮᠡᠴᠡᠵᠦ | ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠴᠢᠷᠮᠠᠶᠢᠨ ᠪᠡᠶᠡᠯᠡᠭᠦᠯᠵᠦ᠂ | ᠰᠢᠯᠢ ᠶᠢᠨ ᠭᠤᠣᠯ ᠢᠶᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠶ᠎ᠡ︕ | | |