︽ᠠᠭᠤᠤ ᠨᠠᠮ ᠳᠠᠭᠠᠨ ᠪᠡᠯᠡᠭ ᠪᠠᠷᠢᠵᠦ᠂ ᠠᠷᠠᠳ ᠲᠦᠮᠡᠨ ᠳᠡᠭᠡᠨ ᠬᠠᠷᠢᠭᠤ ᠮᠡᠳᠡᠬᠦᠯᠦᠶ᠎ᠡ︾ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠪᠥᠬᠦ ᠤᠯᠤᠰ ᠤᠨ ᠬᠡᠪᠴᠢᠶᠡᠨ ᠳᠤ ᠲᠤᠭᠤᠷᠢᠨ ᠲᠤᠭᠯᠠᠵᠦ ᠪᠠᠶᠢᠨ᠎ᠠ
ᠨᠡᠶᠢᠲᠡᠯᠡᠭᠰᠡᠨ ᠴᠠᠭ᠄
2021/4/28
    ᠤᠯᠤᠰ ᠲᠠᠶᠠᠭᠠᠷ ᠨᠠᠮ ᠪᠠᠶᠢᠭᠤᠯᠤᠭᠳᠠᠭᠰᠠᠨ ᠤ ᠵᠠᠭᠤᠨ ᠵᠢᠯ ᠤᠨ ᠤᠢ ᠶᠢ ᠪᠠᠶᠠᠷᠯᠠᠨ ᠤᠭᠳᠤᠵᠦ ᠪᠠᠶᠢᠭ᠎ᠠ ᠮᠦᠴᠡ ᠳᠤ᠂ ᠤᠯᠠᠭᠠᠨᠮᠦ᠋ᠴᠢᠷ ᠤᠨ ᠠᠵᠢᠯ ᠦᠢᠯᠡᠰ ᠤᠨ ᠬᠦᠭᠵᠢᠯᠳᠡ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠨᠡᠶᠢᠬᠡᠮ ᠨᠡᠶᠢᠳᠡ ᠳᠤ ᠶᠡᠬᠡᠪᠡᠷ ᠪᠠᠳᠠᠷᠠᠭᠤᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠶᠢᠨ ᠲᠦᠯᠦᠭᠡ᠂ ᠪᠥᠬᠦ ᠤᠯᠤᠰ ᠤᠨ ᠤᠤᠭᠠᠨ ᠤᠯᠠᠭᠠᠨᠮᠦ᠋ᠴᠢᠷ ᠪᠤᠯᠬᠤ ᠦᠪᠤᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠢᠨ ᠲᠠᠯ᠎ᠠ ᠨᠤᠳᠤᠭ ᠤᠨ ᠠᠷᠠᠳ ᠲᠦᠮᠡᠨ ᠤ ᠪᠠᠨ ᠲᠤᠳᠤᠨᠤ ᠮᠡᠨᠳᠤᠴᠢᠯᠡᠭᠡ ᠶᠢ ᠠᠪᠴᠦ᠂ ᠪᠥᠬᠦ ᠤᠯᠤᠰ ᠤᠨ ᠲᠤᠭᠤᠷᠢᠨ ᠲᠤᠭᠯᠠᠯᠳᠠ ᠪᠠᠨ ᠡᠬᠢᠯᠡᠬᠦᠯᠦᠭᠰᠡᠨ ᠪᠠᠶᠢᠨ᠎ᠠ᠃ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠡᠨᠡ ᠤᠳᠠᠭ᠎ᠠ ᠪᠥᠬᠦ ᠤᠯᠤᠰ ᠤᠨ 13 ᠮᠤᠵᠢ᠂ ᠦᠪᠡᠷᠳᠡᠭᠡᠨ ᠵᠠᠰᠠᠬᠤ ᠤᠷᠤᠨ ᠳᠤ ᠬᠦᠷᠴᠦ 22 ᠤᠳᠠᠭᠠᠨ ᠤ ᠲᠤᠭᠯᠠᠯᠳᠠ ᠭᠠᠷᠭᠠᠬᠤ ᠪᠤᠯᠤᠨ᠎ᠠ᠂ ᠲᠡᠳᠡ ᠤᠴᠢᠭᠰᠠᠨ ᠭᠠᠵᠠᠷ ᠤᠷᠤᠨ ᠤ ᠪᠠᠨ ᠦᠵᠡᠭᠴᠢᠳ ᠤᠯᠠᠨ ᠳᠤ ᠠᠶ᠎ᠠ ᠲᠠᠭᠤᠤ ᠪᠠᠨ ᠡᠷᠭᠦᠵᠦ᠂ ᠠᠭᠤᠤ ᠨᠠᠮ ᠢᠶᠠᠨ ᠮᠠᠬᠳᠠᠵᠦ᠂ ᠲᠤᠮᠳᠠᠳᠤ ᠶᠢᠨ ᠦᠨᠳᠦᠰᠦᠳᠡᠨ ᠤ ᠰᠡᠷᠬᠦᠨ ᠮᠡᠨᠳᠤᠯᠳᠠ ᠶᠢ ᠬᠠᠷᠠᠭᠤᠯᠤᠭᠰᠠᠨ ᠲᠤᠮᠳᠠᠳᠤ ᠤᠯᠤᠰ ᠤᠨ ᠬᠦᠰᠡᠯ ᠢ ᠤᠶᠠᠩᠭᠠᠯᠠᠵᠦ ᠪᠠᠶᠢᠨ᠎ᠠ᠃     ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠢᠨ ᠲᠤᠰ ᠤᠳᠠᠭᠠᠨ ᠤ ᠲᠤᠭᠤᠷᠢᠨ ᠲᠤᠭᠯᠠᠯᠳᠠ ᠳᠤ ᠵᠤᠷᠢᠭᠤᠯᠵᠦ ︽ᠠᠭᠤᠤ ᠨᠠᠮ ᠳᠠᠭᠠᠨ ᠪᠡᠯᠡᠭ ᠪᠠᠷᠢᠵᠦ᠂ ᠠᠷᠠᠳ ᠲᠦᠮᠡᠨ ᠳᠡᠭᠡᠨ ᠬᠠᠷᠢᠭᠤ ᠮᠡᠳᠡᠬᠦᠯᠦᠶ᠎ᠡ︾ ᠭᠡᠰᠡᠨ ᠭᠤᠤᠯ ᠰᠡᠳᠤᠪᠳᠤ ᠤᠷᠠᠨ ᠰᠠᠶᠢᠬᠠᠨ ᠤ ᠲᠤᠭᠯᠠᠯᠳᠠ ᠪᠡᠯᠡᠳᠭᠡᠵᠦ᠂ ᠤᠯᠠᠭᠠᠨᠮᠦ᠋ᠴᠢᠷ ᠤᠨ ᠦᠢᠯᠡᠰ ᠤᠨ ᠬᠦᠭᠵᠢᠯᠳᠡ ᠶᠢᠨ ᠦᠷ᠎ᠡ ᠪᠦᠳᠦᠭᠡᠯ ᠢ ᠪᠥᠬᠦ ᠲᠠᠯ᠎ᠠ ᠪᠠᠷ ᠬᠠᠷᠠᠭᠤᠯᠵᠦ᠂ ᠲᠠᠯ᠎ᠠ ᠨᠤᠳᠤᠭ ᠤᠨ ᠤᠨᠴᠠᠯᠢᠭᠳᠤ ᠰᠤᠶᠤᠯ ᠢᠶᠠᠨ ᠤᠯᠠᠮᠵᠢᠯᠠᠨ ᠬᠦᠭᠵᠢᠬᠦᠯᠬᠦ ᠶᠢ ᠨᠡᠩ ᠰᠠᠶᠢᠨ ᠠᠬᠢᠭᠤᠯᠵᠦ᠂ ᠤᠴᠢᠭᠰᠠᠨ ᠭᠠᠵᠠᠷ ᠤᠨ ᠢᠶᠠᠨ ᠤᠯᠠᠨ ᠲᠦᠮᠡᠨ ᠳᠤ ᠤᠯᠠᠭᠠᠨᠮᠦ᠋ᠴᠢᠷ ᠤᠨ ᠤᠨᠴᠠᠯᠢᠭ ᠲᠠᠢ ᠦᠨᠳᠦᠰᠦᠳᠡᠨ ᠤ ᠲᠠᠭᠤᠤ ᠪᠦᠵᠢᠭ ᠳᠠᠭᠤᠣ ᠣᠷᠠᠯᠢᠭ ᠪᠠ ︽ᠨᠢᠭᠡ ᠳᠤ ᠮᠡᠷᠭᠡᠰᠢᠵᠦ ᠤᠯᠠᠨ ᠳᠤ ᠴᠠᠭᠠᠷᠠᠭᠰᠠᠨ︾ ᠤᠨᠴᠠᠯᠢᠭᠳᠤ ᠰᠠᠶᠢᠬᠠᠨ ᠲᠤᠭᠯᠠᠯᠳᠠ ᠪᠠᠨ ᠰᠤᠨᠢᠷᠬᠠᠭᠤᠯᠵᠦ᠂ ᠰᠢᠨ᠎ᠡ ᠴᠠᠭ ᠦᠶ᠎ᠡ ᠶᠢᠨ ᠤᠯᠠᠭᠠᠨᠮᠦ᠋ᠴᠢᠷ ᠤᠨ ᠲᠦᠷᠢ ᠲᠦᠷᠬᠦ ᠶᠢ ᠬᠠᠷᠠᠭᠤᠯᠵᠦ ᠪᠠᠶᠢᠨ᠎ᠠ᠃
 
ᠢᠷᠡᠯᠲᠡ᠄ ᠲᠦᠪ ᠲᠧᠯᠸᠢᠰ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号