2021 ᠣᠨ ᠳᠤ ᠪᠥᠬᠦ ᠤᠯᠤᠰ ᠲᠠᠶᠠᠭᠠᠷ ᠣᠨᠴᠠᠭᠠᠶ ᠠᠵᠢᠯ ᠤᠨ ᠪᠠᠶᠢᠷᠢ ᠶᠢᠨ ᠪᠠᠭᠰᠢ 8.4 ᠲᠦᠮᠡ ᠭᠠᠷᠤᠶ ᠬᠦᠮᠦᠨ ᠡᠯᠰᠡᠬᠦ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2021/4/21
    ᠰᠢᠨᠬᠤᠸᠠ ᠬᠤᠷᠢᠶᠠᠨ ᠤ ᠮᠡᠳᠡᠭᠡ  ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠢᠨ᠎ᠡ ᠴᠠᠭ ᠦᠶ᠎ᠡ  ᠶᠢᠨ  ᠬᠥᠳᠡᠭᠡ  ᠲᠣᠰᠬᠤᠨ  ᠤ  ᠪᠠᠭᠰᠢ ᠶᠢᠨ ᠡᠩᠨᠡᠭᠡ ᠶᠢᠨ ᠪᠠᠶᠢᠭᠤᠯᠤᠯᠲᠠ  ᠶᠢ ᠴᠢᠩᠭᠠᠳᠬᠠᠵᠤ᠂ ᠶᠠᠳᠠᠭᠤ  ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ  ᠦᠷ᠎ᠡ ᠪᠦᠲᠦᠭᠡᠯ  ᠢ  ᠪᠠᠬᠢᠵᠢᠭᠦᠯᠦᠨ  ᠥᠷᠭᠡᠳᠬᠡᠵᠦ᠂  ᠬᠥᠳᠡᠭᠡ  ᠲᠣᠰᠬᠤᠨ ᠢ  ᠬᠥᠭᠵᠢᠭᠦᠯᠦᠨ  ᠮᠠᠨᠳᠤᠭᠤᠯᠬᠤ  ᠶᠢ  ᠪᠥᠬᠦ  ᠲᠠᠯ᠎ᠠ ᠪᠠᠷ‌ᠠᠬᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ  ᠤᠨ ᠶᠠᠮᠤᠨ᠂ ᠡᠳ᠋ ᠤᠨ ᠵᠠᠰᠠᠭ ᠤᠨ ᠶᠠᠮᠤᠨ ᠣᠶᠢᠷ᠎ᠠ ᠳᠤ ︽2021 ᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ  ᠱᠠᠲᠤᠨ ᠤ  ᠰᠤᠷᠭᠠᠭᠤᠯᠢ ᠶᠢᠨ  ᠪᠠᠭᠰᠢ ᠶᠢᠨ  ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ  ᠶᠢ  ᠬᠡᠷᠡᠭᠵᠢᠭᠦᠯᠬᠦ  ᠠᠵᠢᠯ ᠢ  ᠰᠠᠶᠢᠲᠤᠷ  ᠬᠢᠬᠦ  ᠲᠤᠬᠠᠶ  ᠮᠡᠳᠡᠭᠳᠡᠯ︾   ᠢ  ᠳᠠᠷᠤᠮᠠᠯᠯᠠᠨ ᠲᠠᠷᠬᠠᠭᠠᠵᠤ᠂ ᠪᠥᠬᠦ  ᠤᠯᠤᠰ  ᠲᠠᠶᠠᠭᠠᠷ  ᠣᠨᠴᠠᠭᠠᠶ  ᠠᠵᠢᠯ ᠤᠨ  ᠪᠠᠶᠢᠷᠢ ᠶᠢᠨ  ᠪᠠᠭᠰᠢ  84330  ᠬᠦᠮᠦᠨ  ᠡᠯᠰᠡᠬᠦ ᠪᠠᠷ ᠲᠥᠯᠥᠪᠯᠡᠵᠦ ᠪᠣᠶ᠃  ᠮᠡᠳᠡᠭᠳᠡᠯ ᠳᠤ᠂ 2021 ᠣᠨ ᠳᠤ ᠲᠥᠪ ᠤᠨ ︽ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ︾ ᠶᠢ ᠮᠥᠨ ᠬᠦ ᠳᠤᠮᠳᠠ ᠪᠠᠷᠠᠭᠤᠨ ᠣᠷᠣᠨ ᠤ ᠮᠤᠵᠢ ᠣᠷᠣᠨ ᠳᠤ  ᠬᠡᠷᠡᠭᠵᠢᠭᠦᠯᠵᠦ᠂  ︽ᠭᠤᠷᠪᠠᠨ  ᠣᠷᠣᠨ  ᠭᠤᠷᠪᠠᠨ  ᠵᠧᠦ︾᠂  ᠤᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠬᠢᠬᠦ  ᠫᠠᠶᠢᠰᠠ  ᠡᠯᠭᠦᠨ  ᠱᠠᠯᠠᠪᠳᠠᠭᠤᠯᠵᠤ  ᠪᠠᠶᠢᠭᠰᠠᠨ ᠭᠠᠵᠠᠷ ᠣᠷᠣᠨ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠵᠡᠷᠭᠡ  ᠭᠠᠵᠠᠷ  ᠣᠷᠣᠨ  ᠲᠡᠶᠢᠰᠢ  ᠭᠤᠣᠯᠳᠠᠯᠭ᠎ᠠ ᠲᠠᠢ ᠬᠡᠷᠡᠭᠵᠢᠬᠦᠯᠦᠨ᠎ᠡ︔  ᠭᠤᠤᠯᠳᠠᠭᠤ  ᠬᠥᠳᠡᠭᠡ  ᠲᠣᠰᠬᠤᠨ ᠤ  ᠰᠤᠷᠭᠠᠭᠤᠯᠢ ᠳᠤ  ᠣᠨᠴᠠᠭᠠᠶ  ᠠᠵᠢᠯ ᠤᠨ  ᠪᠠᠶᠢᠷᠢ ᠶᠢᠨ  ᠪᠠᠭᠰᠢ ᠨᠥᠬᠦᠪᠥᠷᠢᠯᠡᠵᠦ᠂ ᠦᠵᠡᠯ ᠰᠠᠨᠠᠭ᠎ᠠ ᠤᠯᠤᠰ ᠲᠥᠷᠥ᠂ ᠪᠡᠶ᠎ᠡ ᠶᠢᠨ ᠲᠠᠮᠢᠷ ᠳᠠᠭᠤᠤ ᠭᠤᠸ᠎ᠠ ᠰᠠᠶᠢᠬᠠᠨ ᠤ  ᠬᠦᠮᠦᠵᠢᠯ᠂  ᠭᠠᠳᠠᠭᠠᠳᠤ ᠬᠡᠯᠡ᠂ ᠮᠡᠳᠡᠭᠡ ᠵᠠᠩᠭᠢ  ᠶᠢᠨ ᠮᠡᠷᠭᠡᠵᠢᠯ ᠵᠡᠷᠭᠡ ᠬᠢᠴᠢᠶᠡᠯ  ᠲᠥᠷᠥᠯ  ᠤᠨ  ᠲᠠᠯ᠎ᠠ ᠪᠠᠷ  ᠳᠤᠲᠠᠭᠳᠠᠵᠤ  ᠪᠠᠶᠢᠭ᠎ᠠ  ᠪᠤᠶᠤ  ᠪᠠᠭᠤᠷᠠᠢ ᠬᠢᠴᠢᠶᠡᠯ ᠲᠦᠷᠦᠯ ᠤᠨ ᠪᠠᠭᠰᠢ ᠶᠢ ᠨᠥᠬᠦᠪᠥᠷᠢᠯᠡᠬᠦ ᠶᠢ ᠴᠢᠨᠠᠬᠰᠢᠳᠠ ᠴᠢᠩᠭᠠᠳᠬᠠᠨ᠎ᠠ ᠬᠡᠵᠦ ᠲᠤᠳᠤᠷᠬᠠᠶᠢᠯᠠᠪᠠ᠃ ᠮᠡᠳᠡᠭᠳᠡᠯ ᠳᠤ ᠂ ᠪᠤᠶᠢᠳᠠ ᠪᠦᠭᠯᠡᠭᠦᠦ ᠶᠠᠳᠠᠭᠤ ᠬᠦᠴᠢᠷᠳᠡᠯᠲᠡᠶ ᠭᠠᠵᠠᠷ ᠣᠷᠣᠨ ᠪᠠ ᠲᠤᠰᠬᠠᠶ ᠮᠡᠷᠭᠡᠵᠢᠯ ᠤᠨ  ᠣᠨᠴᠠᠭᠠᠶ‌ᠠᠵᠢᠯ ᠤᠨ ᠪᠠᠶᠢᠷᠢ ᠶᠢᠨ ᠪᠠᠭᠰᠢ ᠳᠤᠲᠠᠭᠳᠠᠵᠤ ᠪᠠᠶᠢᠭ᠎ᠠ ᠭᠠᠵᠠᠷ ᠤᠷᠤᠨ ᠪᠠᠭᠰᠢ  ᠡᠯᠰᠡᠬᠦ ᠳᠡᠭᠡᠨ᠂  ᠪᠣᠳᠠᠲᠤ  ᠪᠠᠶᠢᠳᠠᠯ  ᠲᠠᠢ  ᠪᠠᠨ ᠤᠶᠠᠯᠳᠤᠭᠤᠯᠤᠨ ᠰᠢᠯᠭᠠᠯᠲᠠ ᠬᠢᠬᠦ ᠬᠠᠷᠢᠴᠠᠯ ᠢ ᠵᠣᠬᠢᠬᠤ  ᠬᠡᠮᠵᠢᠶ᠎ᠡ ᠪᠠᠷ  ᠪᠠᠭᠤᠷᠠᠭᠤᠯᠬᠤ  ᠪᠤᠶᠤ  ᠰᠢᠯᠭᠠᠯᠲᠠ  ᠬᠢᠬᠦ  ᠬᠠᠷᠢᠴᠠᠯ ᠲᠣᠬᠢᠷᠠᠭᠤᠯᠬᠤ ᠥᠬᠡᠶ᠂ ᠨᠢᠭᠤᠷᠲᠠᠨ ᠰᠢᠯᠭᠠᠬᠤ ᠪᠠ ᠰᠢᠭᠤᠳ ᠬᠢᠨᠠᠨ ᠪᠠᠶᠢᠴᠠᠭᠠᠬᠤ ᠠᠷᠭ᠎ᠠ ᠮᠠᠶ᠋ᠢᠭ ᠢᠶᠠᠷ  ᠢᠯᠡ ᠪᠠᠷ  ᠡᠯᠰᠡᠵᠦ᠂ ᠬᠢᠷᠢ ᠪᠦᠲᠦᠮᠵᠢ ᠶᠢᠨ ᠬᠢᠷᠢ ᠲᠡᠩᠴᠡᠭᠦ ᠱᠤᠭᠤᠮ ᠢ ᠵᠠᠭᠠᠭᠯᠠᠨ ᠲᠣᠭᠲᠠᠭᠠᠵᠤ ᠪᠣᠯᠤᠨ᠎ᠠ᠃ ᠬᠢᠯᠢ ᠬᠢᠵᠠᠭᠠᠷ ᠤᠨ  ᠤᠨᠴᠠ  ᠬᠠᠳᠠᠭᠤ ᠪᠡᠷᠭᠡᠰᠢᠶᠡᠯᠳᠡᠢ᠂ ᠪᠠᠭᠰᠢ ᠶᠡᠬᠡᠪᠡᠷ ᠲᠤᠳᠠᠬᠳᠠᠵᠤ ᠪᠠᠶᠢᠭ᠎ᠠ ᠭᠠᠵᠠᠷ ᠣᠷᠣᠨ ᠨᠢ ᠲᠤᠰ  ᠭᠠᠵᠠᠷ ᠠᠴᠠ ᠪᠠᠨ  ᠭᠤᠤᠯᠴᠢᠯᠠᠨ  ᠪᠠᠭᠰᠢ ᠡᠯᠰᠡᠵᠦ ᠪᠣᠯᠤᠨ᠎ᠠ᠃ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢᠨ ᠬᠦᠯᠦᠰᠦ ᠣᠯᠭᠤᠮᠵᠢ ᠶᠢ ᠦᠨᠡᠨᠬᠦ ᠰᠠᠶᠢᠲᠤᠷ ᠪᠠᠳᠤᠯᠠᠵᠦ᠂ ᠣᠨᠴᠠᠭᠠᠢ ᠠᠵᠢᠯ  ᠤᠨ ᠪᠠᠶᠢᠷᠢ ᠶᠢᠨ ᠪᠠᠭᠰᠢ ᠶᠢᠨ ᠴᠠᠯᠢᠩ ᠢ ᠴᠠᠭ ᠲᠤᠬᠠᠶ ᠳᠤᠨᠢ ᠲᠤᠭ᠎ᠠ  ᠶᠣᠰᠣᠭᠠᠷ ᠬᠦᠢᠴᠡᠳ ᠦᠭᠭᠦ ᠶᠢ ᠦᠨᠡᠨᠬᠦ ᠪᠠᠲᠤᠯᠠᠨ᠂ ᠲᠣᠭᠲᠠᠭᠠᠯ ᠶᠣᠰᠣᠭᠠᠷ ᠨᠡᠶᠢᠭᠡᠮ  ᠤᠨ ᠳᠠᠭᠠᠳᠬᠠᠯ  ᠳᠤ ᠣᠷᠣᠭᠤᠯᠵᠤ᠂ ᠭᠤᠷᠪᠠᠨ ᠵᠢᠯ  ᠤᠨ  ᠦᠢᠯᠡᠴᠢᠯᠡᠭᠡᠨ ᠤ ᠬᠤᠭᠤᠴᠠᠭ᠎ᠠ ᠨᠢ ᠲᠤᠯᠪᠡᠯ᠂ ᠬᠢᠨᠠᠨ ᠰᠢᠯᠭᠠᠯᠳᠠ ᠳᠤ ᠬᠢᠷᠢ ᠲᠡᠩᠴᠡᠭᠰᠡᠨ ᠮᠥᠷᠲᠡᠭᠡᠨ ᠦᠯᠡᠳᠡᠭᠡᠨ ᠠᠵᠢᠯᠯᠠᠬᠤ ᠳᠤᠷᠠᠲᠠᠶ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢ ᠴᠠᠭ ᠲᠤᠬᠠᠶ ᠳᠤᠨᠢ ᠣᠷᠣᠨ ᠲᠤᠭ᠎ᠠ  ᠳᠤ ᠣᠷᠣᠭᠤᠯᠬᠤ  ᠶᠢᠨ ᠬᠠᠮᠲᠤ ᠠᠵᠢᠯ  ᠤᠨ ᠪᠠᠶᠢᠷᠢ ᠨᠠᠶᠢᠳᠠᠪᠤᠷᠢᠵᠢᠭᠤᠯᠵᠤ  ᠦᠭᠭᠦ ᠬᠡᠷᠡᠭᠳᠡᠢ ᠬᠡᠵᠦ ᠲᠤᠷᠠᠳᠴᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号